2018 ᠣᠨ᠎ᠤ 12 ᠰᠠᠷ᠎ᠠ ᠵᠢᠨ 27᠎ᠤ ᠡᠳᠦᠷ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠬᠠᠮᠳᠤᠷᠠᠨ ᠵᠠᠰᠠᠬᠤ ᠠᠵᠢᠯ᠎ᠢ ᠠᠬᠢᠭᠤᠯᠬᠤ ᠬᠤᠷᠠᠯ ᠦᠬᠠᠢ ᠬᠣᠲᠠ᠎ᠳᠤ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠪᠤᠤ ᠭᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃
ᠪᠤᠤ ᠭᠠᠩ ᠵᠢᠭ᠋ᠠᠵᠤ ᠭᠠᠷᠭ᠋ᠠᠭᠰᠠᠨ᠎ᠨᠢ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ ᠪᠣᠯ ᠪᠦᠬᠦ ᠣᠷᠣᠨ᠎ᠤ ᠬᠥᠬᠡ ᠣᠭᠲᠠᠷᠭᠤᠢ ᠵᠢ ᠬᠠᠮᠠᠭ᠋ᠠᠯᠠᠬᠤ ᠲᠠᠢ᠌ᠯᠠᠯᠳᠤᠭ᠋ᠠᠨ᠎ᠤ ᠢᠯᠠᠯᠲᠠ ᠵᠢ ᠣᠯᠬᠤ ᠭᠣᠣᠯᠳᠠᠯᠭ᠎ᠠ᠎ᠲᠠᠢ ᠣᠷᠣᠨ ᠪᠦᠰᠡ ᠪᠣᠯᠤᠨ᠎ᠠ᠂ ᠣᠶ᠋ᠢᠷ᠎ᠠ ᠵᠢᠨ ᠬᠡᠳᠦᠨ ᠵᠢᠯ᠎ᠤᠨ ᠦᠷᠭᠦᠯᠵᠢᠯᠡᠨ ᠵᠠᠰᠠᠬᠤ᠎ᠪᠠᠷ ᠳᠠᠮᠵᠢᠭ᠋ᠠᠳ᠂ ᠣᠷᠣᠨ ᠪᠦᠰᠡ ᠵᠢᠨ ᠣᠷᠴᠢᠨ ᠲᠣᠭᠣᠷᠢᠨ᠎ᠤ ᠶᠠᠰᠤ ᠴᠢᠨᠠᠷ ᠨᠡᠯᠢᠶᠡᠳ ᠶᠡᠬᠡ ᠰᠠᠶ᠋ᠢᠵᠢᠷᠠᠵᠠᠢ᠃ ᠤᠯᠤᠰ ᠲᠥᠷᠥ ᠵᠢᠨ ᠵᠤᠭᠰᠤᠴᠠ᠎ᠪᠠᠨ ᠦᠨᠡᠨᠬᠦ ᠳᠡᠭᠡᠭᠰᠢᠯᠡᠭᠦᠯᠵᠦ᠂ ᠣᠷᠣᠰᠢᠵᠤ ᠪᠠᠶ᠋ᠢᠭ᠎ᠠ ᠳᠣᠪᠣᠶ᠋ᠢᠮ᠎ᠠ ᠠᠰᠠᠭᠤᠳᠠᠯ᠎ᠢ ᠲᠣᠳᠣᠷᠬᠠᠢ ᠲᠠᠨᠢᠵᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ ᠪᠣᠯᠤᠨ ᠠᠵᠢᠯ᠎ᠤᠨ ᠪᠠᠴᠢᠮ ᠲᠤᠯᠭ᠋ᠠᠮ᠎ᠠ ᠰᠡᠳᠬᠢᠯᠭᠡ᠎ᠪᠠᠷ ᠡᠨᠡ ᠤᠳᠠᠭ᠋ᠠᠨ᠎ᠤ ᠳᠠᠶ᠋ᠢᠯᠠᠯᠳᠤᠭ᠋ᠠᠨ᠎ᠳᠤ ᠢᠯᠠᠯᠲᠠ ᠣᠯᠬᠤ ᠬᠡᠷᠡᠭᠲᠡᠢ ᠭᠡᠪᠡ᠃
ᠪᠤᠤ ᠭᠠᠩ ᠴᠢᠬᠤᠯᠠᠴᠢᠯᠠᠭᠰᠠᠨ᠎ᠨᠢ᠂ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠪᠣᠯ ᠨᠢᠭᠡ ᠵᠦᠢ᠍ᠯ᠎ᠤᠨ ᠰᠢᠰᠲ᠋ᠧᠮᠲᠦ ᠢᠨᠵᠧᠨᠧᠷᠢᠩ ᠪᠠᠶ᠋ᠢᠵᠤ᠂ ᠭᠠᠵᠠᠷ ᠣᠷᠣᠨ᠂ ᠰᠠᠯᠠᠭ᠎ᠠ ᠮᠥᠴᠢᠷ ᠪᠣᠯᠤᠨ ᠠᠵᠤ ᠠᠬᠤᠶ᠋ᠢᠯᠠᠯ᠎ᠤᠳ ᠨᠢᠭᠡᠳᠦᠯᠲᠡᠢ ᠲᠥᠯᠥᠪᠯᠡᠨ ᠨᠡᠶ᠋ᠢᠲᠡᠳᠤᠨᠢ ᠬᠠᠷᠠᠭ᠋ᠠᠯᠵᠠᠵᠤ᠂ ᠵᠣᠬᠢᠴᠠᠯᠳᠤᠨ ᠬᠠᠮᠲᠤᠷᠠᠨ ᠬᠥᠳᠡᠯᠦᠯᠴᠡᠵᠦ᠂ ᠠᠵᠢᠯ᠎ᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠠᠵᠢᠯ᠎ᠤᠨ ᠭᠣᠣᠯᠳᠠᠯᠭ᠎ᠠ᠎ᠪᠠᠨ ᠳᠣᠪᠣᠶ᠋ᠢᠯᠭ᠋ᠠᠵᠤ᠂ ᠠᠭᠤᠷᠬᠠᠢ ᠵᠢᠨ ᠣᠷᠴᠢᠨ ᠲᠣᠭᠣᠷᠢᠨ᠎ᠤ ᠶᠡᠷᠦᠩᠬᠡᠶ᠋ᠢᠯᠡᠭᠰᠡᠨ ᠵᠠᠰᠠᠯᠲᠠ ᠵᠢ ᠴᠢᠩᠭ᠋ᠠᠳᠬᠠᠵᠤ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠤᠭᠳᠠᠭᠰᠠᠨ ᠪᠠᠷᠢᠮᠵᠢᠶ᠎ᠠ᠎ᠳᠤ ᠬᠦᠷᠬᠡᠨ ᠭᠠᠳᠠᠭᠰᠢᠯᠠᠭᠤᠯᠬᠤ ᠵᠢ ᠦᠨᠡᠨᠬᠦ ᠪᠠᠲᠤᠯᠠᠵᠤ᠂ ᠡᠪᠦᠯ᠎ᠤᠨ ᠤᠯᠠᠷᠢᠯ᠎ᠤᠨ ᠨᠡᠬᠦᠷᠡᠰᠦᠨ᠎ᠤ ᠰᠢᠳᠠᠭ᠋ᠠᠯᠭ᠎ᠠ ᠵᠢ ᠵᠠᠰᠠᠬᠤ ᠵᠢ ᠲᠦᠯᠬᠢᠨ ᠠᠬᠢᠭᠤᠯᠵᠤ᠂ ᠰᠢᠯᠵᠢᠮᠡᠯ ᠪᠣᠬᠢᠷᠲᠤᠯ᠎ᠤᠨ ᠰᠤᠷᠪᠤᠯᠵᠢ ᠵᠢ ᠵᠠᠰᠠᠬᠤ ᠵᠢ ᠴᠢᠩᠭ᠋ᠠᠳᠬᠠᠨ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠪᠠ ᠪᠣᠬᠢᠷᠲᠤᠯ ᠥᠬᠡᠢ ᠬᠥᠭᠵᠢᠬᠦ ᠵᠢ ᠲᠦᠷᠭᠡᠳᠬᠡᠵᠦ᠂ ᠵᠠᠷᠯᠠᠨ ᠮᠡᠳᠡᠭᠳᠡᠵᠦ ᠬᠠᠷᠢᠭᠤᠴᠠᠯᠭ᠎ᠠ ᠬᠡᠯᠡᠯᠴᠡᠬᠦ ᠡᠷᠴᠢᠮ᠎ᠢ ᠴᠢᠩᠭ᠋ᠠᠷᠠᠭᠤᠯᠤᠨ᠂ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠡᠵᠡᠮᠳᠡᠬᠦ ᠬᠠᠮᠳᠤᠷᠠᠨ ᠵᠠᠰᠠᠬᠤ ᠡᠯ᠎ᠡ ᠵᠦᠢ᠍ᠯ᠎ᠤᠨ ᠠᠵᠢᠯ᠎ᠢ ᠦᠨᠡᠨᠬᠦ ᠪᠣᠳᠠᠲᠤ ᠭᠠᠵᠠᠷ᠎ᠲᠤᠨᠢ ᠨᠠᠶ᠋ᠢᠳᠠᠪᠤᠷᠢᠵᠢᠭᠤᠯᠬᠤ ᠬᠡᠷᠡᠭᠲᠡᠢ ᠭᠡᠵᠡᠢ᠃
ᠬᠤᠷᠠᠯ᠎ᠠᠴᠠ ᠦᠬᠠᠢ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠨ ᠱᠠᠭ᠋ᠠᠷᠳᠠᠨ ᠪᠠᠶ᠋ᠢᠴᠠᠭ᠋ᠠᠭᠰᠠᠨ ᠪᠠᠶ᠋ᠢᠳᠠᠯ᠎ᠢ ᠮᠡᠳᠡᠭᠳᠡᠵᠦ᠂ ᠦᠬᠠᠢ ᠬᠣᠲᠠ᠂ ᠣᠷᠳᠣᠰ ᠬᠣᠲᠠ᠂ ᠠᠯᠠᠱ᠌ᠠ ᠠᠶ᠋ᠢᠮᠠᠭ᠎ᠤᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠪᠣᠯᠤᠨ ᠬᠡᠰᠡᠭ ᠠᠵᠤ ᠠᠬᠤᠶ᠋ᠢᠯᠠᠯ᠎ᠤᠨ ᠣᠪᠣᠷ ᠵᠶ᠋ᠠᠨ ᠢᠯᠡᠳᠭᠡᠭᠰᠡᠨ ᠶᠠᠷᠢᠶ᠎ᠠ ᠵᠢ ᠰᠣᠨᠣᠰᠪᠠ᠃