ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠯᠣᠳ ᠲᠡᠮᠦᠷ᠎ᠤᠨ ᠠᠵᠢᠯ ᠲᠥᠷᠥᠯ᠎ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠵᠢ ᠠᠬᠢᠭᠤᠯᠬᠤ ᠬᠡᠷᠡᠭᠵᠢᠭᠦᠯᠬᠦ ᠲᠥᠰᠦᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-05-18

      ᠪᠣᠯᠣᠳ ᠲᠡᠮᠦᠷ᠎ᠤᠨ ᠠᠵᠢᠯ ᠲᠥᠷᠥᠯ᠎ᠤᠨ ᠴᠢᠨᠠᠷ ᠰᠠᠶ᠋ᠢᠲᠠᠶ ᠬᠥᠭᠵᠢᠯᠲᠡ ᠪᠤᠯᠤᠨ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠠᠬᠢᠭᠤᠯᠵᠤ᠂ ᠬᠥᠬᠡ ᠣᠭᠲᠠᠷᠭᠤᠶ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠬᠦᠴᠦᠨ ᠨᠡᠮᠡᠷᠢᠯᠡᠬᠦ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠤᠷᠢ ᠪᠠ ᠮᠡᠳᠡᠭᠡ ᠵᠠᠩᠭᠢᠴᠢᠯᠠᠯᠳᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠵᠡᠷᠭᠡ ᠲᠠᠪᠤᠨ ᠰᠠᠯᠠᠭ᠎ᠠ ᠮᠥᠴᠢᠷ ᠬᠠᠮᠲᠤᠷᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠯᠣᠳ ᠲᠡᠮᠦᠷ᠎ᠤᠨ ᠠᠵᠢᠯ ᠲᠥᠷᠥᠯ᠎ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠵᠢ ᠠᠬᠢᠭᠤᠯᠬᠤ ᠬᠡᠷᠡᠭᠵᠢᠭᠦᠯᠬᠦ ᠲᠥᠰᠦᠯ》 (ᠳᠣᠷᠣᠭᠰᠢ 《ᠬᠡᠷᠡᠭᠵᠢᠭᠦᠯᠬᠦ ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠬᠠᠮᠢᠶ᠎ᠠ ᠪᠦᠬᠦᠢ ᠠᠭᠤᠯᠭ᠎ᠠ ᠵᠢ ᠳᠣᠣᠷᠠᠬᠢ ᠮᠡᠲᠦ ᠲᠠᠶ᠋ᠢᠯᠪᠤᠷᠢᠯᠠᠶ᠎ᠠ᠄
      ᠨᠢᠭᠡ᠂ 《ᠬᠡᠷᠡᠭᠵᠢᠭᠦᠯᠬᠦ ᠲᠥᠯᠥᠪᠯᠡᠭᠡ》 ᠵᠢ ᠨᠡᠶ᠋ᠢᠲᠡᠯᠡᠭᠰᠡᠨ ᠠᠬᠤᠶ ᠪᠠᠶ᠋ᠢᠳᠠᠯ
      ᠪᠣᠯᠣᠳ ᠲᠡᠮᠦᠷ᠎ᠤᠨ ᠠᠵᠢᠯ ᠲᠥᠷᠥᠯ᠎ᠤᠨ ᠭᠠᠷ ᠤᠷᠠᠯᠠᠯ᠎ᠤᠨ ᠶᠠᠪᠤᠴᠠ ᠤᠷᠲᠤ᠂ ᠪᠣᠬᠢᠷᠲᠤᠯ᠎ᠤᠨ ᠭᠣᠭᠴᠣᠭ᠎ᠠ ᠣᠯᠠᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠡᠬᠡ ᠪᠠᠢ᠍ᠢ᠍ᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠤᠷᠢ ᠵᠢᠨ ᠬᠠᠶᠠᠭᠳᠠᠮᠠᠯ ᠬᠡᠢ ᠵᠢ ᠵᠠᠰᠠᠬᠤ ᠠᠵᠢᠯ᠎ᠤᠨ ᠭᠣᠤᠯᠳᠠᠯᠭ᠎ᠠ ᠪᠣᠯᠬᠣ ᠶᠤᠮ᠃ ᠪᠣᠯᠣᠳ ᠲᠡᠮᠦᠷ᠎ᠤᠨ ᠠᠵᠢᠯ ᠲᠥᠷᠥᠯ᠎ᠤᠨ ᠭᠡᠲᠦ ᠲᠤᠤᠷ᠎ᠠ ᠭᠠᠳᠠᠭᠰᠢᠯᠠᠭᠤᠯᠤᠯᠲᠠ ᠵᠢ ᠠᠬᠢᠭᠤᠯᠬᠤ ᠪᠣᠯ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ 《ᠬᠥᠬᠡ ᠣᠭᠲᠠᠷᠭᠤᠶ ᠵᠢ ᠬᠠᠮᠠᠭ᠋ᠠᠯᠠᠬᠤ ᠲᠠᠢ᠌ᠯᠠᠯᠳᠤᠭ᠋ᠠᠨ᠎ᠤ ᠢᠯᠠᠯᠲᠠ ᠵᠢ ᠣᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》᠎ᠳᠤ ᠲᠣᠭᠲᠠᠭ᠋ᠠᠭᠰᠠᠨ ᠭᠣᠤᠯᠳᠠᠯᠭ᠎ᠠ᠎ᠲᠠᠢ ᠡᠭᠦᠷᠭᠡ ᠵᠢᠨ ᠨᠢᠭᠡ ᠪᠣᠯᠤᠨ᠎ᠠ᠂ ᠮᠦᠨ ᠴᠤ᠌ ᠮᠠᠨ᠎ᠤ ᠣᠷᠣᠨ᠎ᠤ ᠠᠵᠢᠯ ᠲᠥᠷᠥᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ ᠵᠡᠷᠭᠡ 5 ᠶᠠᠮᠤᠨ ᠵᠥᠪᠯᠡᠯ᠎ᠤᠨ 《ᠪᠣᠯᠣᠳ ᠲᠡᠮᠦᠷ᠎ᠤᠨ ᠠᠵᠢᠯ ᠲᠥᠷᠥᠯ᠎ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠵᠢ ᠬᠡᠷᠡᠭᠵᠢᠭᠦᠯᠬᠦ ᠵᠢ ᠠᠬᠢᠭᠤᠯᠬᠤ ᠲᠤᠬᠠᠶ ᠰᠠᠨᠠᠯ》 (ᠤᠷᠴᠢᠨ ᠠᠭ᠋ᠠᠷ ᠮᠠᠨᠳᠠᠯ [2019] 35 ᠳ᠋ᠤᠭ᠋ᠠᠷ ᠲᠣᠭ᠋ᠠᠲᠤ) ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡ ᠣᠭᠲᠠᠷᠭᠤᠶ ᠵᠢ ᠬᠠᠮᠠᠭ᠋ᠠᠯᠠᠬᠤ ᠲᠠᠢ᠌ᠯᠠᠯᠳᠤᠭ᠋ᠠᠨ᠎ᠳᠤ ᠢᠯᠠᠯᠲᠠ ᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢᠨ ᠬᠡᠷᠡᠭᠵᠢᠭᠦᠯᠬᠦ           ᠲᠥᠰᠦᠯ》 (ᠥᠪᠥᠷ ᠵᠠᠰᠠᠭ ᠲᠠᠷᠬᠠᠭ᠋ᠠᠭᠰᠠᠨ [2018] 37 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠢ᠍ᠢ᠍ᠳᠠᠯ᠎ᠲᠠᠢ ᠤᠶᠠᠯᠳᠤᠭᠤᠯᠤᠨ᠂ 《ᠬᠡᠷᠡᠭᠵᠢᠭᠦᠯᠬᠦ ᠲᠥᠰᠦᠯ》᠎ᠢ ᠲᠤᠭᠳᠠᠭ᠋ᠠᠭᠰᠠᠨ ᠪᠠᠢ᠍ᠢ᠍ᠨ᠎ᠠ᠃
      ᠬᠣᠶᠠᠷ᠂ ᠪᠣᠯᠣᠳ ᠲᠡᠮᠦᠷ᠎ᠤᠨ ᠠᠵᠢᠯ ᠲᠥᠷᠥᠯ᠎ᠤᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠵᠢᠨ ᠬᠠᠷᠠᠯᠲᠠ
     《ᠬᠡᠷᠡᠭᠵᠢᠭᠦᠯᠬᠦ ᠲᠥᠰᠦᠯ》᠎ᠳᠤ ᠥᠪᠡᠷᠲᠡᠭᠡᠨ ᠵᠠᠰᠠᠬᠤ ᠣᠷᠣᠨ᠎ᠤ ᠰᠢᠨ᠎ᠡ᠎ᠪᠠᠷ ᠪᠠᠶ᠋ᠢᠭᠤᠯᠬᠤ ᠪᠠ ᠨᠡᠭᠦᠯᠭᠡᠬᠦ᠎ᠪᠠᠷ ᠪᠠᠢ᠍ᠢ᠍ᠭ᠎ᠠ ᠪᠣᠯᠣᠳ ᠲᠡᠮᠦᠷ᠎ᠤᠨ ᠠᠵᠤ ᠠᠬᠤᠶ᠋ᠢᠯᠠᠯ᠂ ᠣᠲᠣ ᠵᠢᠨ ᠪᠠᠶ᠋ᠢᠭ᠎ᠠ ᠪᠣᠯᠣᠳ ᠲᠡᠮᠦᠷ᠎ᠤᠨ ᠠᠵᠤ ᠠᠬᠤᠶ᠋ᠢᠯᠠᠯ᠎ᠳᠤ ᠬᠠᠨᠳᠣᠭᠤᠯᠤᠨ ᠬᠣᠶᠠᠷ ᠲᠥᠷᠥᠯ᠎ᠤᠨ ᠥᠭᠡᠷᠡᠴᠢᠯᠡᠯᠲᠡ ᠵᠢᠨ ᠬᠠᠷᠠᠯᠲᠠ ᠵᠢ ᠲᠣᠭᠲᠠᠭ᠋ᠠᠪᠠ᠄
      ᠪᠣᠯᠣᠳ ᠲᠡᠮᠦᠷ᠎ᠤᠨ ᠠᠵᠤ ᠠᠬᠤᠶ᠋ᠢᠯᠠᠯ᠎ᠢ ᠰᠢᠨ᠎ᠡ᠎ᠪᠠᠷ ᠪᠠᠶ᠋ᠢᠭᠤᠯᠬᠤ ᠪᠠ ᠨᠡᠭᠦᠯᠭᠡᠬᠦ᠄ ᠪᠣᠯᠣᠳ ᠲᠡᠮᠦᠷ ᠬᠠᠢ᠌ᠯᠤᠭᠤᠯᠵᠤ ᠦᠢ᠍ᠯᠡᠳᠪᠤᠷᠢᠯᠡᠬᠦ ᠴᠢᠳᠠᠪᠤᠷᠢ ᠵᠢ ᠰᠢᠨ᠎ᠡ᠎ᠪᠠᠷ ᠨᠡᠮᠡᠭᠳᠡᠭᠦᠯᠬᠦ ᠵᠢ ᠴᠢᠩᠭ᠎ᠠ ᠬᠤᠷᠢᠭᠯᠠᠨ᠂ ᠰᠢᠨ᠎ᠡ᠎ᠪᠠᠷ ᠥᠭᠡᠷᠡᠴᠢᠯᠡᠵᠦ ᠥᠷᠭᠡᠳᠬᠡᠨ ᠪᠠᠶ᠋ᠢᠭᠤᠯᠬᠤ (ᠨᠡᠭᠦᠯᠭᠡᠬᠦ ᠪᠠᠭᠲᠠᠨ᠎ᠠ) ᠪᠣᠯᠣᠳ ᠲᠡᠮᠦᠷ᠎ᠤᠨ ᠲᠥᠷᠥᠯ ᠵᠤᠢ᠌ᠯ᠎ᠳᠤ ᠤᠯᠤᠰ᠎ᠤᠨ ᠦᠢ᠍ᠯᠡᠳᠪᠤᠷᠢᠯᠡᠬᠦ ᠴᠢᠳᠠᠪᠤᠷᠢ ᠵᠢ ᠰᠣᠯᠢᠬᠤ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠵᠦ᠂ ᠪᠣᠯᠣᠳ ᠲᠡᠮᠦᠷ᠎ᠤᠨ ᠠᠵᠤ ᠠᠬᠤᠶ᠋ᠢᠯᠠᠯ᠎ᠤᠨ ᠬᠡᠲᠦ ᠳᠣᠣᠷ᠎ᠠ ᠭᠠᠳᠠᠭᠰᠢᠯᠠᠭᠤᠯᠬᠤ ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ ᠶᠣᠰᠣᠭ᠋ᠠᠷ᠂ ᠬᠦᠬᠦᠷ ᠥᠬᠡᠶ᠋ᠢᠳᠡᠭᠦᠯᠬᠦ᠂ ᠱᠡᠤ ᠥᠬᠡᠶ᠋ᠢᠳᠡᠭᠦᠯᠬᠦ᠂ ᠲᠣᠭᠣᠰᠣ ᠠᠷᠢᠯᠭ᠋ᠠᠬᠤ ᠵᠡᠷᠭᠡ ᠥᠨᠳᠥᠷ ᠦᠷ᠎ᠡ ᠪᠦᠲᠦᠮᠵᠢᠲᠡᠶ ᠠᠷᠭ᠎ᠠ ᠬᠡᠮᠵᠢᠶ᠎ᠡ ᠵᠢ ᠵᠡᠷᠭᠡ᠎ᠳᠤᠨᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠵᠤ᠂ ᠡᠳ᠋ ᠮᠠᠲ᠋ᠧᠷᠢᠶᠠᠯ᠎ᠢ ᠬᠠᠳᠠᠭ᠋ᠠᠯᠠᠬᠤ᠂ ᠬᠦᠷᠭᠡᠬᠦ ᠵᠢᠴᠢ   ᠦᠢ᠍ᠯᠡᠳᠪᠤᠷᠢᠯᠡᠯ᠎ᠤᠨ ᠤᠷᠠᠯᠠᠯ᠎ᠤᠨ ᠶᠠᠪᠤᠴᠠ᠎ᠳᠤ ᠵᠣᠬᠢᠶᠠᠨ ᠪᠠᠶ᠋ᠢᠭᠤᠯᠤᠯᠲᠠ ᠦᠭᠡᠢ ᠭᠠᠳᠠᠭᠰᠢᠯᠠᠭᠤᠯᠤᠯᠲᠠ ᠵᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ           ᠨᠠᠶ᠋ᠢᠳᠠᠪᠤᠷᠢᠵᠢᠭᠤᠯᠤᠨ᠎ᠠ᠃ ᠶᠡᠬᠡ ᠬᠡᠮᠵᠢᠶᠡᠨ᠎ᠤ ᠡᠳ᠋ ᠮᠠᠲ᠋ᠧᠷᠢᠶᠠᠯ ᠪᠣᠯᠤᠨ ᠪᠥᠳᠥᠭᠡᠭᠳᠡᠭᠦᠨ᠎ᠢ ᠠᠷᠢᠭᠤᠨ ᠴᠡᠪᠡᠷ ᠠᠷᠭ᠎ᠠ ᠮᠠᠶᠢᠭ ᠵᠶ᠋ᠠᠷ ᠲᠡᠭᠡᠭᠡᠪᠦᠷᠢᠯᠡᠨ᠎ᠡ᠃ ᠪᠣᠯᠣᠳ ᠲᠡᠮᠦᠷ ᠬᠠᠢ᠌ᠯᠤᠭᠤᠯᠵᠤ ᠦᠢ᠍ᠯᠡᠳᠪᠦᠷᠢᠯᠡᠯ᠎ᠤᠨ ᠴᠢᠳᠠᠪᠤᠷᠢ ᠵᠢ ᠣᠷᠴᠢᠨ ᠲᠣᠭᠣᠷᠢᠨ᠎ᠤ ᠪᠠᠭᠲᠠᠭ᠋ᠠᠮᠵᠢ᠎ᠪᠠᠷ ᠶᠡᠬᠡ᠂ ᠡᠬᠢ ᠪᠠᠶᠠᠯᠢᠭ᠎ᠤᠨ ᠪᠠᠲᠤᠯᠠᠭ᠎ᠠ ᠵᠢᠨ ᠨᠥᠬᠥᠴᠡᠯ ᠵᠶ᠋ᠠᠷ ᠰᠠᠶ᠋ᠢᠨ ᠭᠠᠵᠠᠷ ᠣᠷᠣᠨ ᠲᠡᠰᠢ ᠰᠢᠯᠵᠢᠬᠦ ᠵᠢ ᠲᠡᠮᠵᠢᠨ᠎ᠡ᠃
      ᠣᠲᠣ ᠪᠠᠶ᠋ᠢᠭ᠎ᠠ ᠪᠣᠯᠣᠳ ᠲᠡᠮᠦᠷ᠎ᠤᠨ ᠠᠵᠤ ᠠᠬᠤᠶ᠋ᠢᠯᠠᠯ᠄ 2025 ᠣᠨ᠎ᠤ ᠰᠡᠭᠦᠯᠴᠢ᠎ᠠᠴᠠ ᠡᠮᠦᠨ᠎ᠡ᠂ ᠪᠥᠬᠥ ᠣᠷᠣᠨ᠎ᠤ ᠪᠣᠯᠣᠳ ᠲᠡᠮᠦᠷ᠎ᠤᠨ ᠬᠣᠯᠪᠣᠭ᠋ᠠᠲᠤ ᠠᠵᠤ ᠠᠬᠤᠶ᠋ᠢᠯᠠᠯ ᠬᠡᠲᠦ ᠳᠣᠤᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠦᠨᠳᠦᠰᠦᠨ᠎ᠳᠡᠭᠡᠨ ᠪᠡᠶᠡᠯᠡᠭᠦᠯᠦᠨ᠎ᠡ; ᠪᠣᠯᠣᠳ ᠲᠡᠮᠦᠷ᠎ᠤᠨ ᠬᠤᠯᠪᠤᠭ᠋ᠠᠳᠣ ᠪᠤᠰᠤ ᠠᠵᠤ ᠠᠬᠤᠶ᠋ᠢᠯᠠᠯ ᠵᠢᠴᠢ ᠰᠢᠷᠠᠮᠤ ᠬᠡᠷᠡᠭᠯᠡᠵᠦ ᠴᠢᠳᠬᠤᠬᠤ ᠠᠵᠤ ᠠᠬᠤᠶ᠋ᠢᠯᠠᠯ᠎ᠤᠨ ᠰᠢᠲᠠᠭ᠋ᠠᠨ ᠪᠠᠷᠢᠯᠳᠤᠭᠤᠯᠬᠤ ᠮᠠᠰᠢᠨ᠂ ᠪᠦᠮᠪᠦᠭᠡᠯᠢᠭ ᠪᠠ ᠥᠨᠳᠥᠷ ᠵᠤᠤᠬ᠎ᠠ᠎ᠳᠤ ᠯᠠᠪᠯᠠᠯᠲᠠ ᠪᠣᠯᠭ᠋ᠠᠨ ᠬᠡᠷᠡᠭᠵᠢᠭᠦᠯᠦᠨ᠎ᠡ᠃ ᠰᠢᠭᠰᠢᠭᠳᠡᠭᠦᠯᠬᠦ ᠲᠥᠯᠥᠪᠯᠡᠭᠡ᠎ᠳᠤ ᠣᠷᠣᠭᠤᠯᠤᠭᠰᠠᠨ ᠠᠵᠤ ᠠᠬᠤᠶ᠋ᠢᠯᠠᠯ ᠪᠤᠶᠤ ᠲᠦᠬᠦᠭᠡᠷᠦᠮᠵᠢ᠎ᠳᠤ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠬᠢᠬᠦ ᠵᠢ ᠳᠠᠬᠢᠵᠤ ᠱᠠᠭ᠋ᠠᠷᠳᠠᠬᠤ ᠦᠭᠡᠢ᠃
      ᠭᠤᠷᠪᠠ᠂ ᠪᠣᠯᠣᠳ ᠲᠡᠮᠦᠷ᠎ᠤᠨ ᠠᠵᠢᠯ ᠲᠥᠷᠥᠯ᠎ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ ᠵᠢ ᠬᠡᠷᠡᠭᠵᠢᠭᠦᠯᠬᠦ ᠠᠯᠬᠤᠮ ᠳᠠᠷᠠᠭ᠎ᠠ
      ᠬᠡᠲᠦ ᠳᠣᠣᠷ᠎ᠠ ᠭᠠᠳᠠᠭᠰᠢᠯᠠᠭᠤᠯᠤᠯᠲᠠ ᠵᠢᠨ ᠥᠭᠡᠷᠡᠴᠢᠯᠡᠯᠲᠡ᠎ᠨᠢ ᠣᠳᠣᠬᠠᠨ᠎ᠳᠤ ᠬᠠᠷᠠᠬᠠᠨ ᠵᠣᠷᠢᠭᠵᠢᠭᠤᠯᠬᠤ ᠤᠳᠤᠷᠢᠳᠤᠮᠵᠢ ᠎ᠳᠤ ᠬᠠᠷᠢᠶᠠᠯᠠᠭᠳᠠᠵᠤ᠂ 《ᠬᠡᠷᠡᠭᠵᠢᠭᠦᠯᠬᠦ ᠲᠥᠰᠦᠯ》᠎ᠨᠢ ᠲᠣᠭᠲᠠᠭᠤᠨ᠎ᠤ ᠳᠤᠮᠳᠠ         ᠤᠷᠤᠭᠰᠢᠯᠠᠬᠤ᠂ ᠠᠯᠬᠤᠮ ᠬᠤᠪᠢᠶᠠᠨ ᠬᠡᠷᠡᠭᠵᠢᠭᠦᠯᠬᠦ ᠠᠵᠢᠯ᠎ᠤᠨ ᠶᠡᠷᠦᠩᠬᠡᠶ ᠬᠥᠭ ᠠᠶᠠᠰ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ 2020 ᠣᠨ᠂ 2023 ᠣᠨ᠂ 2025 ᠣᠨ᠎ᠤ ᠥᠭᠡᠷᠡᠴᠢᠯᠡᠯᠲᠡ ᠵᠢᠨ ᠠᠵᠢᠯ᠎ᠤᠨ ᠡᠭᠦᠷᠭᠡ ᠵᠢ ᠱᠠᠲᠤ ᠬᠤᠪᠢᠶᠠᠨ ᠲᠣᠭᠲᠠᠭ᠋ᠠᠪᠠ᠃
      ᠳᠥᠷᠪᠡ᠂ ᠪᠣᠯᠣᠳ ᠲᠡᠮᠦᠷ᠎ᠤᠨ ᠠᠵᠤ ᠠᠬᠤᠶ᠋ᠢᠯᠠᠯ᠎ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠵᠢᠨ ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ
     《ᠬᠡᠷᠡᠭᠵᠢᠭᠦᠯᠬᠦ ᠲᠥᠰᠦᠯ》᠎ᠳᠤ ᠲᠣᠳᠣᠷᠬᠠᠶ ᠲᠣᠭᠲᠠᠭ᠋ᠠᠭᠰᠠᠨ᠎ᠨᠢ᠂ ᠪᠣᠯᠣᠳ ᠲᠡᠮᠦᠷ᠎ᠤᠨ ᠠᠵᠤ ᠠᠬᠤᠶ᠋ᠢᠯᠠᠯ᠎ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠭᠡᠳᠡᠭ᠎ᠨᠢ ᠪᠤᠢ ᠪᠦᠬᠦᠢ ᠦᠢ᠍ᠯᠡᠳᠪᠤᠷᠢᠯᠡᠯ᠎ᠤᠨ ᠭᠣᠭᠴᠣᠭ᠎ᠠ (ᠲᠦᠭᠦᠬᠡᠶ ᠮᠠᠲ᠋ᠧᠷᠢᠶᠠᠯ᠎ᠤᠨ ᠲᠠᠯᠠᠪᠠᠢ᠂ ᠰᠢᠲᠠᠭ᠋ᠠᠨ ᠪᠠᠷᠢᠯᠳᠤᠭᠤᠯᠬᠤ᠂ ᠪᠦᠮᠪᠦᠭᠡᠯᠢᠭ᠂ ᠨᠡᠭᠦᠷᠡᠰᠦ ᠬᠡᠤᠷᠰᠢᠭᠦᠯᠬᠦ᠂ ᠲᠡᠮᠦᠷ ᠬᠠᠶ᠋ᠢᠯᠤᠭᠤᠯᠬᠤ᠂ ᠪᠣᠯᠣᠳ ᠬᠠᠶ᠋ᠢᠯᠤᠭᠤᠯᠬᠤ᠂ ᠪᠣᠯᠣᠳ ᠬᠡᠪᠰᠢᠭᠦᠯᠬᠦ᠂ ᠪᠡᠯᠡᠳᠬᠡᠯ ᠴᠠᠬᠢᠯᠭ᠋ᠠᠨ   ᠦᠢ᠍ᠯᠡᠳᠪᠤᠷᠢ ᠵᠡᠷᠭᠡ ᠵᠢᠴᠢ ᠶᠡᠬᠡ ᠬᠡᠮᠵᠢᠶᠡᠨ᠎ᠤ ᠪᠣᠳᠠᠰ ᠮᠠᠲ᠋ᠧᠷᠢᠶᠠᠯ᠎ᠤᠨ ᠪᠦᠳᠦᠭᠡᠭᠳᠡᠭᠦᠨ᠎ᠢ ᠲᠡᠭᠡᠭᠡᠪᠦᠷᠢᠯᠡᠬᠦ ᠵᠢ ᠪᠠᠭᠲᠠᠭ᠋ᠠᠨ᠎ᠠ) ᠵᠢ ᠳᠡᠰ ᠳᠡᠪᠰᠢᠭᠦᠯᠦᠨ ᠥᠭᠡᠷᠡᠴᠢᠯᠡᠬᠦ ᠵᠢ ᠵᠢᠭ᠋ᠠᠵᠤ ᠪᠣᠢ᠃ ᠡᠭᠦᠨ᠎ᠳᠤ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ᠂ ᠵᠣᠬᠢᠶᠠᠨ ᠪᠠᠶ᠋ᠢᠭᠤᠯᠤᠯᠲᠠ ᠦᠭᠡᠶ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ᠂ ᠶᠡᠬᠡ ᠬᠡᠮᠵᠢᠶᠡᠨ᠎ᠤ ᠪᠣᠳᠠᠰ᠎ᠤᠨ ᠮᠠᠲ᠋ᠧᠷᠢᠶᠠᠯ᠎ᠤᠨ ᠪᠥᠳᠥᠭᠡᠭᠳᠡᠭᠦᠨ᠎ᠢ ᠠᠷᠢᠭᠤᠨ ᠴᠡᠪᠡᠷ ᠲᠡᠭᠡᠭᠡᠪᠦᠷᠢᠯᠡᠬᠦ ᠱᠠᠭ᠋ᠠᠷᠳᠠᠯᠭ᠎ᠠ᠂ ᠠᠵᠤ ᠠᠬᠤᠶ᠋ᠢᠯᠠᠯ᠎ᠤᠨ ᠪᠣᠬᠢᠷᠲᠤᠯ ᠭᠠᠳᠠᠭᠰᠢᠯᠠᠭᠤᠯᠬᠤ ᠵᠢ ᠬᠢᠨᠠᠨ ᠬᠡᠮᠵᠢᠵᠦ ᠡᠵᠡᠮᠳᠡᠬᠦ ᠱᠠᠭ᠋ᠠᠷᠳᠠᠯᠭ᠎ᠠ ᠵᠡᠷᠭᠡ ᠵᠢ ᠪᠠᠭᠲᠠᠭ᠋ᠠᠨ᠎ᠠ᠃
      ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ
     《ᠬᠡᠷᠡᠭᠵᠢᠭᠦᠯᠬᠦ ᠲᠥᠰᠦᠯ》᠎ᠳᠤ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ᠂ ᠠᠵᠤ ᠠᠬᠤᠶ᠋ᠢᠯᠠᠯ᠎ᠤᠨ ᠬᠠᠷᠢᠭᠤᠴᠠᠯᠭ᠎ᠠ ᠵᠢ ᠴᠢᠩᠭ᠋ᠠᠳᠬᠠᠬᠤ᠂ ᠪᠠᠯᠠ ᠮᠥᠩᠭᠥ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ᠂ ᠵᠦᠷᠢᠶᠡᠨᠲᠦ ᠣᠷᠴᠢᠨ ᠲᠣᠭᠣᠷᠢᠨ᠎ᠤ ᠬᠠᠮᠢᠶᠠᠷᠤᠯᠲᠠ ᠵᠢ ᠬᠡᠷᠡᠭᠵᠢᠭᠦᠯᠬᠦ᠂ ᠲᠣᠬᠢᠷᠠᠭᠤᠯᠤᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠤᠬᠠᠭᠤᠯᠵᠤ ᠬᠥᠲᠥᠯᠦᠨ ᠵᠢᠯᠣᠭᠣᠳᠬᠤ ᠵᠡᠷᠭᠡ ᠵᠢᠷᠭᠤᠭ᠋ᠠᠨ ᠲᠠᠯ᠎ᠠ᠎ᠪᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠪᠣᠯᠣᠳ ᠲᠡᠮᠦᠷ᠎ᠤᠨ ᠠᠵᠢᠯ ᠲᠥᠷᠥᠯ᠎ᠤᠨ ᠬᠡᠲᠦ ᠳᠣᠤᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠵᠢᠨ ᠠᠵᠢᠯ᠎ᠢ ᠲᠦᠯᠬᠢᠨ ᠠᠬᠢᠭᠤᠯᠬᠤ ᠪᠤᠯᠤᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠠᠷᠠᠬᠠᠶ ᠪᠤᠲᠠᠷᠬᠠᠶ ᠡᠮᠬᠢ ᠴᠡᠭᠴᠡ ᠥᠬᠡᠶ ᠪᠤᠬᠢᠷᠳᠣᠯ᠎ᠲᠠᠢ〉 ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢᠨ ᠲᠥᠰᠦᠯ》᠎ᠤᠨ ᠲᠤᠬᠠᠢ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ (2020 ᠣᠨ᠎ᠤ ᠬᠡᠪᠯᠡᠯ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠳᠤᠮᠳᠠᠳᠤ ᠯᠠᠤᠰ ᠳᠤᠤᠷ᠎ᠠ ᠨᠡᠭᠦᠷᠡᠰᠦᠲᠥ᠋ᠷᠥᠭᠴᠢᠳᠤ ᠵᠢᠱ᠌ᠢᠶ᠎ᠡ ᠦᠵᠡᠭᠦᠯᠬᠦ ᠣᠷᠣᠨ᠎ᠢ ᠬᠠᠮᠲᠤᠷᠠᠨ ᠪᠦᠳᠦᠭᠡᠨ ᠪᠠᠶ᠋ᠢᠭᠤᠯᠬᠤ ᠳᠤᠬᠠᠢ ᠣᠶ᠋ᠢᠯᠠᠭ᠋ᠠᠯᠴᠠᠭ᠋ᠠᠨ᠎ᠤ ᠰᠠᠨᠠᠮᠵᠢ ᠵᠢᠨ ᠪᠢᠴᠢᠭ᠎ᠲᠤ ᠭᠠᠷ᠎ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠲᠦᠩᠯᠢᠶᠣᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠯᠡᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠪᠠ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠠᠭ᠋ᠠᠷ ᠮᠠᠨᠳᠠᠯ᠎ᠤᠨ ᠪᠤᠬᠢᠷᠲᠤᠯ᠎ᠤᠨ ᠡᠬᠢ ᠵᠢ ᠠᠩᠬ᠎ᠠ ᠠᠯᠬᠤᠮ ᠵᠠᠳᠠᠯᠤᠨ ᠰᠢᠨᠵᠢᠯᠡᠭᠰᠡᠨ᠎ᠨᠢ
 
             蒙ICP备05000248号