ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠠᠵᠢᠯ ᠰᠠᠢ᠌ᠨ ᠡᠬᠢᠯᠡᠯᠲᠡ᠎ᠲᠠᠢ ᠪᠣᠯᠪᠠ
ᠨᠡᠶ᠋ᠢᠲᠡᠯᠡᠭᠰᠡᠨ ᠴᠠᠭ᠄ 2021-02-26

     2019 ᠣᠨ᠎ᠳᠤ ᠭᠠᠵᠠᠷ ᠳᠣᠤᠷᠠᠬᠢ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠴᠢᠳᠠᠪᠬᠢ ᠵᠢ ᠠᠮᠢ ᠠᠬᠤᠶ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠲᠤ ᠰᠢᠯᠵᠢᠬᠦᠯᠦᠨ   ᠤᠷᠤᠭᠤᠯᠵᠠᠢ  ᠂ ᠡᠨᠡ ᠬᠦ᠌ ᠴᠣ᠋ ᠰᠢᠨ᠎ᠡ ᠬᠦᠷᠢᠶᠡᠨ᠎ᠳᠤ ᠲᠦᠷᠭᠡᠨ ᠬᠥᠭᠵᠢᠯᠲᠡ ᠣᠯᠵᠤ᠂ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠥᠷᠲᠡᠭᠡ᠎ᠨᠢ ᠢᠳᠡᠪᠬᠢᠲᠡᠶ ᠬᠥᠳᠡᠯᠦᠯᠴᠡᠵᠦ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ ᠥᠷᠲᠡᠭᠡ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠵᠢᠯᠣᠭᠣᠳᠣᠯᠭ᠎ᠠ ᠳᠣᠤᠷ᠎ᠠ᠂ ᠣᠯᠠᠨ ᠤᠳᠠᠭ᠎ᠠ ᠪᠠᠢ᠌ᠭ᠋ᠠᠯᠢ ᠵᠢᠨ ᠡᠬᠢ ᠪᠠᠶᠠᠯᠢᠭ ᠪᠠ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ᠎ᠲᠠᠢ   ᠬᠠᠷᠢᠯᠴᠠᠨ᠂ ᠲᠡᠦᠬᠡ ᠵᠢᠨ ᠮᠠᠲ᠋ᠧᠷᠢᠶᠠᠯ᠎ᠢ ᠣᠯᠵᠤ᠂ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠡᠯ᠎ᠡ ᠵᠦᠢᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠥᠷᠨᠢᠭᠦᠯᠪᠡ᠃
      ᠨᠢᠭᠡ᠎ᠳᠤ᠂《ᠬᠣᠶᠠᠷ ᠰᠤᠷᠪᠤᠯᠵᠢ》 ᠵᠢᠨ ᠲᠤᠷᠰᠢᠯᠲᠠ ᠵᠢᠨ ᠴᠡᠭ᠎ᠤᠨ ᠬᠢᠨᠠᠨ ᠬᠡᠮᠵᠢᠯᠲᠡ ᠵᠢ ᠯᠠᠪᠳᠠᠭᠤᠨ ᠪᠠᠲᠤᠲᠠᠶ ᠠᠬᠢᠭᠤᠯᠪᠠ᠃
     2020 ᠣᠨ᠎ᠤ 5 ᠳ᠋ᠤᠭ᠋ᠠᠷ ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2020 ᠣᠨ᠎ᠤ   ᠪᠣᠬᠢᠷᠳᠣᠯᠲᠣ ᠠᠵᠤ ᠠᠬᠤᠢ᠌ᠯᠠᠯ ᠪᠠ ᠭᠠᠵᠠᠷ ᠳᠣᠤᠷᠠᠬᠢ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠭᠠᠵᠠᠷ ᠳᠣᠤᠷᠠᠬᠢ ᠤᠰᠤᠨ᠎ᠤ ᠴᠢᠨᠠᠷ᠎ᠤᠨ ᠲᠤᠷᠰᠢᠯᠲᠠ ᠵᠢᠨ ᠴᠡᠭ᠎ᠤᠨ ᠬᠢᠨᠠᠨ ᠬᠡᠮᠵᠢᠬᠦ ᠠᠵᠢᠯ᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠭᠰᠠᠨ᠎ᠤ ᠬᠠᠮᠲᠤ᠂ ᠬᠠᠷᠢᠯᠴᠠᠬᠤ ᠬᠥᠮᠦᠨ ᠪᠠ ᠪᠦᠲᠦᠮᠵᠢᠲᠡᠶ ᠬᠠᠷᠢᠭᠤ ᠲᠤᠰᠬᠠᠬᠤ ᠲᠣᠭᠲᠠᠴᠠ ᠵᠢ ᠪᠠᠢ᠌ᠭᠤᠯᠵᠤ᠂ ᠬᠢᠨᠠᠨ ᠬᠡᠮᠵᠢᠯᠲᠡ ᠵᠢᠨ ᠥᠷᠲᠡᠭᠡ᠎ᠨᠢ ᠤᠷᠢᠳᠴᠢᠯᠠᠨ ᠲᠣᠭᠲᠠᠭᠰᠠᠨ ᠡᠳᠦᠷ᠎ᠠᠴᠠ ᠡᠮᠦᠨ᠎ᠡ ᠦᠨᠳᠦᠰᠦᠨ ᠮᠡᠳᠡᠭᠡ ᠵᠠᠩᠭᠢ ᠵᠢ ᠪᠠᠢ᠌ᠴᠠᠭ᠋ᠠᠬᠤ ᠪᠠ ᠬᠠᠷᠢᠭᠤ ᠲᠤᠰᠬᠠᠵᠤ ᠬᠢᠨᠠᠨ ᠬᠠᠷᠭᠤᠭᠤᠯᠬᠤ ᠠᠵᠢᠯ᠎ᠢ ᠪᠡᠶᠡᠯᠡᠬᠦᠯᠪᠡ᠃
      ᠬᠥᠬᠡᠬᠣᠲᠠ ᠲᠤᠷᠰᠢᠯᠲᠠ ᠵᠢᠨ ᠭᠠᠵᠠᠷ ᠣᠷᠣᠨ ᠪᠣᠯᠤᠭᠰᠠᠨ᠎ᠤ ᠬᠤᠪᠢ᠎ᠳᠤ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠷᠢᠮᠲᠠᠯᠠᠭᠰᠠᠨ ᠤᠷᠢᠲᠠᠯ ᠳᠣᠣᠷ᠎ᠠ᠂ ᠬᠢᠨᠠᠨ ᠬᠡᠮᠵᠢᠬᠦ ᠠᠵᠢᠯᠲᠠᠳ ᠱᠠᠭ᠋ᠠᠷᠳᠠᠯᠭ᠎ᠠ ᠶᠣᠰᠣᠭ᠋ᠠᠷ ᠬᠤᠪᠢ ᠬᠥᠮᠦᠨ᠎ᠤ ᠰᠡᠷᠭᠡᠢ᠌ᠯᠡᠨ ᠬᠠᠮᠠᠭ᠋ᠠᠯᠠᠬᠤ ᠠᠵᠢᠯ᠎ᠢ ᠰᠠᠢ᠌ᠲᠤᠷ ᠬᠢᠬᠦ ᠵᠢᠨ ᠬᠠᠮᠲᠤ ᠡᠯ᠎ᠡ ᠬᠣᠭ ᠨᠣᠪᠰᠢ ᠪᠤᠯᠠᠬᠤ ᠲᠠᠯᠠᠪᠠᠢ᠎ᠳᠤ ᠪᠠᠢ᠌ᠴᠠᠭ᠋ᠠᠯᠲᠠ ᠬᠢᠵᠦ᠂ ᠬᠢᠨᠠᠨ ᠬᠡᠮᠵᠢᠯᠲᠡ ᠵᠢᠨ ᠬᠤᠳᠳᠤᠭ᠎ᠤᠨ ᠮᠡᠳᠡᠭᠡ ᠵᠠᠩᠭᠢ ᠪᠣᠯᠤᠨ ᠤᠰᠤᠨ᠎ᠤ ᠴᠢᠨᠠᠷ᠎ᠢ ᠬᠢᠨᠠᠨ ᠬᠡᠮᠵᠢᠭᠰᠡᠨ ᠪᠠᠢ᠌ᠳᠠᠯ᠂ ᠭᠣᠣᠯ ᠪᠣᠬᠢᠷᠲᠤᠯ᠎ᠤᠨ ᠭᠦᠢ᠍ᠴᠡᠳᠬᠡᠯ ᠲᠣᠭ᠎ᠠ ᠵᠡᠷᠭᠡ ᠮᠡᠳᠡᠭᠡ ᠵᠠᠩᠭᠢ ᠵᠢ   ᠴᠤᠭᠯᠠᠭᠤᠯᠵᠤ᠂ ᠲᠠᠷᠠᠭ᠋ᠠᠴᠢ ᠵᠢᠨ ᠭᠠᠵᠠᠷ ᠳᠣᠤᠷᠠᠬᠢ ᠤᠰᠤ ᠵᠢ ᠬᠢᠨᠠᠨ ᠬᠡᠮᠵᠢᠬᠦ᠎ᠳᠤ ᠦᠨᠡᠨ ᠬᠦ᠌ ᠪᠣᠯᠤᠮᠵᠢᠲᠠᠶ ᠲᠤᠷᠰᠢᠯᠭ᠎ᠠ ᠬᠤᠷᠠᠮᠳᠤᠭᠤᠯᠤᠭᠰᠠᠨ ᠪᠥᠭᠡᠳ ᠪᠣᠬᠢᠷᠲᠤᠯ᠎ᠤᠨ ᠡᠬᠢ ᠰᠤᠷᠪᠤᠯᠵᠢ ᠵᠢ ᠰᠡᠷᠭᠡᠢ᠌ᠯᠡᠨ ᠵᠠᠰᠠᠬᠤ ᠪᠠ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ᠎ᠳᠤ ᠰᠢᠨᠵᠢᠯᠡᠬᠦ ᠤᠬᠠᠭ᠋ᠠᠨᠴᠢ ᠦᠨᠳᠦᠰᠦᠯᠡᠯ ᠬᠠᠩᠭ᠋ᠠᠭᠰᠠᠨ ᠪᠠᠢ᠌ᠨ᠎ᠠ᠃ 2020 ᠣᠨ᠎ᠤ 12 ᠰᠠᠷ᠎ᠠ᠎ᠳᠤ᠂ ᠬᠢᠨᠠᠨ ᠬᠡᠮᠵᠢᠬᠦ ᠥᠷᠲᠡᠭᠡ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2020 ᠣᠨ᠎ᠤ   ᠪᠣᠬᠢᠷᠳᠣᠯᠲᠣ ᠠᠵᠤ ᠠᠬᠤᠢ᠌ᠯᠠᠯ ᠪᠠ ᠭᠠᠵᠠᠷ ᠳᠣᠤᠷᠠᠬᠢ ᠤᠰᠤᠨ᠎ᠤ   ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ᠎ᠤ ᠭᠠᠵᠠᠷ ᠳᠣᠤᠷᠠᠬᠢ ᠤᠰᠤᠨ᠎ᠤ ᠴᠢᠨᠠᠷ᠎ᠤᠨ ᠲᠤᠷᠰᠢᠯᠲᠠ ᠵᠢᠨ ᠴᠡᠭ᠎ᠤᠨ   ᠬᠢᠨᠠᠨ ᠬᠡᠮᠵᠢᠯᠲᠡ ᠵᠢᠨ ᠮᠡᠳᠡᠭᠦᠯᠦᠯᠲᠡ》 ᠵᠢ ᠨᠠᠢ᠌ᠷᠠᠭᠤᠯᠵᠤ   ᠲᠠᠭᠤᠰᠬᠠᠪᠠ᠃




      ᠬᠣᠶᠠᠷ᠎ᠲᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠣᠷᠴᠢᠨ ᠲᠣᠭᠣᠷᠢᠨ᠎ᠤ ᠶᠠᠰᠤ ᠴᠢᠨᠠᠷ ᠎ᠤᠨ ᠬᠢᠨᠠᠨ ᠰᠢᠯᠭ᠋ᠠᠬᠤ ᠴᠡᠭ᠎ᠢ ᠰᠢᠯᠢᠳᠡᠭᠵᠢᠭᠦᠯᠦᠨ ᠲᠣᠬᠢᠷᠠᠭᠤᠯᠬᠤ   ᠠᠵᠢᠯ᠎ᠢ ᠨᠠᠷᠢᠨ ᠬᠢᠨᠠᠮᠠᠭ᠋ᠠᠶ   ᠨᠠᠢ᠌ᠳᠠᠪᠤᠷᠢᠵᠢᠭᠤᠯᠪᠠ᠃
    《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠰᠢᠯᠭ᠋ᠠᠬᠤ ᠴᠡᠭ᠎ᠢ ᠰᠢᠯᠢᠳᠡᠭᠵᠢᠭᠦᠯᠦᠨ ᠲᠣᠬᠢᠷᠠᠭᠤᠯᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ》᠎ᠢ ᠦᠨᠳᠦᠰᠦᠯᠡᠪᠡᠯ᠂ ᠬᠢᠨᠠᠨ ᠬᠡᠮᠵᠢᠬᠦ ᠥᠷᠲᠡᠭᠡ  ᠎ᠨᠢ   ᠢᠳᠡᠪᠬᠢᠲᠡᠶ᠎ᠪᠠᠷ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠭᠯᠠᠯᠲᠠ ᠵᠢᠨ ᠲᠢᠩᠬᠢᠮ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠤᠯᠪᠤᠭᠳᠠᠯ ᠪᠦᠬᠦᠢ ᠠᠵᠢᠯ ᠎ᠤᠨ ᠵᠤᠯᠭ᠋ᠠᠯᠴᠠᠭ᠎ᠠ ᠵᠢ ᠬᠢᠵᠦ᠂ ᠣᠷᠣᠨ ᠨᠤᠲᠤᠭ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠴᠦᠨ᠎ᠳᠤ ᠲᠦᠰᠢᠭᠯᠡᠨ ᠰᠢᠨ᠎ᠡ᠎ᠪᠠᠷ ᠨᠡᠮᠡᠭᠳᠡᠭᠰᠡᠨ ᠴᠡᠭ ᠪᠠᠢ᠌ᠷᠢ ᠵᠢ ᠲᠤᠬᠠᠶ ᠵᠢᠨ ᠭᠠᠵᠠᠷ᠎ᠲᠤᠨᠢ ᠬᠠᠷᠭᠤᠭᠤᠯᠤᠨ ᠪᠠᠢ᠌ᠴᠠᠭ᠋ᠠᠬᠤ   ᠠᠵᠢᠯ᠎ᠢ ᠨᠢᠭᠡ ᠨᠢᠭᠡ᠎ᠪᠠᠷ   ᠥᠷᠨᠢᠬᠦᠯᠵᠦ᠂ ᠥᠪᠥᠷ ᠮᠣᠩᠭᠣᠯ᠎ᠤᠨ ᠣᠨᠴᠠᠯᠢᠭᠲᠤ ᠠᠵᠤ ᠦᠢᠯᠡᠰ᠎ᠲᠠᠢ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠣᠷᠣᠨ ᠪᠠᠢ᠌ᠷᠢ ᠵᠢ   ᠨᠦᠬᠦᠪᠦᠷᠢᠯᠡᠨ᠂ ᠴᠡᠭ ᠣᠷᠣᠨ᠎ᠤ ᠲᠠᠷᠬᠠᠯᠲᠠ ᠵᠢ ᠬᠢᠨᠠᠨ ᠬᠡᠮᠵᠢᠬᠦ ᠵᠢᠷᠤᠭ᠂ ᠭᠠᠵᠠᠷ ᠳᠣᠤᠷᠠᠬᠢ ᠤᠰᠤᠨ᠎ᠤ ᠤᠤᠭᠤᠬᠤ ᠤᠰᠤᠨ᠎ᠤ   ᠰᠤᠷᠪᠤᠯᠵᠢ ᠵᠢᠨ ᠲᠠᠷᠬᠠᠯᠲᠠ ᠵᠢᠨ ᠵᠢᠷᠤᠭ ᠵᠢᠴᠢ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠠᠷᠬᠠᠯᠲᠠ ᠵᠢᠨ ᠵᠢᠷᠤᠭ ᠵᠡᠷᠭᠡ ᠰᠢᠷᠢᠰ ᠵᠢᠷᠤᠭ᠎ᠢ ᠲᠦᠷᠢᠮᠵᠢᠬᠦᠯᠦᠨ᠂ ᠲᠤᠰᠬᠠᠶ ᠮᠡᠷᠭᠡᠵᠢᠯᠲᠡᠨ᠎ᠢ ᠤᠷᠢᠵᠤ ᠮᠡᠷᠭᠡᠵᠢᠯ᠎ᠤᠨ   ᠬᠢᠨᠠᠨ ᠲᠣᠭᠲᠠᠭ᠋ᠠᠯᠲᠠ   ᠬᠢᠯᠭᠡᠭᠡᠳ᠂ ᠡᠴᠦᠰ᠎ᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ   ᠬᠢᠨᠠᠨ ᠰᠢᠯᠭ᠋ᠠᠬᠤ ᠴᠡᠭ᠎ᠤᠨ ᠣᠳᠣᠬᠢ ᠪᠠᠢ᠌ᠳᠠᠯ᠎ᠤᠨ ᠵᠠᠳᠠᠯᠤᠯᠲᠠ ᠪᠠ ᠰᠢᠯᠢᠳᠡᠭᠵᠢᠭᠦᠯᠦᠨ ᠳᠣᠭᠢᠷᠠᠭᠤᠯᠬᠤ ᠰᠠᠨᠠᠭᠤᠯᠭ᠎ᠠ ᠵᠢᠨ ᠮᠡᠳᠡᠭᠦᠯᠦᠯᠲᠡ》 ᠵᠢ ᠨᠠᠢ᠌ᠷᠠᠭᠤᠯᠤᠨ   ᠵᠤᠬᠢᠶᠠᠪᠠ᠃ 9 ᠰᠠᠷ᠎ᠠ ᠵᠢᠨ ᠰᠡᠭᠦᠯᠴᠢ᠎ᠪᠠᠷ ᠠᠮᠢ ᠠᠬᠤᠶ ᠵᠢᠨ ᠣᠷᠴᠢᠨ ᠲᠣᠭᠣᠷᠢᠨ᠎ᠤ ᠶᠠᠮᠤᠨ᠎ᠤ ᠬᠢᠨᠠᠨ ᠬᠡᠮᠵᠢᠬᠦ ᠵᠤᠷᠭ᠋ᠠᠨ᠎ᠤ ᠵᠣᠬᠢᠶᠠᠨ ᠪᠠᠢ᠌ᠭᠤᠯᠤᠭᠰᠠᠨ ᠮᠡᠷᠭᠡᠵᠢᠯ᠎ᠤᠨ ᠬᠢᠨᠠᠨ ᠰᠢᠯᠭ᠋ᠠᠯᠲᠠ ᠵᠢ ᠠᠮᠵᠢᠯᠲᠠ᠎ᠲᠠᠢ ᠥᠩᠭᠡᠷᠡᠭᠡᠵᠦ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠶ ᠥᠷᠲᠡᠭᠡ ᠵᠢᠨ ᠮᠠᠭᠲᠠᠭ᠋ᠠᠯ᠎ᠢ ᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠤᠯᠤᠰ᠎ᠤᠨ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ   ᠬᠢᠨᠠᠨ ᠰᠢᠯᠭ᠋ᠠᠬᠤ ᠴᠡᠭ᠎ᠲᠤ ᠨᠢᠭᠡ ᠡᠭᠡᠯᠵᠢ ᠵᠢᠨ ᠰᠠᠭᠤᠷᠢ ᠲᠣᠭ᠎ᠠ ᠵᠢᠨ ᠬᠢᠨᠠᠨ ᠬᠡᠮᠵᠢᠯᠲᠡ ᠬᠢᠬᠦ ᠵᠢ ᠵᠣᠬᠢᠶᠠᠨ ᠪᠠᠢ᠌ᠭᠤᠯᠤᠭᠰᠠᠨ ᠰᠠᠭᠤᠷᠢᠨ ᠳᠡᠭᠡᠷ᠎ᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ ᠎ᠤᠨ ᠤᠯᠤᠰ᠎ᠤᠨ   ᠬᠢᠨᠠᠨ ᠰᠢᠯᠭ᠋ᠠᠬᠤ ᠴᠡᠭ ᠪᠠᠢ᠌ᠷᠢ ᠵᠢᠨ ᠤᠰᠤᠨ᠎ᠤ ᠴᠢᠨᠠᠷ᠎ᠤᠨ ᠪᠠᠢ᠌ᠳᠠᠯ᠎ᠤᠨ ᠰᠠᠭᠤᠷᠢ ᠲᠣᠭ᠎ᠠ ᠵᠢ ᠬᠢᠨᠠᠨ   ᠬᠡᠮᠵᠢᠭᠰᠡᠨ   ᠮᠡᠳᠡᠭᠦᠯᠦᠯᠲᠡ》 ᠵᠢ ᠤᠷᠤᠭᠰᠢᠲᠠᠶ ᠎ᠪᠠᠷ ᠲᠡᠪᠰᠢᠭᠦᠯᠦᠭᠰᠰᠡᠨ ᠪᠠᠢ᠌ᠨ᠎ᠠ᠃




ᠢᠷᠡᠯᠲᠡ᠄ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠤᠨ ᠪᠣᠬᠢᠷᠲᠤᠯ᠎ᠳᠤ ᠨᠦᠬᠦᠪᠦᠷᠢ ᠦᠭᠬᠦ ᠠᠷᠭ᠎ᠠ ᠵᠢ ᠬᠡᠷᠡᠭᠵᠢᠭᠦᠯᠦᠭᠰᠡᠨ᠎ᠠᠴᠠ ᠮᠠᠨ᠎ᠤ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠡᠭᠡᠭᠰᠢᠯᠡᠯᠳᠡ᠎ᠳᠤ ᠬᠠᠪᠰᠤᠷᠤᠮᠵᠢ ᠪᠤᠯᠵᠤ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ 《ᠦᠵᠡᠰᠬᠦᠯᠡᠩᠲᠦ ᠰᠠᠶ᠋ᠢᠬᠠᠨ ᠨᠠᠭᠤᠷ ᠭᠣᠤᠯ》᠎ᠤᠨ ᠬᠡᠷᠡᠭ᠎ᠤᠨ ᠰᠢᠯᠢᠳᠡᠭ ᠵᠢᠱ᠌ᠢᠶ᠎ᠡ ᠵᠢ ᠭᠤᠶᠤᠴᠢᠯᠠᠨ ᠮᠡᠳᠡᠭᠦᠯᠬᠦ ᠠᠵᠢᠯ᠎ᠢ ᠦᠷᠨᠢᠭᠦᠯᠵᠦ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠤᠰᠬᠠᠢ ᠮᠡᠷᠭᠡᠵᠢᠯᠳᠡᠳ᠎ᠤᠨ ᠨᠤᠳᠠᠯᠠᠯᠳᠠ ᠵᠢᠨ ᠬᠤᠷᠠᠯ ᠬᠤᠷᠠᠯᠳᠤᠭᠤᠯᠪᠠ
ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠤᠰᠤᠨ᠎ᠤ ᠠᠮᠢ ᠠᠬᠤᠶ ᠣᠷᠴᠢᠨ ᠲᠤᠭᠤᠷᠢᠨ᠎ᠤ ᠭᠠᠵᠠᠷ ᠪᠣᠯᠤᠨ ᠦᠪᠡᠷᠳᠡᠭᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠭᠠᠵᠠᠷ᠎ᠯᠤᠭ᠎ᠠ ᠬᠠᠮᠳᠤᠷᠠᠨ ᠲᠦᠩᠯᠢᠶᠣᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠎ᠲᠤ ᠬᠦᠷᠴᠦ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠪᠣᠯᠤᠮᠵᠢᠲᠤ ᠴᠢᠨᠠᠷ᠎ᠤᠨ ᠦᠨᠡᠯᠡᠨ ᠵᠢᠱ᠌ᠢᠯᠲᠡ ᠵᠢᠨ ᠠᠬᠤᠢ ᠲᠠᠯᠠᠪᠠᠢ ᠵᠢᠨ ᠬᠢᠨᠠᠨ ᠪᠠᠶ᠋ᠢᠴᠠᠭ᠋ᠠᠯᠲᠠ ᠵᠢ ᠥᠷᠨᠢᠭᠦᠯᠪᠡ
ᠲᠦᠩᠯᠢᠶᠣᠤ ᠬᠣᠲᠠ ᠵᠢᠨ ᠬᠦᠷᠢᠶ᠎ᠡ ᠬᠤᠰᠢᠭᠤ᠎ᠨᠢ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠲᠠᠯ᠎ᠠ᠎ᠪᠠᠷ ᠦᠷ᠎ᠡ ᠪᠦᠲᠦᠮᠵᠢ ᠤᠯᠪᠠ
 
             蒙ICP备05000248号