《ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠢ ᠬᠤᠪᠢᠶᠠᠷᠢᠯᠠᠨ ᠰᠠᠯᠭ᠋ᠠᠵᠤ ᠬᠠᠮᠢᠶᠠᠷᠬᠤ ᠠᠵᠢᠯ᠎ᠢ ᠴᠢᠩᠭ᠋ᠠᠳᠬᠠᠬᠤ ᠪᠠ ᠵᠢᠷᠤᠮᠵᠢᠭᠤᠯᠬᠤ ᠲᠤᠬᠠᠢ ᠮᠡᠳᠡᠭᠳᠡᠯ》 (ᠣᠷᠴᠢᠨ ᠠᠯᠪᠠᠨ ᠠᠭ᠋ᠠᠷ ᠮᠠᠨᠳᠠᠯ ᠵᠠᠬᠢᠳᠠᠯ [2017] 1709 ᠳ᠋ᠦ᠍ᠭᠡᠷ ᠲᠣᠭ᠋ᠠᠲᠤ)᠎ᠤᠨ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ ᠬᠣᠲᠠ ᠵᠢᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠢ ᠬᠤᠪᠢᠶᠠᠷᠢᠯᠠᠨ ᠰᠠᠯᠭ᠋ᠠᠬᠤ ᠵᠢᠴᠢ ᠲᠣᠬᠢᠷᠠᠭᠤᠯᠬᠤ ᠠᠵᠢᠯ᠎ᠢ ᠤᠯᠠᠮ ᠨᠢᠭᠡ ᠠᠯᠬᠤᠮ ᠰᠠᠢ᠌ᠲᠤᠷ ᠬᠢᠬᠦ ᠵᠢᠨ ᠲᠥᠯᠥᠭᠡ᠂ ᠣᠢ᠌ᠷ᠎ᠠ᠎ᠳᠤ ᠮᠠᠨ᠎ᠤ ᠲᠢᠩᠬᠢᠮ᠎ᠠᠴᠠ ᠪᠦᠬᠦ ᠣᠷᠣᠨ᠎ᠤ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠢ ᠬᠤᠪᠢᠶᠠᠷᠢᠯᠠᠨ ᠰᠠᠯᠭ᠋ᠠᠬᠤ ᠵᠢᠴᠢ ᠲᠣᠬᠢᠷᠠᠭᠤᠯᠬᠤ ᠮᠡᠷᠭᠡᠵᠢᠯ᠎ᠤᠨ ᠪᠣᠯᠪᠠᠰᠤᠷᠠᠯ᠎ᠤᠨ ᠠᠩᠭᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠠᠩ ᠭᠠᠩ ᠠᠩᠭᠢ ᠨᠡᠭᠡᠭᠡᠬᠦ ᠶᠣᠰᠣᠯᠠᠯ᠎ᠢ ᠡᠷᠬᠢᠯᠡᠵᠡᠢ᠃
ᠪᠣᠯᠪᠠᠰᠤᠷᠠᠯ᠎ᠳᠤ ᠤᠯᠤᠰ᠎ᠤᠨ ᠬᠠᠮᠢᠶ᠎ᠠ ᠪᠦᠬᠦᠢ ᠪᠠᠷᠢᠮᠵᠢᠶ᠎ᠠ ᠲᠣᠭᠲᠠᠭ᠋ᠠᠵᠤ ᠵᠠᠰᠠᠪᠤᠷᠢ ᠣᠷᠣᠭᠤᠯᠬᠤ ᠵᠢ ᠳᠠᠭ᠋ᠠᠭ᠋ᠠᠨ ᠡᠷᠬᠢᠯᠡᠵᠦ ᠪᠠᠢ᠌ᠭ᠎ᠠ ᠨᠢᠭᠡᠴᠢ ᠵᠢᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠎ᠢ ᠤᠷᠢᠵᠤ᠂ 《ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠢ ᠬᠤᠪᠢᠶᠠᠷᠢᠯᠠᠬᠤ ᠮᠡᠷᠭᠡᠵᠢᠯ᠎ᠤᠨ ᠵᠢᠷᠤᠮᠵᠢᠯ》 ᠵᠢᠴᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠪᠠᠷᠢᠮᠵᠢᠶ᠎ᠠ᠂ ᠵᠢᠷᠤᠮᠵᠢᠯᠳᠤ ᠲᠠᠢ᠌ᠯᠤᠮᠵᠢ ᠬᠢᠯᠭᠡᠵᠦ᠂ ᠮᠡᠷᠭᠡᠵᠢᠯ᠎ᠤᠨ ᠰᠡᠳᠬᠢᠮᠵᠢ ᠬᠢᠭᠡᠳ ᠠᠵᠢᠯ᠎ᠤᠨ ᠲᠤᠷᠰᠢᠯᠭ᠎ᠠ᠎ᠪᠠᠨ ᠰᠣᠯᠢᠯᠴᠠᠭᠰᠠᠨ ᠪᠠ ᠰᠤᠳᠤᠯᠤᠨ ᠶᠠᠷᠢᠯᠴᠠᠪᠠ᠃ ᠡᠭᠦᠨ᠎ᠤ ᠬᠠᠮᠲᠤ ᠣᠷᠣᠨ ᠨᠤᠲᠤᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ ᠵᠢᠴᠢ ᠣᠷᠣᠨ ᠬᠤᠪᠢᠶᠠᠷᠢᠯᠠᠬᠤ ᠠᠵᠢᠯ᠎ᠢ ᠪᠣᠳᠠᠲᠠᠢ᠎ᠪᠠᠷ ᠳᠠᠭ᠋ᠠᠭ᠋ᠠᠨ ᠬᠠᠷᠢᠭᠤᠴᠠᠵᠤ ᠪᠠᠢ᠌ᠭ᠎ᠠ ᠨᠢᠭᠡᠴᠢ ᠵᠢᠨ ᠲᠤᠰᠬᠠᠢ ᠮᠡᠷᠭᠡᠵᠢᠯᠲᠡᠳ᠎ᠢ ᠤᠷᠢᠵᠤ᠂ ᠡᠯ᠎ᠡ ᠭᠠᠵᠠᠷ᠎ᠤᠨ ᠳᠠᠭᠤᠨ᠎ᠤ ᠣᠷᠴᠢᠨ ᠲᠣᠭᠣᠷᠢᠨ᠎ᠤ ᠴᠢᠳᠠᠮᠵᠢᠲᠤ ᠣᠷᠣᠨ᠎ᠢ ᠬᠤᠪᠢᠶᠠᠷᠢᠯᠠᠨ ᠲᠣᠬᠢᠷᠠᠭᠤᠯᠤᠭᠰᠠᠨ ᠠᠵᠢᠯ᠎ᠤᠨ ᠲᠤᠷᠰᠢᠯᠭ᠎ᠠ ᠵᠢᠨ ᠲᠤᠬᠠᠢ ᠨᠠᠷᠢᠨ ᠲᠠᠨᠢᠯᠴᠠᠭᠤᠯᠭ᠎ᠠ ᠬᠢᠯᠭᠡᠵᠡᠢ᠃