ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠤᠯᠠᠭ᠋ᠠᠨᠬᠠᠳᠠ ᠬᠣᠲᠠ ᠵᠢᠨ ᠤᠯᠤᠰ᠎ᠤᠨ ᠭᠠᠵᠠᠷ᠎ᠤᠨ ᠭᠠᠳᠠᠷᠭᠤ ᠵᠢᠨ ᠬᠢᠨᠠᠨ ᠰᠢᠯᠭ᠋ᠠᠯᠳᠠ ᠵᠢᠨ ᠣᠭᠲᠣᠯᠤᠭ᠋ᠠᠰᠤ ᠵᠢᠨ ᠤᠰᠤᠨ᠎ᠤ ᠴᠢᠨᠠᠷ ᠮᠠᠭᠤᠳᠠᠭᠰᠠᠨ ᠵᠡᠷᠭᠡ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠤᠬᠠᠶ ᠵᠢᠨ ᠲᠠᠯᠠᠪᠤᠷ᠎ᠲᠤᠨᠢ ᠱᠠᠯᠠᠪᠳᠠᠭᠤᠯᠤᠨ ᠵᠢᠯᠣᠭᠣᠳᠪᠡ
ᠨᠡᠶ᠋ᠢᠲᠡᠯᠡᠭᠰᠡᠨ ᠴᠠᠭ᠄ 2021-01-22

      2020 ᠣᠨ᠎ᠤ 10 ᠰᠠᠷ᠎ᠠ ᠵᠢᠨ 15᠎ᠤ ᠡᠳᠦᠷ᠎ᠠᠴᠠ 16᠎ᠤ ᠡᠳᠦᠷ ᠪᠣᠯᠲᠠᠯ᠎ᠠ᠂ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠸᠩ ᠪᠦᠯᠬᠦᠮ ᠳᠠᠭ᠋ᠠᠭᠤᠯᠤᠨ ᠤᠯᠠᠭ᠋ᠠᠨᠬᠠᠳᠠ ᠬᠣᠲᠠ᠎ᠳᠤ ᠬᠦᠷᠴᠦ ᠤᠯᠤᠰ᠎ᠤᠨ ᠭᠠᠵᠠᠷ᠎ᠤᠨ ᠭᠠᠳᠠᠷᠭᠤ ᠵᠢᠨ ᠬᠢᠨᠠᠨ ᠰᠢᠯᠭ᠋ᠠᠯᠳᠠ ᠵᠢᠨ ᠳ᠋ᠦᠩ ᠱᠠᠨ ᠸᠠᠨ ᠶᠡᠬᠡ ᠬᠥᠭᠥᠷᠭᠡ ᠵᠢᠨ ᠣᠭᠲᠣᠯᠤᠭ᠋ᠠᠰᠤ᠂ ᠯᠣᠣ ᠬᠤ᠌ ᠱᠠᠨ ᠾᠧ ᠭᠣᠤᠯ᠎ᠤᠨ ᠶᠡᠬᠡ ᠬᠥᠭᠥᠷᠭᠡ ᠵᠢᠨ ᠣᠭᠲᠣᠯᠤᠭ᠋ᠠᠰᠤ ᠵᠢᠨ ᠤᠰᠤᠨ᠎ᠤ ᠴᠢᠨᠠᠷ ᠮᠠᠭᠤᠳᠠᠭᠰᠠᠨ ᠵᠡᠷᠭᠡ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠤᠬᠠᠶ ᠵᠢᠨ ᠲᠠᠯᠠᠪᠤᠷ᠎ᠲᠤᠨᠢ ᠱᠠᠯᠠᠪᠳᠠᠭᠤᠯᠤᠨ ᠵᠢᠯᠣᠭᠣᠳᠪᠠ᠃ ᠱᠠᠯᠠᠪᠳᠠᠭᠤᠯᠤᠨ ᠵᠢᠯᠣᠭᠣᠳᠬᠤ ᠳᠤᠭᠤᠶ᠋ᠢᠯᠠᠩ᠎ᠤᠨ᠎ᠬᠢᠨ ᠶᠤᠸᠠᠨ ᠪᠦᠦ ᠱᠠᠨ ᠲᠣᠭᠣᠷᠢᠭ᠎ᠤᠨ ᠪᠠᠷᠠᠭᠤᠨ ᠵᠠᠳᠠᠭ᠋ᠠᠶ ᠰᠤᠪᠠᠭ (西露天渠)᠂ ᠪᠠᠷᠠᠭᠤᠨ ᠬᠠᠭᠤᠷᠠᠶ ᠭᠣᠤᠯ (西旱河) 2 ᠭᠠᠵᠠᠷ᠎ᠤᠨ ᠪᠤᠵᠠᠷ ᠦᠮᠡᠬᠡᠶ ᠤᠰᠤᠨ᠎ᠤ ᠴᠣᠭᠴᠠ ᠵᠢ ᠴᠡᠭᠴᠡᠯᠡᠨ ᠵᠠᠰᠠᠭᠰᠠᠨ ᠪᠠᠶ᠋ᠢᠳᠠᠯ᠂ ᠵᠦᠩ ᠰᠧ ᠴᠠᠢ᠌ᠢ᠍ᠷ᠎ᠤᠨ ᠦᠢᠯᠡᠰ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ ᠵᠢᠨ ᠲᠣᠤᠷ᠎ᠲᠤ ᠣᠷᠣᠭᠤᠯᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠠᠮᠠ ᠵᠢ ᠴᠡᠭᠴᠡᠯᠡᠨ ᠵᠠᠰᠠᠭᠰᠠᠨ ᠪᠠᠶ᠋ᠢᠳᠠᠯ᠂ ᠬᠣᠲᠠ ᠵᠢᠨ ᠶᠠᠪᠤᠳᠠᠯ᠎ᠤᠨ ᠬᠣᠭᠣᠯᠠᠶ ᠵᠢᠨ ᠪᠢᠯᠬᠠᠨ ᠤᠷᠤᠰᠬᠤ ᠠᠮᠠᠰᠠᠷ᠎ᠤᠨ   ᠲᠤᠭᠤᠯᠭ᠎ᠠ᠎ᠪᠠᠷ ᠪᠢᠲᠡᠭᠦᠮᠵᠢᠯᠡᠭᠰᠡᠨ ᠵᠡᠷᠭᠡ ᠪᠠᠶ᠋ᠢᠳᠠᠯ᠎ᠢ ᠲᠤᠬᠠᠶ ᠵᠢᠨ ᠭᠠᠵᠠᠷ᠎ᠲᠤᠨᠢ ᠬᠦᠷᠴᠦ ᠪᠠᠶ᠋ᠢᠴᠠᠭ᠋ᠠᠨ ᠦᠵᠡᠪᠡ᠃ ᠲᠤᠬᠠᠶ ᠵᠢᠨ ᠲᠠᠯᠠᠪᠠᠶ᠎ᠳᠤ ᠪᠠᠶ᠋ᠢᠴᠠᠭ᠋ᠠᠯᠲᠠ ᠬᠢᠭᠰᠡᠨ᠎ᠤ ᠳᠠᠷᠠᠭ᠎ᠠ᠂ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ   ᠹᠸᠩ ᠬᠤᠷᠠᠯ ᠡᠷᠭᠢᠯᠡᠨ ᠬᠤᠷᠠᠯᠳᠤᠭᠤᠯᠵᠤ᠂ ᠤᠯᠠᠭ᠋ᠠᠨᠬᠠᠳᠠ ᠬᠤᠳᠠ ᠵᠢᠨ ᠬᠠᠮᠢᠶ᠎ᠠ ᠪᠦᠬᠦᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠠᠬᠢᠴᠠ ᠵᠢᠨ ᠪᠠᠶ᠋ᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠣᠨᠣᠰᠴᠤ᠂ ᠤᠯᠠᠭ᠋ᠠᠨᠬᠠᠳᠠ ᠬᠤᠳᠠ ᠵᠢᠨ ᠬᠡᠰᠡᠭ ᠤᠯᠤᠰ᠎ᠤᠨ ᠭᠠᠵᠠᠷ᠎ᠤᠨ ᠭᠠᠳᠠᠷᠭᠤ ᠵᠢᠨ ᠬᠢᠨᠠᠨ ᠰᠢᠯᠭ᠋ᠠᠯᠳᠠ ᠵᠢᠨ ᠣᠭᠲᠣᠯᠤᠭ᠋ᠠᠰᠤ ᠵᠢᠨ ᠤᠰᠤᠨ᠎ᠤ ᠴᠢᠨᠠᠷ ᠮᠠᠭᠤᠳᠠᠭᠰᠠᠨ᠂ ᠬᠤᠳᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠢᠨ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠵᠢᠴᠢ ᠮᠠᠰᠢᠨ ᠲᠡᠷᠭᠡᠨ᠎ᠤ ᠪᠣᠬᠢᠷᠲᠤᠯ᠎ᠢ ᠵᠠᠰᠠᠬᠤ᠂ ᠵᠣᠬᠢᠶᠠᠨ ᠪᠠᠶ᠋ᠢᠭᠤᠯᠤᠯᠲᠠ ᠦᠭᠡᠢ᠎ᠪᠠᠷ ᠭᠠᠳᠠᠭᠰᠢᠯᠠᠭᠤᠯᠬᠤ ᠵᠢ ᠵᠠᠰᠠᠬᠤ᠂ ᠡᠰᠢ ᠰᠦᠷᠡᠯ᠎ᠤᠨ ᠰᠢᠲᠠᠭ᠋ᠠᠯᠭ᠎ᠠ ᠵᠢ ᠵᠠᠰᠠᠬᠤ ᠵᠡᠷᠭᠡ ᠲᠠᠯ᠎ᠠ᠎ᠪᠠᠷ ᠣᠷᠣᠰᠢᠵᠤ ᠪᠠᠶ᠋ᠢᠭ᠎ᠠ ᠠᠰᠠᠭᠤᠳᠠᠯ᠎ᠢ ᠵᠠᠷᠯᠠᠨ ᠮᠡᠳᠡᠭᠳᠡᠬᠦ ᠵᠢᠨ ᠬᠠᠮᠲᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠤᠭᠤᠮᠳᠠ ᠰᠢᠪᠳᠤᠯᠬᠤ ᠳᠠᠢ᠌ᠯᠠᠯᠳᠤᠭ᠋ᠠᠨ᠎ᠤ ᠢᠯᠠᠯᠲᠠ ᠵᠢ ᠣᠯᠬᠤ ᠲᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠠᠢ᠃ ᠲᠢᠩᠬᠢᠮ᠎ᠤᠨ ᠳᠡᠳ᠋ ᠳᠠᠷᠤᠭ᠎ᠠ ᠳ᠋ᠦ᠋ ᠵᠢᠶᠦ᠋ᠨ ᠹᠸᠩ᠂ ᠡᠨᠡ ᠵᠢᠯ ᠪᠣᠯ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠡᠶᠡᠯᠡᠭᠦᠯᠬᠦ ᠪᠠ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠤᠯᠤᠨ᠎ᠠ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠤᠭᠤᠮᠳᠠ ᠰᠢᠪᠳᠤᠯᠬᠤ ᠳᠠᠢ᠌ᠢ᠍ᠯᠠᠯᠳᠤᠭ᠋ᠠᠨ ᠪᠣᠯ ᠴᠢᠨᠡᠭᠡᠯᠢᠭ ᠨᠡᠶ᠋ᠢᠭᠡᠮ᠎ᠢ ᠪᠥᠬᠥ ᠲᠠᠯ᠎ᠠ᠎ᠪᠠᠷ ᠪᠡᠶᠡᠯᠡᠭᠦᠯᠬᠦ᠎ᠲᠠᠢ ᠬᠣᠯᠪᠣᠭᠳᠠᠵᠤ᠂ ᠬᠥᠭᠵᠢᠯᠲᠡ ᠵᠢᠨ ᠪᠥᠬᠥ ᠲᠠᠯ᠎ᠠ᠎ᠲᠠᠢ ᠬᠣᠯᠪᠣᠭᠳᠠᠵᠤ᠂ ᠣᠳᠣᠬᠠᠨ᠎ᠳᠤ ᠵᠢᠯ᠎ᠤᠨ ᠡᠴᠦᠰ ᠪᠣᠯᠲᠠᠯ᠎ᠠ ᠨᠢᠭᠡᠨᠲᠡ 3 ᠰᠠᠷ᠎ᠠ ᠵᠢᠨ ᠴᠠᠭ ᠦᠭᠡᠢ ᠪᠣᠯᠬᠣᠷ ᠴᠠᠭ ᠪᠠᠴᠢᠮ᠂ ᠡᠭᠦᠷᠭᠡ ᠬᠦᠨᠳᠦ᠂ ᠬᠠᠷᠢᠭᠤᠴᠠᠯᠭ᠎ᠠ ᠶᠡᠬᠡ ᠪᠠᠶ᠋ᠢᠨ᠎ᠠ ᠭᠡᠵᠡᠢ᠃ ᠤᠯᠠᠭ᠋ᠠᠨᠬᠠᠳᠠ ᠬᠤᠳᠠ ᠵᠢᠨ ᠡᠯ᠎ᠡ ᠱᠠᠲᠤᠨ᠎ᠤ ᠤᠳᠤᠷᠢᠳᠤᠯᠭ᠎ᠠ ᠨᠠᠷ ᠡᠮᠦᠨ᠎ᠡ ᠹᠷᠣᠨᠲ᠎ᠲᠤ ᠵᠢᠯᠤᠭᠤᠳᠤᠯᠭ᠎ᠠ ᠬᠢᠵᠦ᠂ ᠪᠤᠭᠤᠮᠳᠠ ᠰᠢᠪᠳᠤᠯᠬᠤ ᠳᠠᠢ᠌ᠢ᠍ᠯᠠᠯᠳᠤᠭ᠋ᠠᠨ ᠳᠤᠮᠳᠠᠬᠢ ᠭᠣᠣᠯᠳᠠᠯᠭ᠎ᠠ᠎ᠲᠠᠢ ᠠᠰᠠᠭᠤᠳᠠᠯ᠂ ᠬᠦᠴᠢᠷ ᠠᠰᠠᠭᠤᠳᠠᠯ᠎ᠤᠨ ᠲᠣᠭᠣᠷᠢᠨ᠎ᠳᠤ ᠬᠦᠴᠦᠨ ᠵᠶ᠋ᠠᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠣᠷᠣᠨ ᠪᠦᠰᠡ ᠵᠢᠨ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠪᠦᠲᠦᠮᠵᠢᠲᠡᠢ ᠰᠠᠶ᠋ᠢᠵᠢᠷᠠᠭᠤᠯᠬᠤ ᠵᠢ ᠪᠠᠲᠤᠯᠠᠬᠤ ᠬᠡᠷᠡᠭᠲᠡᠢ᠃ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠠᠯ᠎ᠠ᠎ᠪᠠᠷ᠂ ᠣᠭᠲᠣᠯᠤᠭ᠋ᠠᠰᠤ ᠵᠢ ᠪᠠᠷᠢᠮᠵᠢᠶ᠎ᠠ᠎ᠳᠤ ᠬᠦᠷᠭᠡᠨ ᠨᠠᠷᠢᠯᠢᠬ᠍ᠵᠢᠭᠤᠯᠬᠤ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠬᠤᠩᠱ᠌ᠠᠨ ᠠᠵᠤ ᠠᠬᠤᠢ ᠵᠢᠨ ᠨᠡᠭᠡᠭᠡᠯᠳᠠ ᠵᠢᠨ ᠤᠷᠦᠠ᠎ᠤ ᠹᠯᠣᠷ ᠠᠭᠤᠯᠤᠭᠰᠠᠨ ᠬᠠᠶᠠᠭᠳᠠᠮᠠᠯ ᠤᠰᠤ᠂ ᠭᠣᠣᠯ ᠪᠣᠯᠬᠤ ᠬᠤᠳᠠ ᠲᠣᠭᠣᠷᠢᠭ᠎ᠤᠨ ᠪᠣᠬᠢᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠪᠣᠬᠢᠷ ᠤᠰᠤ ᠵᠢ ᠭᠠᠳᠠᠭᠰᠢᠯᠠᠭᠤᠯᠬᠤ ᠵᠢ ᠴᠢᠩᠭ᠎ᠠ ᠬᠠᠮᠢᠶᠠᠷᠤᠨ ᠡᠵᠡᠮᠳᠡᠵᠦ᠂ ᠳᠠᠯᠳᠠᠭᠤᠷ ᠭᠠᠳᠠᠭᠰᠢᠯᠠᠭᠤᠯᠬᠤ ᠬᠡᠮᠵᠢᠶ᠎ᠡ᠎ᠠᠴᠠ ᠬᠡᠲᠦᠷᠡᠲᠡᠯ᠎ᠡ ᠭᠠᠳᠠᠭᠰᠢᠯᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠪᠠᠷᠠᠭᠤᠨ ᠵᠠᠳᠠᠭ᠋ᠠᠶ ᠰᠤᠪᠠᠭ᠂ ᠪᠠᠷᠠᠭᠤᠨ ᠬᠠᠭᠤᠷᠠᠶ ᠭᠣᠤᠯ᠎ᠤᠨ ᠪᠤᠵᠠᠷ ᠦᠮᠡᠬᠡᠶ ᠤᠰᠤᠨ ᠴᠣᠭᠴᠠ ᠵᠢ ᠵᠠᠰᠠᠭᠰᠠᠨ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠪᠡᠬᠢᠵᠢᠭᠦᠯᠵᠦ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ᠂ ᠨᠢᠭᠡᠨᠲᠡ ᠵᠠᠰᠠᠭᠰᠠᠨ ᠪᠤᠵᠠᠷ ᠦᠮᠡᠬᠡᠶ ᠤᠰᠤᠨ ᠴᠣᠭᠴᠠ ᠵᠢ ᠣᠷᠳᠣ ᠬᠤᠭᠤᠴᠠᠭ᠎ᠠ᠎ᠪᠠᠷ ᠴᠡᠪᠡᠷᠰᠢᠭᠦᠯᠬᠦ ᠵᠢ ᠦᠨᠡᠨ ᠬᠦ᠌ ᠪᠠᠲᠤᠯᠠᠬᠣ ᠬᠡᠷᠡᠭᠳᠠᠢ᠃ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠠᠯ᠎ᠠ᠎ᠪᠠᠷ᠂ ᠪᠦᠬᠦ ᠬᠤᠳᠠ ᠵᠢᠨ ᠪᠤᠢ ᠪᠦᠬᠦᠢ ᠮᠠᠰᠢᠨ ᠲᠡᠷᠭᠡᠨ᠎ᠤ ᠤᠳᠤᠭ᠎ᠠ ᠵᠢ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠴᠠᠭ᠋ᠠᠯᠲᠠ ᠵᠢ ᠥᠷᠨᠢᠭᠦᠯᠵᠦ᠂ ᠪᠠᠶ᠋ᠢᠴᠠᠭ᠋ᠠᠨ ᠬᠡᠮᠵᠢᠬᠦ᠎ᠳᠤ ᠬᠠᠭᠤᠷᠮᠠᠭ ᠦᠢ᠍ᠯᠡᠳᠦᠭᠰᠡᠨ ᠪᠠᠶ᠋ᠢᠴᠠᠭ᠋ᠠᠨ ᠬᠡᠮᠵᠢᠬᠦ ᠪᠠᠶ᠋ᠢᠭᠤᠯᠤᠮᠵᠢ ᠵᠢ ᠰᠢᠳᠬᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠡᠰᠢ ᠰᠦᠷᠡᠯ᠎ᠢ ᠰᠢᠲᠠᠭ᠋ᠠᠬᠤ ᠵᠢ ᠴᠠᠭ᠋ᠠᠵᠠᠯᠠᠬᠤ ᠲᠣᠭᠣᠷᠢᠨ ᠪᠠᠶ᠋ᠢᠴᠠᠭ᠋ᠠᠬᠤ ᠠᠵᠢᠯ᠎ᠢ ᠶᠡᠬᠡ᠎ᠪᠠᠷ ᠥᠷᠨᠢᠭᠦᠯᠵᠦ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ ᠵᠢ ᠴᠢᠩᠭ᠎ᠠ ᠨᠠᠢ᠌ᠢ᠍ᠳᠠᠪᠤᠷᠢᠵᠢᠭᠤᠯᠤᠨ ᠶᠡᠬᠡ ᠬᠡᠪᠴᠢᠶ᠎ᠡ᠎ᠪᠠᠷ ᠡᠰᠢ ᠰᠦᠷᠡᠯ᠎ᠢ ᠵᠠᠳᠠᠭ᠋ᠠᠢ ᠰᠢᠲᠠᠭ᠋ᠠᠬᠤ ᠦᠵᠡᠭᠳᠡᠯ ᠭᠠᠷᠬᠤ᠎ᠠᠴᠠ ᠵᠠᠶ᠋ᠢᠯᠠᠰᠬᠢᠬᠦ ᠬᠡᠷᠡᠭᠳᠠᠢ ᠭᠡᠵᠤ ᠴᠢᠬᠤᠯᠠᠴᠢᠯᠠᠭᠰᠠᠨ ᠪᠠᠢ᠌ᠨ᠎ᠠ᠃

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠵᠡᠭᠦᠨ ᠬᠡᠰᠡᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠲᠥᠪ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠣᠷᠣᠯᠴᠠᠨ ᠱᠠᠯᠠᠪᠳᠠᠭᠤᠯᠤᠨ ᠵᠢᠯᠣᠭᠣᠳᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠦᠪᠤᠷ ᠮᠤᠨᠭ᠌ᠭᠤᠯ᠎ᠤᠨ ᠦᠪᠡᠷᠳᠡᠬᠡᠨ ᠵᠠᠰᠠᠬᠤ ᠤᠷᠤᠨ᠎ᠤ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢᠳᠪᠦᠷᠢᠯᠡᠬᠦ ᠲᠥᠬᠥᠭᠡᠷᠦᠮᠵᠢ ᠵᠢᠨ ᠤᠰᠤᠨ᠎ᠤ ᠪᠣᠬᠢᠷᠲᠤᠯ ᠡᠳ᠋᠎ᠢ ᠭᠠᠳᠠᠭᠰᠢᠯᠠᠭᠤᠯᠬᠤ ᠪᠠᠷᠢᠮᠵᠢᠶ᠎ᠠ》 ᠵᠢ ᠨᠡᠶ᠋ᠢᠲᠡᠯᠡᠨ ᠬᠡᠷᠡᠭᠵᠢᠭᠦᠯᠪᠡ
ᠣᠷᠳᠣᠰ ᠬᠣᠲᠠ ᠪᠥᠬᠥ ᠬᠣᠲᠠ ᠵᠢᠨ ᠭᠣᠤᠯ ᠤᠷᠤᠭᠤ ᠭᠠᠳᠠᠭᠰᠢᠯᠠᠭᠤᠯᠬᠤ ᠠᠮᠠᠰᠠᠷ᠎ᠢ ᠲᠤᠬᠠᠶ ᠵᠢᠨ ᠭᠠᠵᠠᠷ᠎ᠲᠤᠨᠢ ᠵᠢᠭᠰᠠᠭ᠋ᠠᠨ ᠪᠠᠢ᠌ᠴᠠᠭ᠋ᠠᠬᠤ ᠠᠵᠢᠯ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠠᠵᠢᠯ ᠰᠠᠢ᠌ᠨ ᠡᠬᠢᠯᠡᠯᠲᠡ᠎ᠲᠠᠢ ᠪᠣᠯᠪᠠ
ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠤᠨ ᠪᠣᠬᠢᠷᠲᠤᠯ᠎ᠳᠤ ᠨᠦᠬᠦᠪᠦᠷᠢ ᠦᠭᠬᠦ ᠠᠷᠭ᠎ᠠ ᠵᠢ ᠬᠡᠷᠡᠭᠵᠢᠭᠦᠯᠦᠭᠰᠡᠨ᠎ᠠᠴᠠ ᠮᠠᠨ᠎ᠤ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠡᠭᠡᠭᠰᠢᠯᠡᠯᠳᠡ᠎ᠳᠤ ᠬᠠᠪᠰᠤᠷᠤᠮᠵᠢ ᠪᠤᠯᠵᠤ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ 《ᠦᠵᠡᠰᠬᠦᠯᠡᠩᠲᠦ ᠰᠠᠶ᠋ᠢᠬᠠᠨ ᠨᠠᠭᠤᠷ ᠭᠣᠤᠯ》᠎ᠤᠨ ᠬᠡᠷᠡᠭ᠎ᠤᠨ ᠰᠢᠯᠢᠳᠡᠭ ᠵᠢᠱ᠌ᠢᠶ᠎ᠡ ᠵᠢ ᠭᠤᠶᠤᠴᠢᠯᠠᠨ ᠮᠡᠳᠡᠭᠦᠯᠬᠦ ᠠᠵᠢᠯ᠎ᠢ ᠦᠷᠨᠢᠭᠦᠯᠵᠦ ᠪᠠᠢ᠌ᠨ᠎ᠠ
 
             蒙ICP备05000248号