10 ᠰᠠᠷ᠎ᠠ ᠵᠢᠨ 29᠎ᠤ ᠡᠳᠦᠷ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 2019᠎ᠤᠨ 10 ᠰᠠᠷ᠎ᠠ ᠵᠢᠨ ᠲᠣᠭᠲᠠᠮᠠᠯ ᠬᠤᠭᠤᠴᠠᠭ᠋ᠠᠲᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠭᠤᠯᠪᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠣᠨᠢᠨ ᠮᠡᠳᠡᠭᠡ ᠨᠡᠢ᠌ᠳᠡᠯᠡᠭᠴᠢ ᠯᠢᠦ ᠶᠢᠦ ᠪᠢᠨ ᠨᠦᠬᠦᠷ ᠤᠢ᠌ᠷ᠎ᠠ ᠵᠢᠨ ᠬᠤᠭᠤᠴᠠᠭ᠋ᠠᠨ᠎ᠤ ᠭᠣᠤᠯᠳᠠᠯᠭ᠎ᠠ᠎ᠲᠠᠢ ᠠᠵᠢᠯ᠎ᠤᠨ ᠠᠬᠢᠴᠠ ᠵᠢᠨ ᠪᠠᠶ᠋ᠢᠳᠠᠯ᠎ᠢ ᠨᠡᠢ᠌ᠳᠡᠯᠡᠨ ᠮᠡᠳᠡᠭᠳᠡᠪᠡ᠃
ᠯᠢᠦ ᠶᠢᠦ ᠪᠢᠨ ᠨᠦᠬᠦᠷ᠎ᠠᠴᠠ ᠂ 2020 ᠣᠨ ᠪᠣᠯ ᠬᠥᠬᠡ ᠣᠭᠲᠠᠷᠭᠤᠶ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢᠨ ᠬᠠᠷᠠᠯᠲᠠ ᠵᠢᠨ ᠵᠢᠯ᠂ ᠵᠠᠩᠭᠢᠯᠠᠭ᠎ᠠ ᠵᠢᠨ ᠵᠢᠯ ᠪᠣᠯᠤᠨ᠎ᠠ᠂ 2019 — 2020 ᠣᠨ᠎ᠤ ᠨᠠᠮᠤᠷ ᠡᠪᠦᠯ᠎ᠤᠨ ᠤᠯᠠᠷᠢᠯ᠎ᠤᠨ ᠪᠣᠭᠣᠮᠲᠠ ᠰᠢᠪᠲᠤᠯᠬᠤ ᠦᠷ᠎ᠡ ᠪᠦᠲᠦᠮᠵᠢ ᠨᠢ 2020 ᠣᠨ᠎ᠤ ᠬᠠᠷᠠᠯᠲᠠ ᠵᠢ ᠪᠡᠶᠡᠯᠡᠭᠦᠯᠬᠦ ᠵᠢ ᠰᠢᠭᠤᠳ ᠨᠥᠯᠥᠭᠡᠯᠡᠨ᠎ᠡ᠃ ᠵᠢᠱ᠌ᠢᠯᠲᠡ ᠵᠢ ᠦᠨᠳᠦᠰᠦᠯᠡᠪᠡᠯ᠂ ᠡᠸᠯᠨᠢᠨᠤ᠋ ᠵᠢᠨ ᠨᠥᠯᠥᠭᠡ᠎ᠪᠠᠷ᠂ 2019 — 2020 ᠤᠨ᠎ᠤ ᠨᠠᠮᠤᠷ ᠡᠪᠦᠯ᠎ᠤᠨ ᠤᠯᠠᠷᠢᠯ᠎ᠤᠨ ᠴᠠᠭ ᠠᠭᠤᠷ᠎ᠤᠨ ᠨᠥᠬᠥᠴᠡᠯ᠎ᠤᠨ ᠪᠦᠬᠦᠯᠢ ᠴᠣᠭᠴᠠ ᠵᠢᠨ ᠵᠥᠷᠢᠶ᠎ᠡ᠎ᠨᠢ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠲᠠᠷᠬᠠᠯᠲᠠ᠎ᠳᠤ ᠠᠰᠢᠭ ᠥᠬᠡᠶ ᠪᠠᠶ᠋ᠢᠵᠤ᠂ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠳᠠᠷᠤᠯᠲᠠ ᠵᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ ᠪᠠᠶ᠋ᠢᠨ᠎ᠠ᠂ ᠡᠶ᠋ᠢᠮᠦ᠎ᠠᠴᠠ ᠡᠷᠬᠡᠪᠰᠢ ᠨᠠᠩ ᠶᠡᠬᠡ ᠬᠦᠴᠦᠨ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ ᠠᠰᠢᠭ ᠥᠬᠡᠶ ᠴᠠᠭ ᠠᠭᠤᠷ᠎ᠤᠨ ᠨᠥᠬᠥᠴᠡᠯ᠎ᠠᠴᠠ ᠪᠣᠯᠤᠭᠰᠠᠨ ᠨᠠᠵᠠᠭ᠋ᠠᠶ ᠨᠥᠯᠥᠭᠡ ᠵᠢ ᠠᠷᠢᠯᠭ᠋ᠠᠬᠤ ᠬᠡᠷᠡᠭᠲᠡᠶ ᠃
ᠤᠢ᠌ᠷ᠎ᠠ᠎ᠳᠤ᠂ ᠠᠮᠢ ᠠᠬᠤᠶ ᠣᠷᠴᠢᠨ ᠲᠤᠭᠤᠷᠢᠨ᠎ᠤ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠪᠡᠭᠡᠵᠢᠩ ᠲᠢᠶᠠᠨᠵᠢᠨ ᠾᠧᠪᠧᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ 2019 — 2020 ᠤᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠶ᠋ᠢᠯᠡᠨ ᠵᠠᠰᠠᠬᠤ ᠬᠦᠴᠢᠷ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ ᠵᠢᠨ ᠲᠥᠰᠦᠯ》᠎ᠢ ᠨᠡᠶ᠋ᠢᠲᠡᠯᠡᠵᠦ᠂ ᠡᠨᠡ ᠵᠢᠯ᠎ᠤᠨ ᠪᠡᠭᠡᠵᠢᠩ ᠲᠢᠶᠠᠨᠵᠢᠨ ᠾᠧᠪᠧᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠶ᠋ᠢᠯᠡᠨ ᠵᠠᠰᠠᠬᠤ ᠠᠵᠢᠯ᠎ᠳᠤ ᠪᠥᠬᠥ ᠲᠠᠯ᠎ᠠ ᠵᠢᠨ ᠲᠣᠬᠢᠷᠠᠭᠤᠯᠤᠯᠲᠠ ᠪᠠ ᠪᠠᠶ᠋ᠢᠷᠢᠯᠠᠭᠤᠯᠤᠯᠲᠠ ᠬᠢᠵᠦ᠂ ᠪᠡᠭᠡᠵᠢᠩ ᠲᠢᠶᠠᠨᠵᠢᠨ ᠾᠧᠪᠧᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ 2019 ᠤᠨ᠎ᠤ ᠣᠷᠴᠢᠨ ᠲᠤᠭᠤᠷᠢᠨ᠎ᠢ ᠰᠠᠢ᠍ᠵᠢᠷᠠᠭᠤᠯᠬᠤ ᠬᠠᠷᠠᠯᠲᠠ ᠵᠢ ᠪᠥᠬᠥ ᠲᠠᠯ᠎ᠠ᠎ᠪᠠᠷ ᠪᠡᠶᠡᠯᠡᠭᠦᠯᠵᠦ᠂ ᠨᠠᠮᠤᠷ ᠡᠪᠦᠯ᠎ᠤᠨ ᠤᠯᠠᠷᠢᠯ᠎ᠤᠨ ᠬᠤᠭᠤᠴᠠᠭ᠋ᠠᠨ᠎ᠤ P M 2.5 ᠵᠢᠨ ᠳᠤᠮᠳᠠᠴᠢ ᠥᠳᠬᠡᠴᠡ ᠵᠢ ᠠᠳᠠᠯᠢ ᠬᠤᠭᠤᠴᠠᠭ᠋ᠠᠨ᠎ᠤ᠎ᠬᠢ᠎ᠠᠴᠠ 4 %᠎ᠪᠠᠷ ᠪᠠᠭᠤᠷᠠᠭᠤᠯᠵᠤ᠂ ᠡᠭᠦᠨ᠎ᠠᠴᠠ ᠳᠡᠭᠡᠭᠰᠢᠬᠢ ᠪᠣᠬᠢᠷᠲᠤᠯ᠎ᠤᠨ ᠡᠳᠦᠷ᠎ᠤᠨ ᠲᠣᠭ᠎ᠠ ᠵᠢ ᠠᠳᠠᠯᠢ ᠬᠤᠭᠤᠴᠠᠭ᠋ᠠᠨ᠎ᠤ᠎ᠬᠢ᠎ᠠᠴᠠ 6 %᠎ᠪᠠᠷ ᠪᠠᠭ᠋ᠠᠰᠬᠠᠬᠤ ᠬᠡᠷᠡᠭᠲᠡᠶ ᠭᠡᠵᠦ ᠳᠤᠷᠠᠳᠤᠨ ᠭᠠᠷᠭ᠋ᠠᠪᠠ᠃
ᠦᠨᠦ ᠵᠢᠯ᠎ᠤᠨ ᠨᠠᠮᠤᠷ ᠡᠪᠦᠯ᠎ᠤᠨ ᠤᠯᠠᠷᠢᠯ᠎ᠤᠨ ᠪᠣᠭᠣᠮᠲᠠ ᠰᠢᠪᠲᠤᠯᠬᠤ ᠠᠵᠢᠯᠯᠠᠭ᠎ᠠ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠥᠩᠭᠡᠷᠡᠭᠡᠭᠰᠡᠨ ᠤ ᠰᠠᠶ᠋ᠢᠨ ᠲᠤᠷᠰᠢᠯᠭ᠎ᠠ ᠪᠠ ᠠᠷᠭ᠎ᠠ ᠪᠠᠷᠢᠯ᠎ᠢ ᠦᠷᠭᠦᠯᠵᠢᠯᠡᠨ ᠠᠬᠢᠭᠤᠯᠪᠠ᠃ ᠠᠵᠢᠯ᠎ᠤᠨ ᠦᠷᠭᠦᠯᠵᠢᠯᠡᠬᠦ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠦᠨᠦ ᠵᠢᠯ᠎ᠤᠨ ᠨᠠᠮᠤᠷ ᠡᠪᠦᠯ᠎ᠤᠨ ᠤᠯᠠᠷᠢᠯ᠎ᠤᠨ ᠬᠦᠴᠢᠷ ᠰᠡᠳᠦᠪ᠎ᠢ ᠰᠢᠢ᠍ᠳᠪᠦᠷᠢᠯᠡᠬᠦ ᠠᠵᠢᠯᠯᠠᠭ᠎ᠠ᠎ᠨᠢ ᠬᠠᠤᠯᠢ ᠶᠣᠰᠣᠨ᠎ᠤ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠬᠠᠨᠳᠤᠯᠭ᠋ᠠᠲᠤ ᠴᠢᠨᠠᠷ ᠪᠠ ᠦᠢ᠍ᠯᠡᠳᠬᠦᠢ᠌ᠴᠢ ᠴᠢᠨᠠᠷ ᠢ ᠨᠠᠩ ᠢᠯᠡᠭᠦᠤ ᠴᠢᠬᠤᠯᠠᠴᠢᠯᠠᠵᠠᠶ᠃
ᠨᠢᠭᠡ᠎ᠳᠤ᠂ ᠬᠠᠤᠯᠢ ᠴᠠᠭ᠋ᠠᠵᠠ ᠳᠦᠷᠢᠮ ᠲᠣᠭᠲᠠᠭ᠋ᠠᠯ ᠢ ᠨᠠᠩ ᠴᠢᠩᠭ᠋ᠠᠳᠬᠠᠨ᠎ᠠ᠃ 《ᠪᠦᠬᠦᠨ᠎ᠢ ᠠᠳᠠᠯᠢ᠎ᠪᠠᠷ ᠱᠠᠭ᠋ᠠᠷᠳᠠᠬᠤ》 ᠵᠢ ᠡᠷᠡᠰ ᠡᠰᠡᠷᠭᠦᠴᠡᠵᠦ᠂ ᠡᠨᠡ ᠵᠢᠯ᠎ᠤᠨ ᠨᠠᠮᠤᠷ ᠡᠪᠦᠯ᠎ᠤᠨ ᠤᠯᠠᠷᠢᠯ᠎ᠤᠨ ᠪᠣᠭᠣᠮᠲᠠ ᠰᠢᠪᠲᠤᠯᠬᠤ ᠠᠵᠢᠯᠯᠠᠭ᠎ᠠ ᠵᠢᠨ ᠲᠥᠰᠦᠯ᠎ᠳᠤ ᠠᠯᠪᠠᠳᠠᠯᠭ᠎ᠠ ᠵᠢᠨ ᠴᠢᠨᠠᠷᠲᠠᠶ ᠣᠷᠭᠢᠯ ᠦᠶ᠎ᠡ᠎ᠳᠤ ᠵᠦᠷᠢᠬᠦᠯᠦᠨ ᠦᠢ᠍ᠯᠡᠳᠪᠦᠷᠢᠯᠡᠬᠦ ᠂ ᠶᠡᠬᠡ ᠬᠡᠪᠴᠢᠶ᠎ᠡ᠎ᠪᠠᠷ ᠦᠢ᠍ᠯᠡᠳᠪᠦᠷᠢᠯᠡᠯ᠎ᠢ ᠵᠣᠭᠰᠣᠭ᠋ᠠᠬᠤ ᠵᠡᠷᠭᠡ ᠱᠠᠭ᠋ᠠᠷᠳᠠᠯᠭ᠎ᠠ᠎ᠲᠠᠢ ᠤᠭᠲᠤ ᠬᠣᠯᠪᠣᠭᠳᠠᠭᠰᠠᠨ ᠥᠬᠡᠶ᠂ 《ᠪᠦᠬᠦᠨ᠎ᠢ ᠬᠠᠭ᠋ᠠᠵᠤ ᠵᠣᠭᠰᠣᠭ᠋ᠠᠬᠤ》᠂ 《ᠤᠷᠢᠳᠠᠪᠠᠷ ᠵᠣᠭᠰᠣᠭ᠋ᠠᠵᠤ ᠳᠠᠷᠠᠭ᠎ᠠ᠎ᠨᠢ ᠰᠢᠢ᠍ᠳᠪᠦᠷᠢᠯᠡᠬᠦ》 ᠵᠡᠷᠭᠡ ᠠᠷᠭ᠋ᠠᠴᠠᠬᠤ ᠠᠷᠭ᠎ᠠ ᠵᠢ ᠡᠷᠡᠰ ᠡᠰᠡᠷᠭᠦᠴᠡᠵᠦ᠂ ᠬᠠᠤᠯᠢ ᠲᠣᠭᠲᠠᠭ᠋ᠠᠯ ᠢ ᠴᠢᠩᠭ᠎ᠠ ᠵᠢᠷᠤᠮᠯᠠᠨ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠬᠢᠨ᠎ᠡ᠃
ᠬᠣᠶᠠᠷ᠎ᠲᠤ᠂ ᠰᠢᠨᠵᠢᠯᠡᠬᠦ ᠤᠬᠠᠭ᠋ᠠᠨᠴᠢ᠎ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠵᠢ ᠨᠠᠩ ᠳᠣᠪᠣᠶ᠋ᠢᠯᠭ᠋ᠠᠨ᠎ᠠ᠃ ᠵᠥᠷᠢᠶ᠎ᠡ᠎ᠲᠠᠢ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢ ᠬᠡᠷᠡᠭᠵᠢᠭᠦᠯᠵᠦ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠪᠦᠲᠦᠮᠵᠢᠲᠡᠶ ᠠᠷᠭ᠋ᠠᠴᠠᠬᠤ ᠬᠡᠷᠡᠭᠲᠡᠶ᠃ ᠡᠯ᠎ᠡ ᠭᠠᠵᠠᠷ᠎ᠤᠨ᠎ᠬᠢᠨ 《ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠬᠤ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠪᠠᠲᠤᠳᠬᠠᠬᠤ ᠲᠤᠬᠠᠢ ᠵᠢᠯᠣᠭᠣᠳᠬᠤ ᠰᠠᠨᠠᠯ》᠎ᠢ ᠦᠨᠳᠦᠰᠦᠯᠡᠨ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ ᠵᠶ᠋ᠡᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠪᠠᠲᠤᠳᠬᠠᠨ᠂ ᠠᠵᠤ ᠠᠬᠤᠶ᠋ᠢᠯᠠᠯ᠎ᠢ ᠲᠥᠷᠥᠯ ᠠᠩᠭᠢᠯᠠᠨ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠵᠦ᠂ A ᠲᠡᠰ᠎ᠤᠨ ᠠᠵᠤ ᠠᠬᠤᠶ᠋ᠢᠯᠠᠯ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠤᠭᠤᠴᠠᠭ᠋ᠠᠨ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠠᠪᠬᠤ ᠥᠬᠡᠶ ᠪᠠᠶ᠋ᠢᠵᠤ ᠪᠣᠯᠬᠤ ᠥᠬᠡᠶ᠂ B ᠲᠡᠰ᠎ᠤᠨ ᠠᠵᠤ ᠠᠬᠤᠶ᠋ᠢᠯᠠᠯ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠵᠣᠬᠢᠰᠲᠠᠶ᠎ᠪᠠᠷ ᠪᠠᠭ᠋ᠠᠰᠬᠠᠬᠤ ᠬᠡᠷᠡᠭᠲᠡᠶ ᠭᠡᠵᠦ ᠱᠠᠭ᠋ᠠᠷᠳᠠᠪᠠ᠃
ᠭᠤᠷᠪᠠ᠎ᠳᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠬᠤ ᠵᠢ ᠨᠠᠩ ᠴᠢᠬᠤᠯᠠᠴᠢᠯᠠᠨ᠎ᠠ᠃ 2019 — 2020 ᠤᠨ᠎ᠤ ᠨᠠᠮᠤᠷ ᠡᠪᠦᠯ᠎ᠤᠨ ᠤᠯᠠᠷᠢᠯ᠎ᠤᠨ ᠬᠣᠲᠠ ᠵᠢᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠬᠠᠷᠠᠯᠲᠠ ᠵᠢ ᠲᠣᠭᠲᠠᠭ᠋ᠠᠬᠤ᠎ᠳᠠᠭᠠᠨ᠂ ᠡᠯ᠎ᠡ ᠭᠠᠵᠠᠷ᠎ᠤᠨ ᠠᠵᠢᠯ᠎ᠤᠨ ᠪᠣᠳᠠᠲᠤ ᠪᠠᠢ᠌ᠳᠠᠯ ᠪᠠ ᠦᠢ᠍ᠯᠡᠳᠬᠦᠢ᠌ᠴᠢ ᠴᠢᠨᠠᠷ᠎ᠢ ᠭᠦᠢ᠍ᠴᠡᠳ ᠪᠣᠳᠣᠯᠬᠢᠯᠠᠵᠤ᠂ ᠡᠯ᠎ᠡ ᠬᠣᠲᠠ ᠵᠢᠨ ᠳᠡᠭᠡᠷ᠎ᠡ ᠨᠢᠭᠡ ᠨᠠᠮᠤᠷ ᠡᠪᠦᠯ᠎ᠤᠨ ᠤᠯᠠᠷᠢᠯ᠎ᠤᠨ P M 2.5 ᠵᠢᠨ ᠥᠳᠬᠡᠴᠡ ᠵᠢᠨ ᠬᠡᠮᠵᠢᠭᠳᠡᠯ ᠬᠢᠭᠡᠳ ᠥᠩᠭᠡᠷᠡᠭᠡᠭᠰᠡᠨ ᠬᠣᠶᠠᠷ ᠨᠠᠮᠤᠷ ᠡᠪᠦᠯ᠎ᠤᠨ ᠤᠯᠠᠷᠢᠯ᠎ᠤᠨ ᠨᠡᠶ᠋ᠢᠲᠡ ᠪᠠᠭᠤᠷᠠᠯᠲᠠ ᠵᠢᠨ ᠬᠡᠮᠵᠢᠶ᠎ᠡ ᠵᠢ ᠦᠨᠳᠦᠰᠦᠯᠡᠨ ᠲᠤᠰ ᠲᠤᠰ ᠳᠡᠰ ᠬᠤᠪᠢᠶᠠᠵᠤ᠂ ᠡᠯ᠎ᠡ ᠲᠡᠰ᠎ᠤᠨ ᠰᠠᠶ᠋ᠢᠵᠢᠷᠠᠭᠤᠯᠬᠤ ᠬᠠᠷᠠᠯᠲᠠ ᠵᠢ ᠲᠣᠭᠲᠠᠭ᠋ᠠᠨ᠂ ᠳᠡᠭᠡᠷ᠎ᠡ ᠨᠢᠭᠡ ᠨᠠᠮᠤᠷ ᠡᠪᠦᠯ᠎ᠤᠨ ᠤᠯᠠᠷᠢᠯ᠎ᠤᠨ P M 2.5 ᠵᠢᠨ ᠥᠳᠬᠡᠴᠡ᠎ᠨᠢ ᠤᠯᠠᠮ ᠦᠨᠳᠦᠷ᠂ ᠨᠡᠢ᠌ᠳᠡ ᠪᠠᠭᠤᠷᠠᠯᠳᠠ ᠵᠢᠨ ᠬᠡᠮᠵᠢᠶ᠎ᠡ᠎ᠨᠢ ᠤᠯᠠᠮ ᠲᠤᠤᠷ᠎ᠠ ᠪᠠᠢ᠌ᠪᠠᠯ᠂ ᠲᠤᠰ ᠨᠠᠮᠤᠷ ᠡᠪᠦᠯ᠎ᠤᠨ ᠤᠯᠠᠷᠢᠯ᠎ᠤᠨ ᠬᠠᠷᠠᠯᠲᠠ ᠵᠢ ᠤᠯᠠᠮ ᠥᠨᠳᠥᠷ ᠪᠣᠯᠭ᠋ᠠᠨ᠎ᠠ᠃
ᠳᠠᠷᠠᠭ᠋ᠠᠴᠢ ᠵᠢᠨ ᠠᠯᠬᠤᠮ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠨᠢ ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠪᠠᠶ᠋ᠢᠷᠢᠯᠠᠭᠤᠯᠤᠯᠲᠠ ᠶᠣᠰᠣᠭ᠋ᠠᠷ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠣᠷᠣᠨ ᠨᠤᠲᠤᠭ᠎ᠲᠠᠢ ᠬᠣᠯᠪᠣᠭ᠋ᠠᠯᠠᠨ ᠡᠯ᠎ᠡ ᠵᠦᠢ᠍ᠯ᠎ᠤᠨ ᠡᠭᠦᠷᠭᠡ ᠠᠷᠭ᠎ᠠ ᠬᠡᠮᠵᠢᠶ᠎ᠡ ᠵᠢ ᠯᠠᠪᠳᠠᠭᠤᠨ ᠪᠠᠲᠤᠲᠠᠶ ᠠᠬᠢᠭᠤᠯᠵᠤ᠂ ᠬᠥᠬᠡ ᠣᠭᠲᠠᠷᠭᠤᠶ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠴᠤᠭᠴᠠᠯᠠᠨ ᠪᠠᠢ᠌ᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠨ᠎ᠠ᠃