4 ᠳ᠋ᠦ᠍ᠭᠡᠷ ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠲᠡᠷᠢᠭᠦᠯᠡᠭᠴᠢ ᠪᠦ᠋ ᠰᠢᠶᠣᠣ ᠯᠢᠨ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ 2018 ᠣᠨ᠎ᠤ ᠠᠵᠢᠯ᠎ᠢ ᠠᠬᠢᠭᠤᠯᠬᠤ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠵᠢᠯ᠎ᠤᠨ ᠠᠬᠢᠯᠲᠠ ᠵᠢᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠤᠨ ᠭᠣᠣᠯᠳᠠᠯᠭ᠎ᠠ᠎ᠲᠠᠢ ᠠᠵᠢᠯ᠎ᠢ ᠰᠤᠳᠤᠯᠤᠨ ᠪᠠᠢ᠌ᠷᠢᠯᠠᠭᠤᠯᠪᠠ᠃
ᠪᠦ᠋ ᠰᠢᠶᠣᠣ ᠯᠢᠨ ᠵᠢᠭ᠋ᠠᠬᠤ᠎ᠳᠤ᠎ᠪᠠᠨ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ ᠪᠣᠯ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠡᠶᠡᠯᠡᠭᠦᠯᠬᠦ ᠭᠤᠷᠪᠠᠨ ᠶᠡᠬᠡ ᠰᠢᠪᠲᠤᠯᠤᠯᠲᠠ ᠵᠢᠨ ᠳᠠᠢ᠌ᠯᠠᠯᠳᠤᠭ᠋ᠠᠨ᠎ᠤ ᠨᠢᠭᠡ ᠪᠠᠢ᠌ᠵᠤ᠂ ᠡᠷᠬᠡᠪᠰᠢ 《ᠳᠥᠷᠪᠡᠨ ᠵᠦᠢ᠍ᠯ᠎ᠤᠨ ᠦᠵᠡᠯ ᠤᠬᠠᠮᠰᠠᠷ》 ᠵᠶ᠋ᠠᠨ ᠴᠢᠩᠭ᠋ᠠᠷᠠᠭᠤᠯᠤᠨ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠤᠨ ᠬᠣᠯᠪᠣᠭ᠋ᠠᠯᠠᠨ ᠰᠡᠷᠭᠡᠢ᠌ᠯᠡᠨ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠠᠵᠢᠯ᠎ᠤᠨ ᠲᠤᠢ᠌ᠯ᠎ᠤᠨ ᠴᠢᠬᠤᠯᠠ ᠴᠢᠨᠠᠷ ᠪᠠ ᠲᠤᠯᠭ᠋ᠠᠮᠳᠠᠭᠤ ᠴᠢᠨᠠᠷ᠎ᠢ ᠭᠦᠢ᠍ᠴᠡᠳ ᠲᠠᠨᠢᠵᠤ᠂ ᠦᠨᠡᠨ ᠬᠦ᠌ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠪᠣᠯᠭ᠋ᠠᠵᠤ᠂ ᠭᠣᠣᠯ ᠬᠠᠷᠢᠭᠤᠴᠠᠯᠭ᠋ᠠᠲᠠᠳ ᠥᠪᠡᠷ ᠵᠶ᠋ᠡᠨ ᠠᠳᠬᠤᠬᠤ ᠬᠡᠷᠡᠭᠲᠡᠢ᠃ ᠡᠨᠡ ᠵᠢᠯ᠎ᠤᠨ ᠠᠵᠢᠯ᠂ ᠵᠢᠴᠢ ᠭᠤᠷᠪᠠᠨ ᠵᠢᠯ᠎ᠤᠨ ᠰᠢᠪᠲᠤᠯᠤᠯᠲᠠ ᠵᠢᠨ ᠲᠥᠰᠥᠯ᠎ᠢ ᠲᠣᠭᠲᠠᠭ᠋ᠠᠨ ᠬᠡᠷᠡᠭᠵᠢᠭᠦᠯᠬᠦ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠣᠷᠣᠰᠢᠵᠤ ᠪᠠᠢ᠌ᠭ᠎ᠠ ᠠᠰᠠᠭᠤᠳᠠᠯ᠎ᠢ ᠲᠣᠳᠣᠷᠬᠠᠢ ᠡᠵᠡᠮᠰᠢᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠠᠰᠠᠭᠤᠳᠠᠯ᠎ᠢ ᠰᠢᠢ᠍ᠳᠪᠦᠷᠢᠯᠡᠬᠦ ᠵᠢᠨ ᠲᠣᠭᠣᠷᠢᠨ᠎ᠳᠤ ᠴᠢᠩᠭ᠎ᠠ ᠨᠢᠭᠲᠠᠷᠠᠭᠤᠯᠵᠤ᠂ ᠴᠢᠭᠯᠡᠯᠲᠦ ᠴᠢᠨᠠᠷ᠂ ᠣᠨᠣᠪᠴᠢᠲᠤ ᠴᠢᠨᠠᠷ ᠪᠠ ᠪᠦᠲᠦᠮᠵᠢᠲᠦ ᠴᠢᠨᠠᠷ᠎ᠢ ᠲᠣᠪᠣᠢ᠌ᠯᠭ᠋ᠠᠬᠤ ᠬᠡᠷᠡᠭᠲᠡᠢ᠃ ᠪᠦᠬᠦ ᠲᠠᠯ᠎ᠠ᠎ᠳᠤ ᠬᠣᠯᠪᠣᠭᠳᠠᠬᠤ ᠭᠣᠣᠯᠳᠠᠯᠭ᠎ᠠ᠎ᠲᠠᠢ᠂ ᠬᠦᠴᠢᠷᠳᠡᠯ᠎ᠲᠠᠢ ᠠᠰᠠᠭᠤᠳᠠᠯ᠎ᠢ ᠣᠨᠢᠯᠠᠵᠤ᠂ ᠬᠦᠴᠦᠨ ᠵᠶ᠋ᠡᠨ ᠵᠣᠬᠢᠶᠠᠨ ᠪᠠᠢ᠌ᠭᠤᠯᠵᠤ ᠲᠥᠪᠯᠡᠷᠡᠭᠦᠯᠦᠨ ᠪᠣᠭᠣᠮᠲᠠ ᠰᠢᠪᠲᠤᠯᠵᠤ᠂ ᠡᠷᠬᠡᠪᠰᠢ ᠰᠢᠪᠲᠤᠯᠤᠯᠲᠠ ᠬᠢᠬᠦ ᠬᠡᠷᠡᠭᠲᠡᠢ᠃ ᠵᠣᠬᠢᠴᠠᠭᠤᠯᠤᠨ ᠬᠥᠳᠡᠯᠦᠯᠴᠡᠬᠦ ᠵᠢ ᠴᠢᠩᠭ᠋ᠠᠷᠠᠭᠤᠯᠤᠨ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠨ ᠬᠡᠷᠡᠭᠵᠢᠭᠦᠯᠬᠦ ᠪᠠ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠵᠢ ᠬᠢᠨᠠᠨ ᠬᠠᠮᠢᠶᠠᠷᠬᠤ᠎ᠳᠤ᠂ ᠭᠠᠵᠠᠷ ᠣᠷᠣᠨ᠎ᠤ ᠬᠣᠭᠣᠷᠣᠨᠳᠤ᠂ ᠰᠠᠯᠠᠭ᠎ᠠ ᠮᠥᠴᠢᠷ᠎ᠤᠨ ᠬᠣᠭᠣᠷᠣᠨᠳᠤ᠂ ᠳᠡᠭᠡᠳᠦ ᠳᠣᠣᠷᠠᠳᠤ ᠱᠠᠲᠤᠨ᠎ᠤ ᠬᠣᠭᠣᠷᠣᠨᠳᠤ᠎ᠪᠠᠨ ᠣᠷᠭ᠋ᠠᠨᠢᠭ ᠵᠶ᠋ᠠᠷ ᠵᠣᠯᠭ᠋ᠠᠯᠳᠤᠭᠤᠯᠤᠨ᠂ ᠨᠢᠭᠲᠠ ᠬᠠᠮᠵᠢᠯᠴᠠᠵᠤ᠂ ᠬᠠᠮᠲᠤᠷᠠᠭᠰᠠᠨ ᠬᠦᠴᠦᠨ᠎ᠢ ᠦᠨᠡᠨ ᠬᠦ᠌ ᠪᠦᠷᠢᠯᠳᠦᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ᠎ᠤᠨ ᠮᠠᠨ᠎ᠤ ᠣᠷᠣᠨ᠎ᠳᠤ ᠳᠤᠷᠠᠳᠤᠭᠰᠠᠨ 《ᠲᠠᠪᠤ ᠵᠢ ᠤᠶᠠᠯᠳᠤᠭᠤᠯᠬᠤ》 ᠪᠠ ᠠᠵᠤ ᠠᠬᠤᠢ ᠵᠢᠨ ᠴᠢᠨᠠᠷ ᠰᠠᠢ᠌ᠲᠠᠢ᠎ᠪᠠᠷ ᠬᠥᠭᠵᠢᠬᠦ ᠵᠢ ᠯᠠᠪᠳᠠᠭᠤᠨ ᠵᠶ᠋ᠠᠷ ᠠᠬᠢᠭᠤᠯᠬᠤ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠣᠴᠣᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠡᠷᠡᠰ ᠲᠠᠶᠠᠭᠳᠠᠭᠤᠯᠤᠨ᠂ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠵᠤ᠂ ᠠᠵᠤ ᠠᠬᠤᠢ ᠵᠢ ᠬᠥᠭᠵᠢᠭᠦᠯᠬᠦ ᠠᠷᠭ᠎ᠠ ᠬᠡᠯᠪᠡᠷᠢ᠎ᠪᠠᠨ ᠲᠦᠷᠭᠡᠳᠬᠡᠨ ᠬᠤᠪᠢᠷᠠᠭᠤᠯᠬᠤ ᠬᠡᠷᠡᠭᠲᠡᠢ᠃ ᠵᠥᠪ ᠵᠠᠰᠠᠭ᠎ᠤᠨ ᠠᠮᠵᠢᠯᠲᠠ ᠵᠢᠨ ᠦᠵᠡᠯᠲᠡ᠂ ᠬᠥᠭᠵᠢᠯᠲᠡ ᠵᠢᠨ ᠦᠵᠡᠯᠲᠡ ᠵᠢ ᠪᠠᠷᠢᠮᠲᠠᠯᠠᠨ᠂ 《ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠥᠨ ᠠᠭᠤᠯᠠ ᠪᠣᠯᠣᠨ᠎ᠠ》 ᠭᠡᠬᠦ ᠣᠨᠣᠯᠵᠢᠬᠤᠨ᠎ᠢ ᠯᠠᠪᠳᠠᠭᠤᠨ ᠪᠠᠲᠤᠲᠠᠢ ᠪᠣᠢ ᠪᠣᠯᠭ᠋ᠠᠬᠤ ᠬᠡᠷᠡᠭᠲᠡᠢ᠃ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠡᠷ ᠪᠣᠭᠣᠮᠲᠠ ᠰᠢᠪᠲᠤᠯᠬᠤ ᠵᠢ ᠴᠢᠩᠭ᠋ᠠᠳᠬᠠᠵᠤ᠂ ᠰᠢᠨ᠎ᠡ ᠵᠢ ᠡᠭᠦᠳᠬᠦ᠎ᠪᠠᠷ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤ ᠭᠦᠨ ᠵᠤᠵᠠᠭ᠋ᠠᠨ ᠠᠭᠤᠷ ᠠᠮᠢᠰᠬᠤᠯ ᠪᠠ ᠠᠵᠢᠯ᠎ᠤᠨ ᠬᠠᠮᠲᠤᠷᠠᠭᠰᠠᠨ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠬᠥᠷᠥᠰᠥ ᠰᠢᠷᠣᠢ᠂ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠎ᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠨᠡ ᠬᠦ᠌ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠵᠦ᠂ ᠣᠭᠲᠠᠷᠭᠤᠢ᠎ᠨᠢ ᠬᠥᠬᠡ᠂ ᠠᠭᠤᠯᠠ ᠲᠠᠯ᠎ᠠ᠎ᠨᠢ ᠨᠣᠭᠣᠭ᠋ᠠᠨ᠂ ᠤᠰᠤ᠎ᠨᠢ ᠲᠤᠩᠭ᠋ᠠᠯᠠᠭ ᠦᠵᠡᠰᠬᠦᠯᠡᠩᠲᠦ ᠰᠠᠢ᠌ᠬᠠᠨ ᠭᠡᠷ ᠣᠷᠣᠨ᠎ᠢ ᠪᠠᠢ᠌ᠭᠤᠯᠬᠤ ᠬᠡᠷᠡᠭᠲᠡᠢ ᠭᠡᠵᠡᠢ᠃