ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠤᠰᠤᠨ᠎ᠤ ᠣᠷᠴᠢᠨ ᠲᠣᠭᠤᠷᠢᠨ᠎ᠤ ᠬᠠᠮᠢᠶᠠᠷᠤᠯᠲᠠ
ᠣᠷᠳᠣᠰ ᠬᠣᠲᠠ ᠪᠥᠬᠥ ᠬᠣᠲᠠ ᠵᠢᠨ ᠭᠣᠤᠯ ᠤᠷᠤᠭᠤ ᠭᠠᠳᠠᠭᠰᠢᠯᠠᠭᠤᠯᠬᠤ ᠠᠮᠠᠰᠠᠷ᠎ᠢ ᠲᠤᠬᠠᠶ ᠵᠢᠨ ᠭᠠᠵᠠᠷ᠎ᠲᠤᠨᠢ ᠵᠢᠭᠰᠠᠭ᠋ᠠᠨ ᠪᠠᠢ᠌ᠴᠠᠭ᠋ᠠᠬᠤ ᠠᠵᠢᠯ ᠥᠷᠨᠢᠭᠦᠯᠪᠡ
ᠨᠡᠶ᠋ᠢᠲᠡᠯᠡᠭᠰᠡᠨ ᠴᠠᠭ᠄ 2021-02-05

      ᠨᠡᠢ᠌ᠲᠡᠯᠡᠭᠰᠡᠨ ᠴᠠᠭ᠄ 2020-06-16    10᠄ 34       ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ

      ᠪᠥᠬᠥ ᠬᠣᠲᠠ ᠵᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠵᠤ᠂ ᠪᠥᠬᠥ ᠬᠣᠲᠠ ᠵᠢᠨ ᠭᠣᠤᠯ ᠤᠷᠤᠭᠤ ᠭᠠᠳᠠᠭᠰᠢᠯᠠᠭᠤᠯᠬᠤ ᠠᠮᠠᠰᠠᠷ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠠᠵᠤ ᠠᠬᠤᠢ᠌ᠯᠠᠯ᠎ᠤᠨ ᠠᠮᠢ ᠠᠬᠤᠶ ᠣᠷᠴᠢᠨ ᠲᠣᠭᠣᠷᠢᠨ᠎ᠤ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠤᠬᠠᠮᠰᠠᠷ᠎ᠠᠴᠠ᠎ᠪᠠᠨ ᠭᠦᠢᠴᠡᠳᠬᠡᠬᠦ ᠵᠢ ᠰᠢᠮᠳᠠᠭᠤᠯᠬᠤ ᠵᠢᠨ ᠲᠥᠯᠥᠭᠡ᠂ 2020 ᠣᠨ᠎ᠤ 5 ᠳ᠋ᠤᠭ᠋ᠠᠷ ᠰᠠᠷ᠎ᠠ ᠵᠢᠨ 25  ᠎ᠤ ᠡᠳᠦᠷ᠎ᠠᠴᠠ ᠡᠬᠢᠯᠡᠨ᠂ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠬᠣᠲᠠ ᠵᠢᠨ ᠤᠰᠤᠨ ᠠᠰᠢᠭᠯᠠᠯᠲᠠ ᠵᠢᠨ ᠲᠣᠪᠴᠢᠶ᠎ᠠ᠎ᠲᠠᠢ ᠬᠠᠮᠲᠤᠷᠠᠨ ᠪᠥᠬᠥ ᠬᠣᠲᠠ ᠵᠢᠨ ᠭᠣᠤᠯ ᠤᠷᠤᠭᠤ ᠭᠠᠳᠠᠭᠰᠢᠯᠠᠭᠤᠯᠬᠤ ᠠᠮᠠᠰᠠᠷ᠎ᠢ ᠲᠤᠬᠠᠶ ᠵᠢᠨ ᠭᠠᠵᠠᠷ᠎ᠲᠤᠨᠢ ᠵᠢᠭᠰᠠᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠪᠡ᠃ ᠲᠣᠰ ᠤᠳᠠᠭ᠋ᠠᠨ᠎ᠤ ᠵᠢᠭᠰᠠᠭ᠋ᠠᠨ ᠪᠠᠢ᠌ᠴᠠᠭ᠋ᠠᠬᠤ ᠠᠵᠢᠯ᠎ᠨᠢ ᠪᠥᠬᠥ ᠬᠣᠲᠠ ᠵᠢᠨ ᠣᠲᠣ ᠵᠢᠨ ᠪᠠᠢ᠌ᠭ᠎ᠠ ᠭᠣᠤᠯ ᠤᠷᠤᠭᠤ ᠭᠠᠳᠠᠭᠰᠢᠯᠠᠭᠤᠯᠬᠤ ᠠᠮᠠᠰᠠᠷ᠎ᠲᠤ ᠨᠡᠢ᠌ᠳᠡᠮ ᠪᠠᠢ᠌ᠴᠠᠭ᠋ᠠᠯᠲᠠ ᠬᠢᠵᠦ᠂ ᠶᠠᠪᠠᠭ᠋ᠠᠨ ᠵᠶ᠋ᠠᠷ ᠪᠠᠢ᠌ᠴᠠᠭ᠋ᠠᠬᠤ᠂ ᠵᠢᠯᠣᠭᠣᠴᠢ ᠥᠬᠡᠶ ᠨᠢᠰᠬᠡᠯ ᠵᠶ᠋ᠡᠷ   ᠪᠠᠢ᠌ᠴᠠᠭ᠋ᠠᠬᠤ᠂ ᠪᠠᠢ᠌ᠴᠠᠭ᠋ᠠᠨ ᠰᠤᠷᠪᠤᠯᠵᠢᠯᠠᠬᠤ᠂ ᠬᠠᠮᠢᠶᠠᠳᠠᠢ ᠮᠠᠲ᠋ᠧᠷᠢᠶᠠᠯ᠎ᠢ ᠪᠠᠢ᠌ᠴᠠᠭ᠋ᠠᠨ ᠦᠵᠡᠬᠦ ᠵᠡᠷᠭᠡ ᠣᠯᠠᠨ ᠵᠦᠢᠯ᠎ᠤᠨ ᠠᠷᠭ᠎ᠠ ᠬᠡᠯᠪᠡᠷᠢ᠎ᠪᠠᠷ ᠶᠠᠪᠤᠭᠳᠠᠭᠤᠯᠵᠤ᠂ ᠭᠠᠳᠠᠭᠰᠢᠯᠠᠭᠤᠯᠬᠤ ᠠᠮᠠᠰᠠᠷ᠎ᠢ ᠳᠣᠭᠢᠷᠠᠭᠤᠯᠤᠭᠰᠠᠨ ᠭᠣᠤᠯ ᠴᠣᠭᠴᠠ᠂ ᠴᠣᠬᠣᠯᠠᠪᠤᠷᠢᠯᠠᠭᠰᠠᠨ ᠪᠠᠢ᠌ᠳᠠᠯ᠂ ᠭᠠᠳᠠᠭᠰᠢᠯᠠᠭᠤᠯᠬᠤ ᠬᠡᠯᠪᠡᠷᠢ᠂ ᠭᠠᠳᠠᠭᠰᠢᠯᠠᠭᠤᠯᠬᠤ ᠤᠰᠤᠨ᠎ᠤ ᠴᠢᠨᠠᠷ ᠤᠰᠤᠨ᠎ᠤ ᠬᠡᠮᠵᠢᠶ᠎ᠡ᠂ ᠣᠷᠣᠰᠢᠵᠤ ᠪᠠᠢ᠌ᠭ᠎ᠠ ᠠᠰᠠᠭᠤᠳᠠᠯ ᠵᠡᠷᠭᠡ ᠦᠨᠳᠦᠰᠦᠨ ᠪᠠᠢ᠌ᠳᠠᠯ᠎ᠢ ᠨᠠᠷᠢᠨ ᠪᠠᠢ᠌ᠴᠠᠭ᠋ᠠᠵᠤ ᠲᠡᠮᠳᠡᠭᠯᠡᠨ᠂ ᠨᠢᠭᠡᠨᠲᠡ ᠬᠠᠭ᠋ᠠᠵᠤ ᠪᠢᠲᠡᠭᠦᠮᠵᠢᠯᠡᠭᠰᠡᠨ ᠭᠠᠳᠠᠭᠰᠢᠯᠠᠭᠤᠯᠬᠤ ᠠᠮᠠᠰᠠᠷ᠎ᠢ ᠤᠯᠠᠮ ᠨᠢᠭᠡ ᠠᠯᠬᠤᠮ ᠲᠤᠬᠠᠶ ᠵᠢᠨ ᠲᠠᠯᠠᠪᠠᠶ᠎ᠳᠤ ᠨᠤᠲᠠᠯᠠᠵᠤ᠂ ᠣᠲᠣ ᠵᠢᠨ ᠪᠠᠢ᠌ᠭ᠎ᠠ ᠭᠣᠤᠯ ᠤᠷᠤᠭᠤ ᠭᠠᠳᠠᠭᠰᠢᠯᠠᠭᠤᠯᠬᠤ ᠠᠮᠠᠰᠠᠷ᠎ᠢ ᠪᠠᠢ᠌ᠴᠠᠭ᠋ᠠᠬᠤ᠂ ᠬᠡᠮᠵᠢᠬᠦ᠂ ᠮᠥᠷᠳᠡᠬᠦ ᠵᠡᠷᠭᠡ ᠰᠠᠭᠤᠷᠢ ᠴᠢᠨᠠᠷᠲᠠᠶ ᠠᠵᠢᠯ᠎ᠢ ᠦᠨᠳᠦᠰᠦᠨ᠎ᠳᠡᠭᠡᠨ ᠪᠡᠶᠡᠯᠡᠭᠦᠯᠵᠦ᠂ ᠠᠵᠢᠯ᠎ᠤᠨ ᠡᠬᠡ ᠲᠠᠩᠰᠠ ᠵᠢ ᠪᠠᠢ᠌ᠭᠤᠯᠪᠠ᠃ ᠲᠣᠰ ᠤᠳᠠᠭ᠋ᠠᠨ᠎ᠤ ᠵᠢᠭᠰᠠᠭ᠋ᠠᠨ ᠪᠠᠢ᠌ᠴᠠᠭ᠋ᠠᠯᠲᠠ᠎ᠪᠠᠷ ᠳᠡᠮᠵᠢᠨ᠂ ᠮᠠᠨ᠎ᠤ ᠬᠣᠲᠠ ᠵᠢᠨ ᠭᠣᠤᠯ ᠤᠷᠤᠭᠤ ᠭᠠᠳᠠᠭᠰᠢᠯᠠᠭᠤᠯᠬᠤ ᠠᠮᠠᠰᠠᠷ᠎ᠤᠨ ᠰᠠᠭᠤᠷᠢ ᠲᠣᠭ᠎ᠠ ᠵᠢ ᠤᠯᠠᠮ ᠨᠢᠭᠡ ᠠᠯᠬᠤᠮ ᠲᠣᠳᠣᠷᠬᠠᠶ ᠣᠢ᠌ᠯᠠᠭ᠋ᠠᠵᠤ᠂ ᠡᠯ᠎ᠡ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠠᠮᠠᠰᠠᠷ᠎ᠤᠨ ᠲᠣᠭ᠎ᠠ ᠬᠡᠮᠵᠢᠶ᠎ᠡ᠂ ᠪᠣᠳᠠᠲᠠᠶ ᠣᠷᠣᠨ ᠪᠠᠢ᠌ᠷᠢ᠂ ᠪᠣᠳᠠᠲᠠᠶ ᠪᠣᠬᠢᠷᠲᠤᠯ ᠭᠠᠳᠠᠭᠰᠢᠯᠠᠭᠤᠯᠵᠤ ᠪᠠᠢ᠌ᠭ᠎ᠠ ᠪᠠᠢ᠌ᠳᠠᠯ᠎ᠢ ᠦᠨᠡᠨ ᠬᠦ᠌ ᠪᠠᠢ᠌ᠴᠠᠭ᠋ᠠᠨ ᠳᠣᠲᠣᠯᠠᠵᠤ᠂ ᠲᠣᠳᠣᠷᠬᠠᠶ ᠶᠠᠷᠢᠵᠤ᠂ ᠭᠠᠳᠠᠭᠰᠢᠯᠠᠭᠤᠯᠬᠤ ᠠᠮᠠᠰᠠᠷ᠎ᠤᠨ ᠨᠡᠷᠡᠰ ᠪᠠ ᠬᠣᠯᠪᠣᠯᠳᠤᠭᠰᠠᠨ ᠡᠬᠡ ᠲᠠᠩᠰᠠ ᠵᠢ   ᠪᠠᠢ᠌ᠭᠤᠯᠤᠨ᠂ ᠬᠣᠢ᠌ᠰᠢᠳᠠ ᠵᠢᠨ ᠭᠣᠤᠯ ᠮᠥᠷᠡᠨ᠎ᠢ ᠵᠠᠰᠠᠬᠤ ᠪᠠ ᠬᠢᠨᠠᠨ ᠬᠠᠮᠢᠶᠠᠷᠬᠤ ᠠᠵᠢᠯ᠎ᠢ ᠥᠷᠨᠢᠭᠦᠯᠬᠦ᠎ᠳᠤ ᠦᠨᠳᠦᠰᠦᠯᠡᠯ ᠬᠠᠩᠭ᠋ᠠᠵᠤ᠂ ᠲᠠᠷᠠᠭ᠋ᠠᠴᠢ ᠵᠢᠨ ᠠᠯᠬᠤᠮ᠎ᠳᠤ 《ᠡᠷᠬᠡ ᠬᠠᠷᠢᠭᠤᠴᠠᠯᠭ᠎ᠠ᠎ᠨᠢ ᠲᠣᠳᠣᠷᠬᠠᠶ᠂ ᠬᠠᠮᠢᠶᠠᠷᠤᠯᠲᠠ᠎ᠨᠢ ᠵᠢᠷᠤᠮᠵᠢᠯ᠎ᠲᠠᠢ᠂ ᠬᠢᠨᠠᠯᠲᠠ ᠬᠠᠮᠢᠶᠠᠷᠤᠯᠲᠠ᠎ᠨᠢ ᠪᠣᠳᠠᠲᠠᠶ》 ᠪᠣᠬᠢᠷᠲᠤᠯ ᠭᠠᠳᠠᠭᠰᠢᠯᠠᠭᠤᠯᠬᠤ ᠠᠮᠠᠰᠠᠷ᠎ᠤᠨ ᠬᠠᠮᠢᠶᠠᠷᠤᠯᠲᠠ ᠵᠢᠨ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠢ᠌ᠭᠤᠯᠬᠤ ᠵᠢ ᠠᠬᠢᠭᠤᠯᠵᠤ᠂ ᠭᠣᠤᠯ᠎ᠳᠤ ᠣᠷᠣᠭᠤᠯᠬᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠦᠲᠦᠮᠵᠢᠲᠡᠶ ᠬᠠᠮᠢᠶᠠᠷᠤᠨ ᠡᠵᠡᠮᠳᠡᠬᠦ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠳᠣᠤᠷᠠᠬᠢ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠬᠦ ᠠᠵᠢᠯ ᠰᠠᠢ᠌ᠨ ᠡᠬᠢᠯᠡᠯᠲᠡ᠎ᠲᠠᠢ ᠪᠣᠯᠪᠠ
ᠥᠪᠡᠷᠲᠡᠭᠡᠨ ᠵᠠᠰᠠᠬᠤ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠣᠭᠲᠣᠯᠤᠭ᠋ᠠᠰᠤ ᠵᠢᠨ ᠤᠰᠤᠨ᠎ᠤ ᠴᠢᠨᠠᠷ᠎ᠤᠨ ᠪᠣᠬᠢᠷᠲᠤᠯ᠎ᠳᠤ ᠨᠦᠬᠦᠪᠦᠷᠢ ᠦᠭᠬᠦ ᠠᠷᠭ᠎ᠠ ᠵᠢ ᠬᠡᠷᠡᠭᠵᠢᠭᠦᠯᠦᠭᠰᠡᠨ᠎ᠠᠴᠠ ᠮᠠᠨ᠎ᠤ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠡᠭᠡᠭᠰᠢᠯᠡᠯᠳᠡ᠎ᠳᠤ ᠬᠠᠪᠰᠤᠷᠤᠮᠵᠢ ᠪᠤᠯᠵᠤ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ 《ᠦᠵᠡᠰᠬᠦᠯᠡᠩᠲᠦ ᠰᠠᠶ᠋ᠢᠬᠠᠨ ᠨᠠᠭᠤᠷ ᠭᠣᠤᠯ》᠎ᠤᠨ ᠬᠡᠷᠡᠭ᠎ᠤᠨ ᠰᠢᠯᠢᠳᠡᠭ ᠵᠢᠱ᠌ᠢᠶ᠎ᠡ ᠵᠢ ᠭᠤᠶᠤᠴᠢᠯᠠᠨ ᠮᠡᠳᠡᠭᠦᠯᠬᠦ ᠠᠵᠢᠯ᠎ᠢ ᠦᠷᠨᠢᠭᠦᠯᠵᠦ ᠪᠠᠢ᠌ᠨ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠪᠥᠬᠥ ᠣᠷᠣᠨ᠎ᠤ ᠭᠣᠤᠯᠳᠠᠯᠭ᠎ᠠ᠎ᠲᠠᠢ ᠰᠠᠪᠠ ᠭᠠᠵᠠᠷ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠤᠰᠬᠠᠢ ᠮᠡᠷᠭᠡᠵᠢᠯᠳᠡᠳ᠎ᠤᠨ ᠨᠤᠳᠠᠯᠠᠯᠳᠠ ᠵᠢᠨ ᠬᠤᠷᠠᠯ ᠬᠤᠷᠠᠯᠳᠤᠭᠤᠯᠪᠠ
ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠤᠰᠤᠨ᠎ᠤ ᠠᠮᠢ ᠠᠬᠤᠶ ᠣᠷᠴᠢᠨ ᠲᠤᠭᠤᠷᠢᠨ᠎ᠤ ᠭᠠᠵᠠᠷ ᠪᠣᠯᠤᠨ ᠦᠪᠡᠷᠳᠡᠭᠡᠨ ᠵᠠᠰᠠᠬᠤ ᠤᠷᠤᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠬᠤᠳᠠ ᠵᠢᠨ ᠪᠦᠳᠦᠭᠡᠨ ᠪᠠᠢ᠌ᠭᠤᠯᠤᠯᠳᠠ ᠵᠢᠨ ᠭᠠᠵᠠᠷ᠎ᠯᠤᠭ᠎ᠠ ᠬᠠᠮᠳᠤᠷᠠᠨ ᠲᠦᠩᠯᠢᠶᠣᠤ ᠬᠣᠲᠠ᠂ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠎ᠲᠤ ᠬᠦᠷᠴᠦ ᠬᠣᠲᠠ ᠪᠠᠯᠭ᠋ᠠᠰᠤᠨ᠎ᠤ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠲᠦᠰᠢᠭᠯᠡᠨ ᠠᠵᠤ ᠦᠢ᠍ᠯᠡᠳᠪᠦᠷᠢ ᠵᠢᠨ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠪᠣᠯᠤᠮᠵᠢᠲᠤ ᠴᠢᠨᠠᠷ᠎ᠤᠨ ᠦᠨᠡᠯᠡᠨ ᠵᠢᠱ᠌ᠢᠯᠲᠡ ᠵᠢᠨ ᠠᠬᠤᠢ ᠲᠠᠯᠠᠪᠠᠢ ᠵᠢᠨ ᠬᠢᠨᠠᠨ ᠪᠠᠶ᠋ᠢᠴᠠᠭ᠋ᠠᠯᠲᠠ ᠵᠢ ᠥᠷᠨᠢᠭᠦᠯᠪᠡ
 
             蒙ICP备05000248号