ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 ᠵᠢ ᠨᠠᠢ᠌ᠷᠠᠭᠤᠯᠤᠨ ᠵᠣᠬᠢᠶᠠᠬᠤ ᠠᠵᠢᠯ᠎ᠢ ᠨᠠᠷᠢᠯᠢᠭ ᠵᠣᠬᠢᠶᠠᠨ ᠪᠠᠢ᠌ᠭᠤᠯᠵᠤ ᠰᠢᠪᠲᠤᠯᠤᠯᠲᠠ ᠬᠢᠵᠦ ᠬᠦᠴᠢᠷ᠎ᠢ ᠲᠡᠪᠴᠢᠨ ᠬᠢᠨᠠᠮᠠᠭ᠋ᠠᠢ ᠪᠠᠢ᠌ᠷᠢᠯᠠᠭᠤᠯᠪᠠ
ᠨᠡᠶ᠋ᠢᠲᠡᠯᠡᠭᠰᠡᠨ ᠴᠠᠭ᠄ 2018-11-02

      ᠣᠢ᠌ᠷ᠎ᠠ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 ᠵᠢ ᠨᠠᠢ᠌ᠷᠠᠭᠤᠯᠤᠨ ᠵᠣᠬᠢᠶᠠᠬᠤ ᠠᠵᠢᠯ᠎ᠤᠨ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠵᠤ᠂ ᠣᠢ᠌ᠷ᠎ᠠ ᠵᠢᠨ ᠭᠤᠷᠪᠠᠨ ᠵᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠤᠨ ᠭᠣᠣᠯᠳᠠᠯᠭ᠎ᠠ ᠵᠢ ᠲᠣᠬᠢᠷᠠᠭᠤᠯᠤᠨ ᠪᠠᠢ᠌ᠷᠢᠯᠠᠭᠤᠯᠪᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠰᠢᠨᠵᠢᠬᠦ ᠲᠥᠪ ᠥᠷᠲᠡᠭᠡ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠳ ᠬᠤᠷᠠᠯ᠎ᠳᠤ ᠣᠷᠣᠯᠴᠠᠪᠠ᠃
      ᠬᠤᠷᠠᠯ᠎ᠠᠴᠠ᠂ ᠲᠥᠯᠥᠪᠯᠡᠭᠡ ᠲᠥᠰᠥᠯ᠎ᠢ ᠨᠠᠢ᠌ᠷᠠᠭᠤᠯᠤᠨ ᠵᠣᠬᠢᠶᠠᠬᠤ ᠡᠯ᠎ᠡ ᠵᠦᠢ᠍ᠯ᠎ᠤᠨ ᠠᠵᠢᠯ᠎ᠢ ᠬᠢᠨᠠᠮᠠᠭ᠋ᠠᠢ᠎ᠪᠠᠷ ᠰᠠᠢ᠌ᠲᠤᠷ ᠠᠳᠬᠤᠵᠤ᠂ 2020 ᠣᠨ᠎ᠤ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠡᠶᠡᠯᠡᠭᠦᠯᠬᠦ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠠᠴᠠ ᠡᠭᠦᠰᠦᠨ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ ᠪᠠ 2018 ᠣᠨ᠎ᠤ ᠬᠡᠷᠡᠭᠵᠢᠭᠦᠯᠬᠦ ᠲᠥᠰᠥᠯ᠎ᠢ ᠰᠢᠨᠵᠢᠯᠡᠬᠦ ᠤᠬᠠᠭ᠋ᠠᠴᠢ᠎ᠪᠠᠷ ᠨᠠᠢ᠌ᠷᠠᠭᠤᠯᠤᠨ ᠵᠣᠬᠢᠶᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠬᠥᠲᠥᠯᠥᠭᠴᠢ ᠪᠠ ᠵᠢᠷᠤᠮᠵᠢᠯ ᠬᠠᠩᠭ᠋ᠠᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠪᠠᠢ᠌ᠴᠠᠭ᠋ᠠᠯᠲᠠ ᠰᠤᠳᠤᠯᠤᠯᠲᠠ ᠵᠢ ᠭᠦᠨᠵᠡᠭᠡᠢ ᠥᠷᠨᠢᠭᠦᠯᠵᠦ᠂ ᠪᠦᠬᠦ ᠣᠷᠣᠨ᠎ᠤ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠪᠦᠬᠦ ᠲᠠᠯ᠎ᠠ᠎ᠪᠠᠷ ᠣᠢ᠌ᠯᠭ᠋ᠠᠨ ᠲᠣᠳᠣᠯᠠᠵᠤ᠂ ᠣᠷᠴᠢᠨ ᠲᠣᠭᠣᠷᠢᠨ᠎ᠤ ᠶᠠᠰᠤ ᠴᠢᠨᠠᠷ᠎ᠤᠨ ᠰᠠᠢ᠌ᠵᠢᠷᠠᠯᠲᠠ ᠵᠢ ᠬᠢᠵᠠᠭ᠋ᠠᠷᠯᠠᠵᠤ ᠪᠠᠢ᠌ᠭ᠎ᠠ ᠲᠣᠪᠣᠢ᠌ᠮ᠎ᠠ ᠵᠥᠷᠢᠴᠡᠯ᠎ᠢ ᠣᠨᠣᠪᠴᠢᠲᠠᠢ ᠠᠳᠬᠤᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ᠎ᠳᠤ ᠬᠠᠷᠠᠯᠲᠠ᠎ᠲᠠᠢ᠎ᠪᠠᠷ ᠠᠵᠢᠯᠯᠠᠵᠤ᠂ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠬᠤ ᠬᠡᠷᠡᠭᠲᠡᠢ᠃ ᠭᠣᠣᠯᠳᠠᠯᠭ᠎ᠠ᠎ᠲᠠᠢ ᠡᠭᠦᠷᠭᠡ ᠵᠢ ᠠᠳᠬᠤᠨ᠂ ᠤᠯᠤᠰ᠎ᠤᠨ 《〈2018 ᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ ᠰᠡᠳᠬᠢᠴᠡ ᠪᠠ ᠶᠡᠷᠦᠩᠬᠡᠢ ᠠᠵᠢᠯ᠎ᠤᠨ ᠲᠣᠬᠢᠷᠠᠭᠤᠯᠤᠯᠲᠠ ᠵᠢᠨ ᠠᠩᠬ᠎ᠠ ᠠᠯᠬᠤᠮ᠎ᠤᠨ ᠪᠣᠳᠣᠯᠬᠢᠯᠠᠯ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠣᠷᠴᠢᠨ ᠠᠯᠪᠠᠨ ᠲᠢᠩᠬᠢᠮ [2018] 1 ᠳ᠋ᠦ᠍ᠭᠡᠷ ᠲᠣᠭ᠋ᠠᠲᠤ) ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠵᠢᠨ ᠲᠣᠭᠣᠷᠢᠨ᠎ᠳᠤ ᠴᠢᠩᠭ᠎ᠠ ᠨᠢᠭᠲᠠᠷᠠᠵᠤ᠂ ᠪᠣᠳᠠᠲᠠᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠡᠯ᠎ᠡ ᠵᠦᠢ᠍ᠯ᠎ᠤᠨ ᠠᠵᠢᠯ᠎ᠤᠨ ᠴᠠᠭ ᠪᠠ ᠵᠠᠩᠭᠢᠯᠠᠭ᠎ᠠ ᠵᠢ ᠲᠣᠳᠣᠷᠬᠠᠢ᠌ᠯᠠᠨ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠤᠬᠠᠢ ᠲᠣᠭᠲᠠᠭ᠋ᠠᠯ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠵᠠᠢ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠠᠩᠬᠢᠮ
          
ᠬᠠᠮᠢᠶ᠎ᠡ ᠪᠦᠬᠦᠢ ᠰᠣᠨᠢᠨ
ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠮᠠᠰᠢᠨ ᠲᠡᠷᠭᠡᠨ᠎ᠤ 《ᠤᠯᠤᠰ᠎ᠤᠨ ᠲᠠᠪᠤᠳᠤᠭ᠋ᠠᠷ》 《ᠤᠯᠤᠰ ᠎ᠤᠨ ᠵᠢᠷᠭᠤᠳᠤᠭ᠋ᠠᠷ》᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠢ᠌ᠳᠠᠯ ᠵᠢᠴᠢ ᠴᠠᠢ᠌ᠶᠢᠦ ᠪᠠᠷᠠᠭ᠎ᠠ ᠲᠡᠭᠡᠭᠡᠪᠦᠷᠢ ᠵᠢᠨ ᠲᠡᠷᠭᠡ ᠵᠢᠨ ᠲᠤᠰᠬᠠᠶ ᠠᠵᠢᠯᠯᠠᠭ᠎ᠠ ᠵᠢ ᠥᠷᠨᠢᠭᠦᠯᠦᠭᠰᠡᠨ ᠪᠠᠶ᠋ᠢᠳᠠᠯ᠎ᠢ ᠲᠣᠬᠢᠷᠠᠭᠤᠯᠬᠤ ᠬᠤᠷᠠᠯ᠎ᠢ ᠵᠣᠬᠢᠶᠠᠨ ᠪᠠᠢ᠌ᠭᠤᠯᠤᠨ ᠬᠤᠷᠠᠯᠳᠤᠭᠤᠯᠪᠠ
ᠠᠮᠢ ᠠᠬᠤᠢ ᠵᠢᠨ ᠣᠷᠴᠢᠨ ᠲᠤᠭᠤᠷᠢᠨ᠎ᠤ ᠶᠠᠮᠤᠨ 2019᠎ᠤᠨ 10 ᠰᠠᠷ᠎ᠠ ᠵᠢᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠡ
ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠬᠠᠮᠲᠤᠷᠠᠨ ᠵᠠᠰᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠪᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠯᠣᠳ ᠲᠡᠮᠦᠷ᠎ᠤᠨ ᠠᠵᠢᠯ ᠲᠥᠷᠥᠯ᠎ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠵᠢ ᠠᠬᠢᠭᠤᠯᠬᠤ ᠬᠡᠷᠡᠭᠵᠢᠭᠦᠯᠬᠦ ᠲᠥᠰᠦᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠠᠷᠠᠬᠠᠶ ᠪᠤᠲᠠᠷᠬᠠᠶ ᠡᠮᠬᠢ ᠴᠡᠭᠴᠡ ᠥᠬᠡᠶ ᠪᠤᠬᠢᠷᠳᠣᠯ᠎ᠲᠠᠢ〉 ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠲᠥᠰᠦᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
             蒙ICP备05000248号