ᠨᠢᠭᠡ᠂ ᠨᠡᠶ᠋ᠢᠲᠡᠯᠡᠭᠰᠡᠨ ᠠᠬᠤᠶ ᠪᠠᠶ᠋ᠢᠳᠠᠯ
ᠲᠥᠷᠥ ᠵᠢᠨ ᠶᠠᠪᠤᠳᠠᠯ᠎ᠤᠨ ᠬᠣᠷᠢᠶᠠᠨ᠎ᠤ 《ᠬᠥᠬᠡ ᠣᠭᠲᠠᠷᠭᠤᠶ ᠵᠢ ᠬᠠᠮᠠᠭ᠋ᠠᠯᠠᠬᠤ ᠲᠠᠢ᠌ᠯᠠᠯᠳᠤᠭ᠋ᠠᠨ᠎ᠤ ᠢᠯᠠᠯᠲᠠ ᠵᠢ ᠣᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》᠂ 《ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠋ᠠᠨ᠎ᠤ ᠲᠥᠯᠥᠪᠯᠡᠭᠡ》᠂ 《ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠋ᠠᠨ᠎ᠤ ᠲᠥᠯᠥᠪᠯᠡᠭᠡ》 ᠵᠢᠨ ᠵᠣᠷᠢᠭ ᠰᠠᠨᠠᠭ᠎ᠠ ᠵᠢ ᠲᠤᠤᠱᠯᠠᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ ᠶᠡᠷᠦᠩᠬᠡᠶ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠢ᠍ᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠭᠦᠢ᠍ᠴᠡᠳᠬᠡᠨ᠂ 《ᠲᠠᠷᠠᠬᠠᠶ ᠪᠤᠲᠠᠷᠬᠠᠶ ᠡᠮᠬᠢ ᠴᠡᠭᠴᠡ ᠦᠭᠡᠢ ᠪᠣᠬᠢᠷᠲᠤᠯ᠎ᠲᠠᠢ》 ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯᠯᠠᠭ᠎ᠠ ᠵᠢ ᠶᠡᠬᠡᠪᠡᠷ ᠥᠷᠨᠢᠭᠦᠯᠵᠦ᠂ ᠮᠠᠨ᠎ᠤ ᠣᠷᠣᠨ᠎ᠳᠤ ᠠᠮᠢ ᠠᠬᠤᠶ ᠵᠢ ᠲᠡᠷᠢᠭᠦᠨ᠎ᠳᠤ ᠲᠠᠯᠪᠢᠵᠤ ᠪᠣᠬᠢᠷᠲᠤᠯ ᠦᠭᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ᠎ᠢ ᠬᠠᠶ᠋ᠢᠨ ᠰᠦᠪᠡᠭᠴᠢᠯᠡᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠍ᠢ᠍ᠳᠠᠯ᠎ᠲᠠᠢ ᠤᠶᠠᠯᠳᠤᠭᠤᠯᠤᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠲᠠᠷᠠᠬᠠᠶ ᠪᠤᠲᠠᠷᠬᠠᠶ ᠡᠮᠬᠢ ᠴᠡᠭᠴᠡ ᠥᠬᠡᠶ ᠪᠤᠭᠢᠷᠳᠥᠯᠲᠠᠢ〉 ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯᠯᠠᠭ᠋ᠠᠨ᠎ᠤ ᠲᠥᠰᠦᠯ》᠎ᠢ ᠲᠤᠭᠳᠠᠭ᠋ᠠᠵᠤ ᠳᠠᠷᠤᠮᠠᠯᠯᠠᠨ ᠲᠠᠷᠬᠠᠭ᠋ᠠᠪᠠ᠃ ᠡᠯ᠎ᠡ ᠬᠠᠮᠢᠶ᠎ᠠ ᠪᠦᠬᠦᠢ ᠨᠢᠭᠡᠴᠢ ᠪᠣᠯᠤᠨ ᠨᠡᠶ᠋ᠢᠭᠡᠮ ᠨᠡᠶ᠋ᠢᠲᠡᠢ ᠬᠠᠪᠰᠣᠷᠴᠤ 《ᠲᠥᠰᠦᠯ》᠎ᠤᠨ ᠬᠠᠮᠢᠶ᠎ᠠ ᠪᠦᠬᠦᠢ ᠠᠭᠤᠯᠭ᠎ᠠ ᠵᠢ ᠨᠠᠩ ᠰᠠᠶ᠋ᠢᠨ ᠣᠶ᠋ᠢᠯᠠᠭ᠋ᠠᠭᠤᠯᠵᠤ᠂ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠦᠨᠡᠨᠬᠦ ᠰᠠᠶ᠋ᠢᠲᠤᠷ ᠬᠢᠬᠦ ᠵᠢᠨ ᠲᠤᠰᠠᠳᠠ 《ᠲᠥᠰᠥᠯ》᠎ᠤᠨ ᠭᠣᠣᠯ ᠠᠭᠤᠯᠭ᠎ᠠ᠎ᠳᠤ ᠲᠤᠤᠷᠠᠬᠢ ᠮᠡᠨᠳᠦ ᠲᠠᠢ᠍ᠯᠤᠮᠵᠢ ᠬᠢᠶ᠎ᠡ᠄
ᠬᠣᠶᠠᠷ᠂ 《ᠲᠥᠰᠦᠯ》᠎ᠤᠨ ᠭᠣᠤᠯ ᠠᠭᠤᠯᠭ᠎ᠠ
《ᠲᠥᠰᠦᠯ》 ᠲᠠᠪᠤᠨ ᠬᠡᠰᠡᠭ᠎ᠠᠴᠠ ᠪᠦᠷᠢᠯᠳᠦᠪᠡ᠂ ᠭᠣᠤᠯ ᠠᠭᠤᠯᠭ᠎ᠠ᠎ᠨᠢ ᠳᠣᠤᠷᠠᠬᠢ ᠮᠡᠲᠦ᠄
(ᠨᠢᠭᠡ) 《ᠲᠠᠷᠠᠬᠠᠶ ᠪᠤᠲᠠᠷᠬᠠᠶ ᠡᠮᠬᠢ ᠴᠡᠭᠴᠡ ᠦᠭᠡᠢ ᠪᠣᠬᠢᠷᠲᠤᠯ᠎ᠲᠠᠢ》 ᠭᠡᠬᠦ ᠲᠣᠮᠢᠶᠠᠯᠠᠯ᠃ 《ᠲᠠᠷᠠᠬᠠᠶ ᠪᠤᠲᠠᠷᠬᠠᠶ ᠡᠮᠬᠢ ᠴᠡᠭᠴᠡ ᠦᠭᠡᠢ ᠪᠣᠬᠢᠷᠲᠤᠯ᠎ᠲᠠᠢ》 ᠠᠵᠤ ᠠᠬᠤᠶ᠋ᠢᠯᠠᠯ ᠭᠡᠳᠡᠭ᠎ᠨᠢ᠄ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠦᠭᠡᠢ᠂ ᠲᠤᠬᠠᠶ ᠵᠢᠨ ᠭᠠᠵᠠᠷ᠎ᠤᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢᠨ ᠲᠥᠯᠥᠪᠵᠢᠭᠦᠯᠭᠡ᠎ᠳᠤ ᠨᠡᠶ᠋ᠢᠴᠡᠬᠦ ᠦᠭᠡᠶ᠂ ᠠᠵᠤ ᠦᠢ᠍ᠯᠡᠳᠪᠤᠷᠢ ᠮᠡᠳᠡᠭᠡ ᠵᠠᠩᠭᠢᠴᠢᠯᠠᠯᠳᠠ᠂ ᠬᠦᠭᠵᠢᠬᠦᠯᠦᠯᠳᠡ ᠦᠭᠡᠷᠡᠴᠢᠯᠡᠬᠦᠯᠦᠯᠳᠡ᠂ ᠭᠠᠵᠠᠷ ᠰᠢᠷᠣᠶ᠂ ᠲᠥᠯᠥᠪᠵᠢᠭᠦᠯᠭᠡ᠂ ᠠᠮᠢ ᠠᠬᠤᠶ ᠵᠢᠨ ᠣᠷᠴᠢᠨ ᠲᠣᠭᠣᠷᠢᠨ᠂ ᠠᠵᠤ ᠦᠢ᠍ᠯᠡᠳᠪᠤᠷᠢ ᠬᠤᠳᠠᠯᠳᠤᠭ᠎ᠠ᠂ ᠶᠠᠰᠤ ᠴᠢᠨᠠᠷ᠎ᠤᠨ ᠬᠢᠨᠠᠯᠲᠠ᠂ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠬᠢᠨᠠᠨ ᠵᠥᠪᠰᠢᠶᠡᠷᠡᠬᠦ ᠭᠠᠷ ᠬᠦᠢ᠍ᠴᠡᠳᠭᠡᠯ᠎ᠢ ᠬᠢᠭᠰᠡᠨ ᠦᠭᠡᠶ᠂ ᠭᠠᠳᠠᠭᠰᠢᠯᠠᠭᠤᠯᠬᠤ ᠪᠠᠷᠢᠮᠵᠢᠶ᠎ᠠ᠎ᠳᠤ ᠲᠤᠭᠳᠠᠭᠤᠨ ᠬᠦᠷᠴᠦ ᠲᠡᠢ᠍ᠢ᠍ᠯᠬᠦ ᠦᠬᠡᠢ ᠪᠠᠢ᠍ᠢ᠍ᠭ᠎ᠠ ᠠᠵᠤ ᠠᠬᠤᠶ᠋ᠢᠯᠠᠯ᠎ᠢ ᠬᠡᠯᠡᠨ᠎ᠡ᠃ ᠲᠠᠷᠠᠬᠠᠶ ᠪᠤᠲᠠᠷᠬᠠᠶ᠄ ᠲᠤᠬᠠᠶ ᠵᠢᠨ ᠭᠠᠵᠠᠷ᠎ᠤᠨ ᠠᠵᠤ ᠦᠢ᠍ᠯᠡᠰ᠎ᠤᠨ ᠪᠠᠶ᠋ᠢᠷᠢᠯᠠᠭᠤᠯᠤᠯᠲᠠ ᠵᠡᠷᠭᠡ ᠲᠥᠯᠥᠪᠵᠢᠭᠦᠯᠭᠡ᠎ᠳᠤ ᠨᠡᠶ᠋ᠢᠴᠡᠬᠦ ᠦᠭᠡᠶ᠂ ᠠᠵᠤ ᠦᠢ᠍ᠯᠡᠳᠪᠤᠷᠢ ᠵᠢᠨ ᠬᠦᠷᠢᠶᠡᠯᠡᠩ ᠲᠣᠭᠣᠷᠢᠭ᠎ᠲᠤ ᠣᠷᠣᠵᠤ ᠰᠠᠭᠤᠭᠰᠠᠨ ᠦᠭᠡᠶ ᠬᠡᠪᠴᠢᠶᠡᠵᠢᠯ᠎ᠠᠴᠠ ᠳᠣᠷᠣᠭᠰᠢᠬᠢ ᠠᠵᠤ ᠠᠬᠤᠶ᠋ᠢᠯᠠᠯ᠃ ᠡᠮᠬᠢ ᠴᠡᠭᠴᠡ ᠦᠭᠡᠢ᠄ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠦᠭᠡᠢ᠂ ᠬᠦᠢ᠍ᠴᠡᠳᠭᠡᠬᠦ ᠶᠣᠰᠣᠲᠠᠶ ᠬᠠᠮᠢᠶ᠎ᠠ ᠪᠦᠬᠦᠢ ᠬᠢᠨᠠᠨ ᠵᠥᠪᠰᠢᠶᠡᠷᠡᠭᠦᠯᠬᠦ ᠭᠠᠷᠳᠠᠮ᠎ᠢ ᠬᠦᠢ᠍ᠴᠡᠳᠭᠡᠭᠰᠡᠨ ᠦᠭᠡᠢ ᠠᠵᠤ ᠠᠬᠤᠶ᠋ᠢᠯᠠᠯ᠂ ᠰᠠᠭᠤᠭ᠋ᠠᠯᠢ ᠠᠷᠠᠳ ᠲᠥᠪᠯᠡᠷᠡᠭᠰᠡᠨ ᠣᠷᠣᠨ᠎ᠳᠤ ᠪᠠᠢ᠍ᠢ᠍ᠭ᠎ᠠ ᠠᠵᠤ ᠠᠬᠤᠶ᠋ᠢᠯᠠᠯ᠂ ᠠᠵᠤ ᠦᠢ᠍ᠯᠡᠳᠪᠤᠷᠢ ᠵᠢᠨ ᠳᠡᠯᠭᠡᠭᠦᠷ᠂ ᠠᠵᠤ ᠦᠢ᠍ᠯᠡᠳᠪᠤᠷᠢ ᠵᠢᠨ ᠵᠢᠵᠢᠭ ᠦᠢ᠍ᠯᠡᠳᠭᠡᠯ᠎ᠤᠨ ᠭᠠᠵᠠᠷ ᠵᠡᠷᠭᠡ᠃ ᠪᠣᠬᠢᠷᠲᠤᠯ᠎ᠲᠠᠢ᠄ ᠬᠠᠤᠯᠢ ᠶᠣᠰᠣᠭ᠋ᠠᠷ ᠪᠣᠬᠢᠷᠲᠤᠯ᠎ᠢ ᠵᠠᠰᠠᠬᠤ ᠲᠥᠬᠥᠭᠡᠷᠦᠮᠵᠢ ᠤᠭᠰᠠᠷᠠᠭᠰᠠᠨ ᠦᠭᠡᠢ ᠪᠤᠶᠤ ᠪᠣᠬᠢᠷᠲᠤᠯ᠎ᠢ ᠵᠠᠰᠠᠬᠤ ᠲᠥᠬᠥᠭᠡᠷᠦᠮᠵᠢ᠎ᠨᠢ ᠪᠦᠷᠢᠨ ᠪᠤᠰᠤ ᠠᠵ᠊ ᠦᠢ᠍ᠯᠡᠳᠪᠤᠷᠢ ᠵᠢᠨ ᠠᠵᠤ ᠠᠬᠤᠶ᠋ᠢᠯᠠᠯ᠂ ᠡᠭᠦᠰᠭᠡᠭᠰᠡᠨ ᠪᠣᠬᠢᠷ ᠪᠣᠳᠠᠰ ᠵᠶ᠋ᠠᠨ ᠪᠦᠲᠦᠮᠵᠢᠲᠡᠶ ᠴᠤᠭᠯᠠᠭᠤᠯᠵᠤ ᠲᠡᠢ᠍ᠢ᠍ᠯᠬᠦ ᠦᠭᠡᠢ᠂ ᠵᠣᠬᠢᠶᠠᠨ ᠪᠠᠶ᠋ᠢᠭᠤᠯᠤᠯᠲᠠ ᠦᠭᠡᠢ ᠭᠠᠳᠠᠭᠰᠢᠯᠠᠭᠤᠯᠤᠯᠳᠠ ᠬᠦᠨᠳᠦ ᠨᠤᠴᠢᠳᠠᠢ ᠪᠠᠢ᠍ᠢ᠍ᠭ᠎ᠠ ᠠᠵᠤ ᠠᠬᠤᠶ᠋ᠢᠯᠠᠯ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠥᠬᠥᠭᠡᠷᠦᠮᠵᠢ᠎ᠨᠢ ᠪᠠᠷᠢᠮᠵᠢᠶ᠎ᠠ᠎ᠳᠤ ᠬᠦᠷᠭᠡᠨ ᠭᠠᠳᠠᠭᠰᠢᠯᠠᠭᠤᠯᠬᠤ ᠴᠢᠳᠠᠪᠤᠷᠢ ᠦᠭᠡᠢ ᠠᠵᠤ ᠠᠬᠤᠶ᠋ᠢᠯᠠᠯ᠃
(ᠬᠣᠶᠠᠷ) ᠠᠵᠢᠯ᠎ᠤᠨ ᠬᠠᠷᠠᠯᠲᠠ᠃ ᠪᠥᠬᠥ ᠣᠷᠣᠨ᠎ᠤ 《ᠲᠠᠷᠠᠬᠠᠶ ᠪᠤᠲᠠᠷᠬᠠᠶ ᠡᠮᠬᠢ ᠴᠡᠭᠴᠡ ᠥᠬᠡᠶ ᠪᠣᠬᠢᠷᠲᠤᠯ ᠲᠠᠢ》 ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠢ ᠪᠥᠬᠥ ᠲᠠᠯ᠎ᠠ᠎ᠪᠠᠷ ᠪᠠᠶ᠋ᠢᠴᠠᠭ᠋ᠠᠵᠤ᠂ ᠰᠠᠭᠤᠷᠢ ᠲᠣᠭ᠎ᠠ ᠵᠢ ᠨᠢ ᠲᠣᠳᠣᠷᠬᠠᠶ ᠤᠢ᠍ᠯᠭ᠋ᠠᠨ᠂ ᠡᠬᠡ ᠲᠠᠩᠰᠠ ᠪᠠᠶ᠋ᠢᠭᠤᠯᠤᠨ᠎ᠠ; 《ᠲᠠᠷᠠᠬᠠᠶ ᠪᠤᠲᠠᠷᠬᠠᠶ ᠡᠮᠬᠢ ᠴᠡᠭᠴᠡ ᠥᠬᠡᠶ ᠪᠣᠬᠢᠷᠲᠤᠯ᠎ᠲᠠᠢ》 ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠢ ᠲᠠᠰ ᠳᠡᠪᠰᠢᠭᠦᠯᠦᠨ ᠥᠭᠡᠷᠡᠴᠢᠯᠡᠬᠦ᠂ ᠡᠮᠬᠢᠯᠡᠨ ᠨᠡᠶ᠋ᠢᠯᠡᠭᠦᠯᠵᠦ ᠨᠡᠭᠦᠯᠭᠡᠬᠦ᠂ ᠬᠠᠭ᠋ᠠᠵᠤ ᠵᠣᠭᠰᠣᠭ᠋ᠠᠵᠤ ᠬᠦᠴᠦᠨ ᠥᠬᠡᠶ ᠪᠣᠯᠭ᠋ᠠᠬᠤ ᠵᠡᠷᠭᠡ ᠠᠷᠭ᠎ᠠ ᠮᠠᠶᠢᠭ ᠵᠶ᠋ᠠᠷ ᠲᠠᠮᠵᠢᠭᠤᠯᠤᠨ ᠲᠥᠷᠥᠯ ᠬᠤᠪᠢᠶᠠᠨ ᠰᠢᠢ᠍ᠳᠪᠤᠷᠢᠯᠡᠵᠦ᠂ 2020 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠦᠨ᠎ᠡ᠃ 《ᠲᠠᠷᠠᠬᠠᠶ ᠪᠤᠲᠠᠷᠬᠠᠶ ᠡᠮᠬᠢ ᠴᠡᠭᠴᠡ ᠥᠬᠡᠶ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ᠎ᠪᠠᠷ ᠳᠠᠮᠵᠢᠭᠤᠯᠤᠨ᠂ ᠠᠵᠤ ᠠᠬᠤᠶ᠋ᠢᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠲᠡᠪᠰᠢᠬᠦ᠎ᠪᠠᠨ ᠲᠦᠷᠭᠡᠳᠬᠡᠬᠦ ᠵᠢ ᠱᠠᠯᠠᠪᠳᠠᠭᠤᠯᠤᠨ ᠱᠠᠭ᠋ᠠᠷᠳᠠᠵᠤ᠂ ᠠᠵᠤ ᠠᠬᠤᠶ᠋ᠢᠯᠠᠯ᠎ᠤᠨ ᠲᠣᠭᠲᠠᠭᠤᠨ ᠵᠶ᠋ᠠᠷ ᠪᠠᠷᠢᠮᠵᠢᠶ᠎ᠠ᠎ᠳᠤ ᠬᠦᠷᠭᠡᠨ ᠭᠠᠳᠠᠭᠰᠢᠯᠠᠭᠤᠯᠬᠤ ᠵᠢ ᠠᠬᠢᠭᠤᠯᠵᠤ᠂ ᠮᠠᠨ᠎ᠤ ᠣᠷᠣᠨ᠎ᠤ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠶ᠋ᠢᠵᠢᠷᠠᠬᠤ ᠵᠢ ᠲᠦᠯᠬᠢᠨ ᠠᠬᠢᠭᠤᠯᠤᠨ᠎ᠠ᠃
(ᠭᠤᠷᠪᠠ) ᠦᠨᠳᠦᠰᠦᠨ ᠵᠠᠷᠴᠢᠮ᠃ 《ᠲᠥᠰᠦᠯ》᠎ᠤᠨ ᠬᠠᠮᠤᠭ᠎ᠤᠨ ᠶᠡᠬᠡ ᠭᠢᠯᠠᠰ ᠴᠡᠭ ᠪᠣᠯ ᠬᠠᠤᠯᠢ ᠲᠣᠭᠲᠠᠭ᠋ᠠᠯ ᠶᠤᠰᠤᠭ᠋ᠠᠷ᠂ ᠦᠨᠡᠨ᠎ᠠᠴᠠ ᠵᠥᠪ᠎ᠢ ᠡᠷᠢᠬᠦ ᠵᠠᠷᠴᠢᠮ᠎ᠢ ᠪᠠᠷᠢᠮᠲᠠᠯᠠᠵᠤ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠦᠷᠨᠢᠬᠦᠯᠵᠦ᠂ ᠦᠢ᠍ᠯᠡᠳᠪᠦᠷᠢᠯᠡᠯ ᠡᠵᠡᠩᠨᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠬᠠᠮᠠᠭ᠋ᠠᠯᠠᠨ᠂ ᠠᠷᠠᠳ ᠣᠯᠠᠨ᠎ᠤ ᠬᠡᠪ᠎ᠤᠨ ᠠᠮᠢᠳᠤᠷᠠᠯ᠎ᠢ ᠪᠠᠳᠣᠯᠠᠵᠤ᠂ ᠳᠥᠭᠥᠮ ᠪᠦᠳᠦᠭᠦᠯᠢᠭ ᠵᠶ᠋ᠠᠷ 《ᠡᠭᠡᠭᠡ ᠠᠳᠠᠯᠢ ᠪᠠᠶ᠋ᠢᠯᠭ᠋ᠠᠬᠤ》 ᠵᠢ ᠬᠤᠷᠢᠭᠯᠠᠨ᠂ ᠰᠤᠳᠤᠯᠬᠤ ᠦᠭᠡᠢ᠂ ᠵᠠᠰᠠᠬᠤ ᠦᠭᠡᠢ ᠪᠠᠶ᠋ᠢᠬᠤ ᠪᠠ 《ᠵᠣᠭᠰᠣᠭ᠋ᠠᠬᠤ᠎ᠪᠠᠷ ᠵᠠᠰᠠᠬᠤ ᠵᠢ ᠣᠷᠣᠯᠠᠭᠤᠯᠬᠤ》᠂ 《ᠵᠣᠭᠰᠣᠬᠤ᠎ᠪᠠᠷ ᠬᠠᠮᠢᠶᠠᠷᠬᠤ ᠵᠢ ᠣᠷᠣᠯᠠᠭᠤᠯᠬᠤ》 ᠵᠡᠷᠭᠡ ᠬᠠᠰᠢ ᠶᠠᠰᠢ᠎ᠪᠠᠷ ᠠᠷᠭ᠋ᠠᠴᠠᠬᠤ ᠠᠷᠭ᠎ᠠ ᠬᠢᠳᠡᠯ᠎ᠢ ᠡᠷᠡᠰ ᠡᠰᠡᠷᠭᠦᠴᠡᠠᠪᠠ᠃ ᠮᠡᠷᠭᠡᠵᠢᠯ ᠳᠡᠰ ᠳᠡᠪᠰᠢᠬᠦ᠂ ᠭᠠᠷ ᠬᠦᠢ᠍ᠴᠡᠳᠭᠡᠯ᠎ᠢ ᠲᠡᠭᠦᠯᠳᠡᠷᠵᠢᠭᠦᠯᠬᠦ᠂ ᠨᠡᠭᠦᠯᠭᠡᠬᠦ ᠵᠡᠷᠭᠡ ᠠᠷᠭ᠎ᠠ᠎ᠪᠠᠷ ᠬᠦᠨᠳᠦ ᠴᠢᠬᠤᠯᠠ ᠠᠷᠠᠳ᠎ᠤᠨ ᠠᠮᠢᠳᠤᠷᠠᠯ᠎ᠳᠤ ᠬᠣᠯᠪᠣᠭᠳᠠᠭᠰᠠᠨ᠂ ᠵᠠᠬ᠎ᠠ ᠳᠡᠯᠭᠡᠭᠦᠷ᠎ᠤᠨ ᠦᠷ᠎ᠡ ᠠᠰᠢᠭ ᠪᠠ ᠰᠢᠨᠵᠢᠯᠡᠭᠡ ᠮᠡᠷᠭᠡᠵᠢᠯ᠎ᠤᠨ ᠰᠢᠨ᠎ᠡ ᠡᠭᠦᠳᠦᠯᠲᠡ᠎ᠲᠠᠢ ᠳᠤᠮᠳᠠ ᠵᠢᠵᠢᠭ ᠪᠢᠴᠢᠯ ᠠᠵᠤ ᠠᠬᠤᠶ᠋ᠢᠯᠠᠯ᠎ᠢ ᠭᠣᠤᠯᠳᠠᠯᠭ᠎ᠠ᠎ᠲᠠᠢ ᠬᠠᠪᠰᠤᠷᠤᠨ ᠲᠡᠳᠬᠦᠵᠦ᠂ 《ᠲᠠᠷᠠᠬᠠᠶ ᠪᠤᠲᠠᠷᠬᠠᠶ ᠡᠮᠬᠢ ᠴᠡᠭᠴᠡ ᠦᠭᠡᠢ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠲᠦᠯᠬᠢᠨ ᠠᠬᠢᠭᠤᠯᠤᠨ᠎ᠠ᠃
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠵᠠᠰᠠᠭ᠎ᠤᠨ ᠣᠷᠳᠣᠨ᠎ᠢ 《ᠲᠠᠷᠠᠬᠠᠶ ᠪᠤᠲᠠᠷᠬᠠᠶ ᠡᠮᠬᠢ ᠴᠡᠭᠴᠡ ᠦᠭᠡᠢ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠴᠡᠭᠴᠡᠯᠡᠨ ᠵᠠᠰᠠᠬᠤ ᠠᠵᠢᠯ ᠳᠤᠮᠳᠠ 《ᠡᠭᠡᠭᠡ ᠠᠳᠠᠯᠢ ᠪᠠᠢ᠍ᠢ᠍ᠯᠭ᠋ᠠᠬᠤ》᠎ᠠᠴᠠ ᠰᠡᠷᠭᠡᠶ᠋ᠢᠯᠡᠬᠦ ᠵᠢᠨ ᠲᠥᠯᠥᠭᠡ᠂ ᠡᠯ᠎ᠡ ᠠᠶ᠋ᠢᠮᠠᠭ ᠬᠣᠲᠠ ᠵᠢ 《ᠲᠠᠷᠠᠬᠠᠶ ᠪᠤᠲᠠᠷᠬᠠᠶ ᠡᠮᠬᠢ ᠴᠡᠭᠴᠡ ᠦᠭᠡᠢ ᠪᠣᠬᠢᠷᠲᠤᠯ᠎ᠲᠠᠢ》 ᠠᠵᠤ ᠠᠬᠤᠶ᠋ᠢᠯᠠᠯ᠎ᠤᠨ ᠵᠠᠭ᠋ᠠᠭ ᠲᠣᠭᠲᠠᠭ᠋ᠠᠬᠤ ᠪᠠᠷᠢᠮᠵᠢᠶ᠎ᠠ ᠵᠢ ᠴᠢᠩᠭ᠎ᠠ ᠵᠢᠷᠣᠮᠯᠠᠬᠤ ᠵᠢ ᠱᠠᠭ᠋ᠠᠷᠳᠠᠨ᠂ ᠠᠳᠠᠯᠢ ᠪᠤᠰᠤ ᠬᠦᠷᠢᠶ᠎ᠡ ᠴᠠᠷ᠎ᠠ᠂ ᠠᠳᠠᠯᠢ ᠪᠤᠰᠤ ᠠᠵᠢᠯ ᠲᠥᠷᠥᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠣᠨᠴᠠᠯᠢᠭ ᠪᠣᠯᠤᠨ ᠣᠷᠣᠨ ᠪᠦᠰᠡ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠭᠦᠨᠵᠡᠭᠡᠶ ᠰᠤᠳᠤᠯᠤᠨ ᠮᠠᠭ᠋ᠠᠳᠯᠠᠵᠤ᠂ 《ᠲᠠᠷᠠᠬᠠᠶ ᠪᠤᠲᠠᠷᠬᠠᠶ ᠡᠮᠬᠢ ᠴᠡᠭᠴᠡ ᠦᠭᠡᠢ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠰᠢᠨᠵᠢᠯᠡᠬᠦ ᠤᠬᠠᠭ᠋ᠠᠨᠴᠢ᠎ᠪᠠᠷ ᠵᠠᠭ᠋ᠠᠭᠯᠠᠨ ᠲᠣᠭᠲᠠᠭ᠋ᠠᠵᠤ᠂ ᠲᠥᠷᠥᠯ ᠬᠤᠪᠢᠶᠠᠨ ᠰᠢᠢ᠍ᠳᠪᠤᠷᠢᠯᠡᠬᠦ᠂ ᠲᠥᠷᠥ ᠵᠢᠨ ᠪᠣᠳᠣᠯᠭ᠎ᠠ ᠵᠢ ᠣᠨᠣᠪᠴᠢᠲᠠᠶ ᠬᠡᠷᠡᠭᠵᠢᠭᠦᠯᠬᠦ ᠵᠠᠷᠴᠢᠮ᠎ᠢ ᠪᠠᠷᠢᠮᠳᠠᠯᠠᠵᠤ᠂ 《ᠳᠡᠰ ᠳᠡᠪᠰᠢᠭᠦᠯᠬᠦ᠎ᠳᠤ ᠪᠠᠷᠢᠮᠵᠢᠶ᠎ᠠ᠎ᠲᠠᠢ᠂ ᠨᠡᠭᠦᠬᠦ᠎ᠳᠤ ᠣᠴᠢᠬᠤ ᠭᠠᠵᠠᠷ᠎ᠲᠠᠢ᠂ ᠴᠠᠭ᠋ᠠᠵᠠ ᠬᠤᠷᠢᠭ᠎ᠠ ᠵᠢ ᠡᠷᠡᠰ ᠪᠠᠷᠢᠮᠳᠠᠯᠠᠭᠰᠠᠨ》 ᠪᠠᠢ᠍ᠢ᠍ᠬᠤ ᠬᠡᠷᠡᠭᠳᠡᠢ ᠭᠡᠵᠦ ᠱᠠᠭ᠋ᠠᠷᠳᠠᠪᠠ᠃
(ᠳᠥᠷᠪᠡ) ᠠᠵᠢᠯ᠎ᠤᠨ ᠡᠭᠦᠷᠭᠡ᠃ ᠡᠭᠦᠨ᠎ᠳᠤ ᠲᠤᠰᠬᠠᠶ ᠠᠵᠢᠯᠯᠠᠭ᠎ᠠ ᠵᠢᠨ ᠲᠥᠰᠦᠯ᠎ᠢ ᠪᠣᠳᠠᠲᠠᠶ ᠲᠣᠭᠲᠠᠭ᠋ᠠᠬᠤ᠂ 《ᠲᠠᠷᠠᠬᠠᠶ ᠪᠤᠲᠠᠷᠬᠠᠶ ᠡᠮᠬᠢ ᠴᠡᠭᠴᠡ ᠥᠬᠡᠶ ᠪᠣᠬᠢᠷᠲᠤᠯ᠎ᠲᠠᠢ》 ᠠᠵᠤ ᠠᠬᠤᠶ᠋ᠢᠯᠠᠯ᠎ᠤᠨ ᠲᠣᠳᠣᠷᠬᠠᠢ ᠲᠠᠩᠰᠠ ᠵᠢ ᠣᠨᠣᠪᠴᠢᠲᠠᠶ ᠪᠠᠶ᠋ᠢᠭᠤᠯᠬᠤ᠂ ᠲᠠᠰ ᠳᠡᠪᠰᠢᠭᠦᠯᠦᠨ ᠥᠭᠡᠷᠡᠴᠢᠯᠡᠬᠦ᠂ ᠡᠮᠬᠢᠯᠡᠨ ᠨᠡᠶ᠋ᠢᠯᠡᠭᠦᠯᠵᠦ ᠨᠡᠭᠦᠯᠭᠡᠬᠦ᠂ ᠬᠠᠭ᠋ᠠᠵᠤ ᠵᠣᠭᠰᠣᠭ᠋ᠠᠵᠤ ᠬᠦᠴᠦᠨ ᠥᠬᠡᠶ ᠪᠣᠯᠭ᠋ᠠᠬᠤ ᠭᠤᠷᠪᠠᠨ ᠵᠤᠢ᠌ᠯ᠎ᠤᠨ 《ᠲᠠᠷᠠᠬᠠᠶ ᠪᠤᠲᠠᠷᠬᠠᠶ ᠡᠮᠬᠢ ᠴᠡᠭᠴᠡ ᠥᠬᠡᠶ ᠪᠣᠬᠢᠷᠲᠤᠯ᠎ᠲᠠᠢ》 ᠠᠵᠤ ᠠᠬᠤᠶ᠋ᠢᠯᠠᠯ᠎ᠳᠤ ᠲᠣᠰ ᠲᠣᠰ ᠴᠡᠭᠴᠡᠯᠡᠨ ᠵᠠᠰᠠᠬᠤ ᠠᠷᠭ᠎ᠠ ᠵᠢᠴᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠳᠠᠬᠢᠨ ᠪᠠᠶ᠋ᠢᠴᠠᠭ᠋ᠠᠬᠤ ᠠᠵᠢᠯ ᠪᠠ ᠠᠵᠢᠯ᠎ᠤᠨ ᠳ᠋ᠦᠩᠨᠡᠯᠲᠡ ᠵᠡᠷᠭᠡ 4 ᠶᠡᠬᠡ ᠡᠭᠦᠷᠭᠡ ᠵᠢ ᠲᠤᠭᠳᠠᠭ᠋ᠠᠵᠠᠢ᠃
(ᠲᠠᠪᠤ) ᠪᠠᠲᠤᠯᠠᠭ᠎ᠠ ᠵᠢᠨ ᠠᠷᠭ᠎ᠠ ᠬᠡᠮᠵᠢᠶ᠎ᠡ᠃ 《ᠲᠥᠰᠦᠯ》᠎ᠢ ᠨᠠᠶ᠋ᠢᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ ᠨᠠᠷᠢᠨ ᠨᠢᠭᠲᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠲᠤᠭᠳᠠᠭ᠋ᠠᠪᠠ᠂ ᠡᠩ ᠲᠡᠷᠢᠭᠦᠨ᠎ᠳᠤ ᠥᠪᠡᠷᠲᠡᠭᠡᠨ ᠵᠠᠰᠠᠬᠤ ᠣᠷᠣᠨ᠎ᠤ ᠡᠯ᠎ᠡ ᠰᠢᠭᠤᠳ ᠬᠠᠷᠢᠶ᠎ᠠ ᠪᠠᠶ᠋ᠢᠭᠤᠯᠭ᠎ᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠠᠷᠠᠭ᠎ᠠ᠎ᠨᠢ᠂ ᠡᠯ᠎ᠡ ᠠᠶ᠋ᠢᠮᠠᠭ᠂ ᠬᠣᠲᠠ ᠵᠢ ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠣᠨ᠎ᠤ ᠭᠣᠤᠯᠳᠠᠯᠭ᠎ᠠ᠎ᠲᠠᠢ ᠠᠵᠢᠯ ᠪᠣᠯᠭ᠋ᠠᠵᠤ᠂ ᠡᠭᠦᠷᠭᠡ᠎ᠪᠠᠨ ᠱᠠᠲᠤ ᠱᠠᠲᠤ᠎ᠪᠠᠷ ᠰᠠᠯᠭ᠋ᠠᠨ ᠨᠠᠢ᠍ᠳᠠᠪᠤᠷᠢᠵᠢᠭᠤᠯᠬᠤ ᠬᠡᠷᠡᠭᠲᠡᠶ ᠭᠡᠰᠡᠨ ᠪᠠ ᠬᠠᠷᠢᠭᠤᠴᠠᠯᠭ᠎ᠠ ᠵᠢ ᠴᠢᠩᠭ᠎ᠠ ᠨᠠᠢ᠍ᠳᠠᠪᠤᠷᠢᠵᠢᠭᠤᠯᠬᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠪᠠ ᠬᠢᠨᠠᠨ ᠰᠢᠯᠭ᠋ᠠᠬᠤ ᠵᠢ ᠴᠢᠩᠭ᠋ᠠᠷᠠᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠡᠬᠦᠨ᠎ᠤ ᠬᠠᠮᠲᠤ ᠤᠷᠮᠠᠰᠢᠭᠤᠯᠬᠤ ᠲᠣᠭᠲᠠᠴᠠ ᠪᠠᠶ᠋ᠢᠭᠤᠯᠬᠤ᠂ ᠪᠠᠯᠠ ᠮᠥᠩᠭᠥ ᠵᠢᠨ ᠣᠷᠣᠭᠤᠯᠤᠯᠲᠠ᠎ᠪᠠᠨ ᠨᠡᠮᠡᠭᠳᠡᠭᠦᠯᠬᠦ᠂ ᠲᠥᠷᠥ ᠵᠢᠨ ᠪᠣᠳᠣᠯᠭ᠎ᠠ ᠵᠢᠨ ᠬᠠᠷᠠᠭ᠋ᠠᠯᠵᠠᠯ ᠦᠵᠡᠭᠦᠯᠬᠦ ᠬᠡᠷᠡᠭᠲᠡᠶ ᠭᠡᠵᠦ ᠱᠠᠭ᠋ᠠᠷᠳᠠᠵᠠᠢ; ᠷᠠᠳᠢᠤ᠋᠂ ᠲᠧᠯᠸᠢᠰ᠂ ᠰᠣᠨᠢᠨ᠂ ᠰᠦᠯᠵᠢᠶ᠎ᠡ ᠵᠡᠷᠭᠡ ᠵᠠᠭᠤᠴᠢ ᠵᠢ ᠭᠦᠢ᠍ᠴᠡᠳ ᠠᠰᠢᠭᠯᠠᠵᠤ᠂ ᠬᠠᠤᠯᠢ᠎ᠠᠴᠠ ᠵᠥᠷᠢᠴᠡᠭᠰᠡᠨ ᠠᠵᠤ ᠠᠬᠤᠶ᠋ᠢᠯᠠᠯ᠎ᠢ ᠢᠯᠡᠴᠢᠯᠡᠨ ᠮᠡᠳᠡᠭᠦᠯᠵᠦ᠂ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠵᠢ ᠲᠤᠰᠬᠠᠢ ᠲᠤᠬᠢᠷᠠᠭᠤᠯᠤᠨ᠂ ᠰᠦᠪᠡᠭᠴᠢ ᠴᠤᠭᠯᠠᠭᠤᠯᠬᠤ ᠠᠷᠭ᠎ᠠ ᠵᠠᠮ᠎ᠢ ᠰᠢᠯᠤᠭᠤᠳᠬᠠᠨ᠎ᠠ᠃
ᠭᠤᠷᠪᠠ᠂ 《ᠲᠥᠰᠦᠯ》᠎ᠤᠨ ᠠᠴᠢ ᠬᠣᠯᠪᠣᠭᠳᠠᠯ
(1) ᠬᠦᠬᠡ ᠠᠭᠤᠯᠠ ᠬᠦᠬᠡᠮᠳᠦᠭ ᠤᠰᠤ ᠪᠤᠯ ᠲᠠᠷᠤᠢ ᠠᠯᠲᠠ ᠮᠥᠩᠭᠥᠨ ᠠᠭᠤᠯᠠ ᠮᠥᠨ ᠭᠡᠬᠦ ᠣᠶ᠋ᠢᠯᠠᠭ᠋ᠠᠭᠳᠠᠬᠤᠨ᠎ᠢ ᠪᠤᠢ ᠪᠤᠯᠭ᠋ᠠᠨ ᠦᠢ᠍ᠯᠡᠳᠦᠯᠭᠡᠵᠢᠭᠦᠯᠬᠦ᠎ᠳᠤ ᠠᠰᠢᠭᠲᠠᠢ ᠪᠠᠢ᠍ᠢ᠍ᠵᠤ᠂ ᠦᠢ᠍ᠯᠡᠳᠪᠤᠷᠢᠯᠡᠯ ᠬᠥᠭᠵᠢᠭᠰᠡᠨ᠂ ᠠᠮᠢᠳᠤᠷᠠᠯ ᠪᠠᠶᠠᠨ ᠴᠢᠨᠡᠭᠡᠯᠢᠭ᠂ ᠠᠮᠢ ᠠᠬᠤᠶ ᠰᠠᠶ᠋ᠢᠨ ᠰᠠᠶ᠋ᠢᠬᠠᠨ ᠪᠣᠯᠪᠠᠰᠤᠨ ᠬᠥᠭᠵᠢᠯᠲᠡ ᠵᠢᠨ ᠵᠠᠮ ᠵᠶ᠋ᠠᠷ ᠡᠷᠡᠰ ᠵᠠᠮᠨᠠᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠵᠤ᠂ ᠠᠷᠠᠳ ᠲᠦᠮᠡᠨ᠎ᠳᠤ ᠰᠠᠶ᠋ᠢᠨ ᠰᠠᠶ᠋ᠢᠬᠠᠨ ᠦᠢ᠍ᠯᠡᠳᠪᠦᠷᠢᠯᠡᠯ ᠠᠮᠢᠳᠤᠷᠠᠯ᠎ᠤᠨ ᠣᠷᠴᠢᠨ ᠲᠣᠭᠣᠷᠢᠨ᠎ᠢ ᠪᠤᠢ ᠪᠣᠯᠭ᠋ᠠᠵᠤ ᠥᠭᠭᠦᠨ᠎ᠡ᠃
(2) ᠮᠠᠨ᠎ᠤ ᠣᠷᠣᠨ᠎ᠤ ᠠᠮᠢ ᠠᠬᠤᠶ ᠵᠢ ᠲᠠᠪᠠᠭᠤ ᠪᠠᠢ᠌ᠷᠢᠨ᠎ᠳᠤ ᠲᠠᠯᠪᠢᠭᠰᠠᠨ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ᠎ᠢ ᠬᠠᠶ᠋ᠢᠨ ᠰᠦᠪᠡᠭᠴᠢᠯᠡᠬᠦ᠎ᠳᠤ ᠠᠰᠢᠭᠲᠠᠶ ᠲᠤᠷᠰᠢᠯᠲᠠ ᠬᠢᠵᠡᠶ᠃
(3) ᠠᠭ᠋ᠠᠷ ᠮᠠᠨᠳᠠᠯ᠂ ᠤᠰᠤ᠂ ᠬᠥᠷᠥᠰᠥ ᠰᠢᠷᠣᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ 《ᠲᠠᠷᠠᠬᠠᠶ ᠪᠤᠲᠠᠷᠬᠠᠶ ᠡᠮᠬᠢ ᠴᠡᠭᠴᠡ ᠦᠭᠡᠢ ᠪᠣᠬᠢᠷᠲᠤᠯ ᠲᠠᠢ》 ᠠᠵᠤ ᠦᠢ᠍ᠯᠡᠳᠪᠤᠷᠢ ᠵᠢᠨ ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯᠯᠠᠭ᠎ᠠ ᠵᠢ ᠶᠡᠬᠡᠪᠡᠷ ᠥᠷᠨᠢᠭᠦᠯᠵᠦ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠪᠠ ᠢᠯᠠᠯᠲᠠ ᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠵᠤ ᠦᠭᠴᠡᠢ᠃