ᠤᠢ᠌ᠷ᠎ᠠ ᠵᠢᠨ ᠬᠤᠭᠤᠴᠠᠭ᠋ᠠᠨ᠎ᠳᠤ᠂ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ ᠵᠠᠮ ᠬᠠᠷᠢᠯᠴᠠᠭ᠋ᠠᠨ᠎ᠤ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢᠨ ᠲᠣᠪᠴᠢᠶ᠎ᠠ᠎ᠲᠠᠢ ᠬᠠᠮᠲᠤᠷᠠᠨ᠂ ᠮᠠᠰᠢᠨ ᠲᠡᠷᠭᠡᠨ᠎ᠤ 《ᠤᠯᠤᠰ ᠤᠨ ᠲᠠᠪᠤᠳᠤᠭ᠋ᠠᠷ》᠂ 《ᠤᠯᠤᠰ ᠤᠨ ᠵᠢᠷᠭᠤᠳᠤᠭ᠋ᠠᠷ》᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠢ᠌ᠳᠠᠯ ᠵᠢᠴᠢ ᠴᠠᠢ᠌ᠶᠢᠦ ᠪᠠᠷᠠᠭ᠎ᠠ ᠲᠡᠭᠡᠭᠡᠪᠦᠷᠢ ᠵᠢᠨ ᠲᠡᠷᠭᠡ ᠵᠢᠨ ᠲᠤᠰᠬᠠᠶ ᠠᠵᠢᠯᠯᠠᠭ᠎ᠠ ᠵᠢ ᠥᠷᠨᠢᠭᠦᠯᠦᠭᠰᠡᠨ ᠪᠠᠶ᠋ᠢᠳᠠᠯ᠎ᠢ ᠲᠣᠬᠢᠷᠠᠭᠤᠯᠬᠤ ᠬᠤᠷᠠᠯ ᠬᠤᠷᠠᠯᠳᠤᠭᠤᠯᠪᠠ᠃ ᠬᠤᠷᠠᠯ᠎ᠠᠴᠠ ᠮᠠᠨ᠎ᠤ ᠣᠷᠣᠨ᠎ᠤ 《ᠤᠯᠤᠰ ᠤᠨ ᠲᠠᠪᠤᠳᠤᠭ᠋ᠠᠷ》 ᠂ 《ᠤᠯᠤᠰ ᠤᠨ ᠵᠢᠷᠭᠤᠳᠤᠭ᠋ᠠᠷ》᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠪᠠᠶ᠋ᠢᠳᠠᠯ᠎ᠢ ᠶᠠᠷᠢᠯᠴᠠᠵᠤ᠂ ᠡᠯ᠎ᠡ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠵᠢᠨ ᠴᠠᠢ᠌ᠶᠢᠦ ᠪᠠᠷᠠᠭ᠎ᠠ ᠲᠡᠷᠭᠡ ᠵᠢᠨ ᠮᠠᠰᠢᠨ ᠲᠡᠷᠭᠡ ᠵᠢᠨ ᠲᠤᠰᠬᠠᠶ ᠠᠵᠢᠯᠯᠠᠭ᠎ᠠ ᠵᠢᠨ ᠳᠤᠮᠳᠠᠬᠢ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠬᠤᠷᠠᠯ᠎ᠳᠤ ᠤᠷᠤᠯᠴᠠᠭᠰᠠᠨ ᠡᠯ᠎ᠡ ᠵᠥᠪᠯᠡᠯ ᠂ ᠠᠯᠪᠠᠨ ᠭᠡᠷ᠂ ᠲᠢᠩᠬᠢᠮ᠂ ᠲᠣᠪᠴᠢᠶ᠎ᠠ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠠᠢ᠌ᠶᠢᠦ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ ᠲᠢᠩᠬᠢᠮ᠎ᠤᠨ ᠬᠣᠭᠣᠷᠣᠨᠳᠣᠬᠢ ᠬᠠᠮᠲᠤᠷᠠᠭᠰᠠᠨ ᠬᠤᠷᠠᠯ᠎ᠤᠨ ᠳᠦᠷᠢᠮ (ᠰᠠᠨᠠᠯ ᠬᠤᠷᠢᠶᠠᠬᠤ ᠨᠣᠣᠷᠠᠭ)》᠎ᠤᠨ ᠲᠤᠬᠠᠶ ᠵᠠᠰᠠᠪᠤᠷᠢ ᠣᠷᠣᠭᠤᠯᠬᠤ ᠰᠠᠨᠠᠯ ᠳᠤᠷᠠᠳᠪᠠ᠃ ᠬᠤᠷᠠᠯ᠎ᠠᠴᠠ᠂ ᠬᠣᠶ᠋ᠢᠰᠢᠳᠠ ᠡᠯ᠎ᠡ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠵᠢᠨ᠎ᠬᠢᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠬᠠᠷᠢᠯᠴᠠᠨ ᠬᠠᠮᠵᠢᠯᠴᠠᠬᠤ᠎ᠪᠠᠨ ᠴᠢᠩᠭ᠋ᠠᠳᠬᠠᠵᠤ᠂ ᠮᠠᠰᠢᠨ ᠲᠡᠷᠭᠡᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠲᠦᠷᠭᠡᠳᠬᠡᠨ ᠠᠬᠢᠭᠤᠯᠵᠤ᠂ ᠲᠤᠯᠤᠭ᠋ᠠᠨ ᠶᠡᠬᠡ ᠭᠣᠤᠯᠳᠠᠯᠭ᠎ᠠ᠎ᠲᠠᠢ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠳᠤᠮᠳᠠᠬᠢ ᠴᠠᠢ᠌ᠶᠢᠦ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠬᠤ ᠬᠡᠷᠡᠭᠲᠡᠶ ᠭᠡᠵᠦ ᠴᠢᠬᠤᠯᠠᠴᠢᠯᠠᠪᠠ᠃