ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ (2020 ᠣᠨ᠎ᠤ ᠬᠡᠪᠯᠡᠯ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠨᠡᠶ᠋ᠢᠲᠡᠯᠡᠭᠰᠡᠨ ᠴᠠᠭ᠄ 2020-06-23

     6 ᠳ᠋ᠤᠭ᠋ᠠᠷ ᠰᠠᠷ᠎ᠠ ᠵᠢᠨ 15᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ (2020 ᠣᠨ᠎ᠤ ᠬᠡᠪᠯᠡᠯ)》᠎ᠤᠨ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠵᠢ ᠲᠠᠶ᠋ᠢᠯᠪᠤᠷᠢᠯᠠᠬᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ᠂ ᠰᠣᠨᠢᠨ ᠮᠡᠳᠡᠭᠡᠨ᠎ᠤ ᠥᠭᠦᠯᠡᠭᠴᠢ ᠵᠠᠩ ᠱᠦ᠍ ᠯᠢ᠂ ᠬᠠᠮᠢᠶ᠎ᠠ ᠪᠥᠬᠥᠶ ᠲᠥᠷᠥ ᠵᠢᠨ ᠪᠣᠳᠣᠯᠭ᠎ᠠ᠎ᠳᠤ ᠲᠠᠢ᠌ᠯᠪᠤᠷᠢ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠳᠠᠷᠤᠭ᠎ᠠ ᠸᠠᠩ ᠢ ᠯᠢᠩ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠨᠳᠥ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ (2020 ᠣᠨ᠎ᠤ ᠬᠡᠪᠯᠡᠯ)》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠳᠤ ᠨᠡᠢ᠌ᠳᠡᠯᠡᠭᠰᠡᠨ ᠶᠠᠷᠢᠶ᠎ᠠ
      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠶ᠋ᠢᠴᠠᠭ᠋ᠠᠭᠴᠢ᠂ ᠰᠣᠨᠢᠨ ᠮᠡᠳᠡᠭᠡᠨ᠎ᠤ ᠥᠭᠦᠯᠡᠭᠴᠢ ᠵᠠᠩ ᠱᠦ᠍ ᠯᠢ
     

     《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ (2020 ᠣᠨ᠎ᠤ ᠬᠡᠪᠯᠡᠯ)》᠎ᠤᠨ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ᠎ᠶᠢᠨ ᠲᠤᠬᠠᠶ ᠳᠣᠤᠷᠠᠬᠢ ᠪᠠᠶ᠋ᠢᠳᠠᠯ᠎ᠢ ᠬᠠᠷᠢᠭᠤ ᠮᠡᠳᠡᠭᠦᠯᠦᠶ᠎ᠡ᠄
      ᠡᠯ᠎ᠡ ᠵᠠᠭᠤᠴᠢᠯᠠᠭᠤᠷ᠎ᠤᠨ ᠰᠤᠷᠪᠤᠯᠵᠢᠯᠠᠭᠴᠢᠳ ᠡ᠄ ᠲᠠ ᠨᠠᠷ ᠰᠠᠢ᠌ᠨ ᠪᠠᠢ᠌ᠨ᠎ᠠ ᠤᠤ! ᠡᠩ ᠲᠡᠷᠢᠭᠦᠨ᠎ᠳᠤ᠂ ᠪᠢ ᠲᠥᠰᠦᠯ᠎ᠳᠤ ᠵᠠᠰᠠᠪᠤᠷᠢ ᠣᠷᠣᠭᠤᠯᠤᠭᠰᠠᠨ ᠠᠬᠤᠶ ᠪᠠᠶ᠋ᠢᠳᠠᠯ᠎ᠢ ᠲᠠᠨᠢᠯᠴᠠᠭᠤᠯᠤᠶ᠎ᠠ᠃
      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠵᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠲᠤᠬᠠᠶ ᠰᠠᠨᠠᠯ》 (ᠲᠥᠪ ᠲᠠᠷᠬᠠᠭ᠋ᠠᠭᠰᠠ [2018] 17 ᠳ᠋ᠤᠭ᠋ᠠᠷ ᠲᠣᠭ᠋ᠠᠲᠤ)᠎ᠳᠤ 《ᠬᠦᠨᠳᠦ ᠪᠣᠬᠢᠷᠲᠤᠯ᠎ᠲᠠᠢ ᠴᠠᠭ ᠠᠭᠤᠷ᠎ᠢ ᠪᠦᠲᠦᠮᠵᠢᠲᠡᠶ ᠠᠷᠭ᠋ᠠᠴᠠᠵᠤ᠂ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ᠂ ᠰᠠᠯᠠᠭ᠎ᠠ ᠮᠥᠴᠢᠷ ᠵᠢᠴᠢ ᠠᠵᠤ ᠠᠬᠤᠶ᠋ᠢᠯᠠᠯ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠷᠢᠭᠤᠴᠠᠯᠭ᠎ᠠ ᠵᠢ ᠲᠣᠳᠣᠷᠬᠠᠢ᠍ᠯᠠᠵᠤ᠂ ᠬᠦᠨᠳᠦ ᠪᠣᠬᠢᠷᠲᠤᠯ᠎ᠤᠨ ᠬᠤᠭᠤᠴᠠᠭ᠋ᠠᠨ᠎ᠤ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠪᠠ ᠪᠣᠬᠢᠷᠲᠤᠯ᠎ᠤᠨ ᠡᠬᠢ ᠰᠤᠷᠪᠤᠯᠵᠢ ᠵᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠨᠠᠷᠢᠨ ᠵᠢᠭᠰᠠᠭ᠋ᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ ᠬᠡᠷᠡᠭᠲᠡᠢ》 ᠭᠡᠵᠦ ᠳᠤᠷᠠᠳᠤᠭᠰᠠᠨ ᠶᠤᠮ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ 《ᠬᠥᠬᠡ ᠣᠭᠲᠠᠷᠭᠤᠶ ᠵᠢ ᠬᠠᠮᠠᠭ᠋ᠠᠯᠠᠬᠤ ᠲᠠᠢ᠌ᠯᠠᠯᠳᠤᠭ᠋ᠠᠨ᠎ᠤ ᠢᠯᠠᠯᠲᠠ ᠵᠢ ᠤᠯᠬᠤ ᠲᠤᠬᠠᠶ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 (ᠲᠥᠷᠥ ᠲᠠᠷᠬᠠᠭ᠋ᠠᠭᠰᠠᠨ [2018] 22 ᠳ᠋ᠤᠭ᠋ᠠᠷ ᠲᠣᠭ᠋ᠠᠲᠤ)᠎ᠳᠤ 《ᠣᠷᠣᠨ ᠪᠦᠰᠡ ᠵᠢᠨ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠵᠢ ᠴᠢᠩᠭ᠋ᠠᠳᠬᠠᠵᠤ᠂ ᠣᠷᠣᠨ ᠪᠦᠰᠡ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠬᠣᠯᠪᠣᠭ᠋ᠠᠯᠠᠨ ᠬᠥᠳᠡᠯᠦᠯᠴᠡᠬᠦ ᠵᠢ ᠬᠡᠷᠡᠭᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠪᠠᠲᠤᠳᠬᠠᠨ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠪᠦᠲᠦᠮᠵᠢᠲᠡᠶ ᠠᠷᠭ᠋ᠠᠴᠠᠬᠤ ᠬᠡᠷᠡᠭᠲᠡᠢ》 ᠭᠡᠵᠦ ᠱᠠᠭ᠋ᠠᠷᠳᠠᠪᠠ᠃
     2017 ᠣᠨ᠎ᠳᠤ᠂ ᠤᠯᠤᠰ᠎ᠠᠴᠠ ᠪᠡᠭᠡᠵᠢᠩ ᠲᠢᠶᠠᠨᠵᠢᠨ ᠾᠧᠪᠧᠢ ᠵᠢᠨ 《2+26》 ᠬᠣᠲᠠ ᠵᠢᠨ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠳᠤ ᠵᠠᠰᠠᠪᠤᠷᠢ ᠣᠷᠣᠭᠤᠯᠬᠤ ᠠᠵᠢᠯ ᠥᠷᠨᠢᠭᠦᠯᠬᠦ ᠵᠢ ᠠᠬᠢᠭᠤᠯᠵᠤ᠂ ᠪᠡᠭᠡᠵᠢᠩ ᠲᠢᠶᠠᠨᠵᠢᠨ ᠾᠧᠪᠧᠶ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠂ ᠹᠧᠨ ᠸᠧᠶ ᠵᠢᠨ ᠲᠠᠯ᠎ᠠ ᠭᠠᠵᠠᠷ᠂ ᠴᠧᠩᠳᠦ᠋ ᠴᠦᠩᠴᠢᠩ ᠣᠷᠣᠨ᠂ ᠵᠦᠵᠢᠶᠠᠩ ᠮᠥᠷᠡᠨ᠎ᠤ ᠭᠤᠷᠪᠠᠯᠵᠢᠨ ᠬᠣᠶ᠋ᠢᠭ᠎ᠤᠨ ᠣᠷᠣᠨ ᠵᠡᠷᠭᠡ ᠭᠣᠤᠯᠳᠠᠯᠭ᠎ᠠ᠎ᠲᠠᠢ ᠣᠷᠣᠨ ᠪᠦᠰᠡ ᠵᠢᠨ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠥᠷᠥᠯ ᠵᠤᠢ᠌ᠯ᠎ᠤᠨ ᠨᠠᠷᠢᠨ ᠵᠢᠭᠰᠠᠭ᠋ᠠᠯᠲᠠ ᠵᠢ ᠠᠯᠬᠤᠮ ᠠᠯᠬᠤᠮ ᠵᠶ᠋ᠠᠷ ᠥᠷᠭᠡᠳᠬᠡᠨ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠴᠠᠯ᠎ᠢ ᠪᠣᠳᠠᠲᠠᠶ᠋ᠢᠵᠢᠭᠤᠯᠵᠤ᠂ ᠠᠭ᠋ᠠᠷ ᠮᠠᠨᠳᠠᠯ᠎ᠤᠨ ᠠᠵᠤ ᠦᠢ᠍ᠯᠡᠳᠪᠤᠷᠢ ᠵᠢᠨ ᠰᠤᠷᠪᠤᠯᠵᠢ ᠵᠢᠨ 《ᠨᠢᠭᠡ ᠦᠢ᠍ᠯᠡᠳᠪᠤᠷᠢ᠎ᠳᠤ ᠨᠢᠭᠡ ᠠᠷᠭ᠎ᠠ ᠪᠣᠳᠣᠯᠭ᠎ᠠ ᠠᠪᠬᠤ》 ᠵᠢ ᠨᠠᠢ᠌ᠳᠠᠪᠤᠷᠢᠵᠢᠭᠤᠯᠪᠠ᠃ 2020 ᠣᠨ᠎ᠤ ᠵᠢᠯ᠎ᠤᠨ ᠡᠴᠦᠰ᠎ᠠᠴᠠ ᠡᠮᠦᠨ᠎ᠡ᠂ ᠪᠥᠬᠥ ᠤᠯᠤᠰ᠎ᠤᠨ ᠭᠣᠤᠯ ᠪᠣᠯᠬᠤ ᠬᠣᠲᠠ ᠪᠠ ᠣᠷᠣᠨ ᠪᠦᠰᠡ ᠪᠦᠬᠦᠨ ᠵᠶ᠋ᠠᠷ ᠵᠶ᠋ᠠᠨ ᠳᠥᠰᠥᠯ᠎ᠳᠡᠭᠡᠨ ᠵᠠᠰᠠᠪᠤᠷᠢ ᠣᠷᠣᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠨᠠᠷᠢᠨ ᠵᠢᠭᠰᠠᠭ᠋ᠠᠯᠲᠠ ᠵᠢᠨ ᠬᠡᠯᠪᠡᠷᠢ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠵᠢ ᠱᠠᠭ᠋ᠠᠷᠳᠠᠪᠠ᠃
      ᠮᠠᠨ᠎ᠤ ᠣᠷᠣᠨ᠎ᠨᠢ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ 《ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠳᠤ ᠵᠠᠰᠠᠪᠤᠷᠢ ᠣᠷᠣᠭᠤᠯᠬᠤ ᠠᠵᠢᠯ᠎ᠢ ᠳᠥᠯᠭᠢᠨ ᠠᠬᠢᠭᠤᠯᠬᠤ ᠲᠤᠬᠠᠶ ᠵᠢᠯᠣᠭᠣᠳᠬᠤ ᠰᠠᠨᠠᠯ》 (ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠯᠪᠠᠨ ᠬᠡᠷ ᠠᠭ᠋ᠠᠷ ᠮᠠᠨᠳᠠᠯ ᠵᠠᠬᠢᠳᠠᠯ [2018] 875 ᠳ᠋ᠤᠭ᠋ᠠᠷ ᠲᠣᠭ᠋ᠠᠲᠤ)᠎ᠤᠨ 《ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠨ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠪᠡᠬᠢᠵᠢᠭᠦᠯᠬᠦ ᠲᠤᠬᠠᠶ ᠵᠢᠯᠣᠭᠣᠳᠬᠤ ᠰᠠᠨᠠᠯ》 (ᠣᠷᠴᠢᠨ ᠲᠣᠭᠣᠷᠢᠨ᠎ᠤ ᠠᠯᠪᠠᠨ ᠬᠡᠷ ᠠᠭ᠋ᠠᠷ ᠮᠠᠨᠳᠠᠯ ᠵᠠᠬᠢᠳᠠᠯ [2019] 648 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠠᠵᠢᠯ᠎ᠤᠨ ᠪᠣᠳᠠᠳᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ 2015 ᠣᠨ᠎ᠤ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠳᠤ ᠵᠠᠰᠠᠪᠤᠷᠢ ᠣᠷᠣᠭᠤᠯᠪᠠ᠃ 2020 ᠣᠨ᠎ᠤ 5 ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠣᠲᠣᠭ᠋ᠠᠳᠤ ᠶᠠᠪᠤᠳᠠᠯ᠎ᠤᠨ ᠠᠯᠪᠠᠨ᠎ᠠᠴᠠ ᠲᠠᠷᠬᠠᠭ᠋ᠠᠭᠰᠠᠨ [2020] 13 ᠲᠣᠭ᠋ᠠᠲᠤ ᠪᠢᠴᠢᠭ ᠮᠠᠲ᠋ᠧᠷᠢᠶᠠᠯ᠎ᠢ ᠨᠡᠢ᠌ᠳᠡᠯᠡᠨ ᠬᠡᠷᠡᠭᠵᠢᠭᠦᠯᠪᠡ᠂ ᠰᠢᠨ᠎ᠡ ᠲᠥᠰᠦᠯ᠎ᠨᠢ ᠭᠣᠤᠯᠳᠠᠭᠤ ᠶᠡᠷᠦᠩᠬᠡᠶ ᠳᠦᠷᠢᠮ᠂ ᠵᠣᠬᠢᠶᠠᠨ ᠪᠠᠶ᠋ᠢᠭᠤᠯᠤᠨ ᠵᠢᠯᠣᠭᠣᠳᠬᠤ ᠰᠢᠰᠲ᠋ᠧᠮ᠂ ᠬᠢᠨᠠᠨ ᠬᠡᠮᠵᠢᠬᠦ ᠬᠢᠭᠡᠳ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠬᠤ᠂ ᠪᠠᠲᠤᠯᠠᠭ᠋ᠠᠨ᠎ᠤ ᠠᠷᠭ᠎ᠠ ᠬᠡᠮᠵᠢᠶ᠎ᠡ᠂ ᠲᠥᠰᠦᠯ᠎ᠤᠨ ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ᠂ ᠳᠠᠭ᠋ᠠᠯᠳᠤᠭᠤᠯᠤᠭᠰᠠᠨ ᠳᠦᠷᠢᠮ ᠵᠡᠷᠭᠡ ᠨᠠᠢ᠍ᠮᠠᠨ ᠬᠡᠰᠡᠭ᠎ᠢ ᠪᠠᠭᠲᠠᠭ᠋ᠠᠨ᠎ᠠ᠃ ᠲᠣᠰ ᠤᠳᠠᠭ᠋ᠠᠨ᠎ᠤ ᠳᠥᠰᠥᠯ᠎ᠳᠤ ᠵᠠᠰᠠᠪᠤᠷᠢ ᠣᠷᠣᠭᠤᠯᠤᠭᠰᠠᠨ ᠭᠣᠤᠯ ᠣᠨᠴᠠᠯᠢᠭ ᠪᠣᠯ᠄
      ᠨᠢᠭᠡ᠎ᠳᠤ᠂ ᠤᠷᠢᠳᠴᠢᠯᠠᠨ ᠰᠡᠷᠡᠮᠵᠢᠯᠡᠭᠦᠯᠬᠦ ᠲᠡᠰ᠎ᠢ ᠲᠣᠭᠲᠠᠭ᠋ᠠᠬᠤ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠰᠡᠷᠭᠡᠶ᠋ᠢᠯᠡᠨ ᠡᠵᠡᠮᠳᠡᠬᠦ ᠵᠡᠷᠭᠡ ᠵᠢᠨ ᠳᠡᠰ᠎ᠢ ᠨᠢᠭᠡᠳᠬᠡᠪᠡ
      ᠮᠠᠨ᠎ᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ ᠶᠣᠰᠣᠭ᠋ᠠᠷ᠂ ᠠᠭ᠋ᠠᠷ᠎ᠤᠨ ᠶᠠᠰᠤ ᠴᠢᠨᠠᠷ᠎ᠤᠨ ᠢᠯᠡᠳᠬᠡᠭᠴᠢ ᠲᠣᠭ᠎ᠠ (AQI) ᠵᠢᠨ ᠡᠳᠦᠷ᠎ᠤᠨ ᠳᠤᠮᠳᠠᠴᠢ ᠬᠡᠮᠵᠢᠭᠳᠡᠯ᠎ᠨᠢ 200 ᠬᠦᠷᠪᠡᠯ ᠬᠦᠨᠳᠦ ᠪᠣᠬᠢᠷᠲᠤᠯ ᠪᠣᠯᠤᠨ᠎ᠠ᠂ ᠠᠭ᠋ᠠᠷ᠎ᠤᠨ ᠶᠠᠰᠤ ᠴᠢᠨᠠᠷ ᠬᠦᠨᠳᠦ ᠪᠣᠬᠢᠷᠳᠤᠭᠰᠠᠨ ᠪᠦᠭᠡᠳ 2 ᠡᠳᠦᠷ ᠪᠤᠶᠤ 48 ᠴᠠᠭ ᠵᠢᠴᠢ ᠲ᠋ᠡᠭᠦᠨ᠎ᠠᠴᠠ ᠳᠡᠭᠡᠭᠰᠢ ᠦᠷᠭᠦᠯᠵᠢᠯᠡᠪᠡᠯ᠂ ᠰᠢᠷ᠎ᠠ ᠥᠩᠭᠡ ᠵᠢᠨ ᠰᠡᠷᠡᠮᠵᠢᠯᠡᠭᠦᠯᠦᠯ᠎ᠢ ᠡᠬᠢᠯᠡᠨ ᠨᠡᠢ᠌ᠳᠡᠯᠡᠵᠦ᠂ ᠭᠤᠷᠪᠠᠳᠤᠭ᠋ᠠᠷ ᠲᠡᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠰᠡᠷᠭᠡᠢ᠌ᠯᠡᠯᠳᠡ ᠵᠢ ᠬᠡᠷᠡᠭᠵᠢᠭᠦᠯᠦᠨ᠎ᠡ᠃ ᠠᠭ᠋ᠠᠷ᠎ᠤᠨ ᠪᠣᠬᠢᠷᠲᠤᠯ᠎ᠤᠨ ᠬᠡᠮᠵᠢᠶ᠎ᠡ ᠤᠯᠠᠮ ᠬᠦᠨᠳᠦ ᠨᠣᠴᠢᠲᠠᠶ ᠪᠣᠯᠪᠠᠯ᠂ ᠤᠷᠢᠳᠴᠢᠯᠠᠨ ᠰᠡᠷᠡᠮᠵᠢᠯᠡᠭᠦᠯᠬᠦ ᠵᠡᠷᠭᠡ ᠳᠡᠰ᠎ᠢ ᠥᠰᠬᠡᠵᠦ᠂ ᠤᠯᠠᠪᠤᠷ ᠥᠩᠭᠡ᠂ ᠤᠯᠠᠭ᠋ᠠᠨ ᠥᠩᠭᠡ ᠵᠢᠨ ᠰᠡᠷᠡᠮᠵᠢᠯᠡᠭᠦᠯᠦᠯ ᠪᠣᠯᠭ᠋ᠠᠵᠤ᠂ ᠬᠤᠶᠠᠳᠤᠭ᠋ᠠᠷ ᠲᠠᠰ᠂ ᠨᠢᠭᠡᠳᠦᠭᠡᠷ ᠲᠠᠰ᠎ᠤᠨ ᠨᠡᠩ ᠴᠢᠩᠭ᠎ᠠ ᠪᠠᠴᠢᠮ ᠪᠠᠶ᠋ᠢᠳᠠᠯ᠎ᠢ ᠠᠷᠭ᠋ᠠᠴᠠᠬᠤ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠠᠪᠤᠨ᠎ᠠ᠃ ᠤᠤᠯ᠎ᠤᠨ ᠲᠥᠰᠦᠯ᠎ᠳᠠᠬᠢ ᠬᠥᠬᠡ ᠥᠩᠭᠡ ᠵᠢᠨ ᠰᠡᠷᠡᠮᠵᠢ ᠵᠢᠨ ᠳᠣᠬᠢᠶ᠎ᠠ᠎ᠨᠢ ᠵᠥᠪᠬᠡᠨ ᠰᠠᠨᠠᠭᠤᠯᠭ᠎ᠠ ᠵᠢᠨ ᠴᠢᠨᠠᠷᠲᠠᠶ ᠪᠣᠬᠢᠷᠲᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠪᠠᠢ᠌ᠵᠤ᠂ ᠪᠣᠬᠢᠷᠲᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠪᠣᠳᠠᠲᠠᠶ ᠦᠷ᠎ᠡ ᠪᠦᠲᠦᠮᠵᠢ᠎ᠨᠢ ᠢᠯᠡᠷᠬᠡᠶ ᠪᠢᠰᠢ ᠲᠤᠯᠠ ᠲᠤᠰ ᠤᠳᠠᠭ᠎ᠠ ᠲᠥᠰᠦᠯ᠎ᠳᠤ ᠵᠠᠰᠠᠪᠤᠷᠢ ᠣᠷᠤᠭᠤᠯᠬᠤ᠎ᠳᠠᠭᠠᠨ ᠬᠥᠬᠡ ᠥᠩᠭᠡ ᠵᠢᠨ ᠰᠡᠷᠡᠮᠵᠢ ᠵᠢᠨ ᠳᠣᠬᠢᠶ᠎ᠠ ᠵᠢ ᠬᠦᠴᠦᠨ ᠦᠭᠡᠢ ᠪᠣᠯᠭ᠋ᠠᠵᠤ᠂ ᠤᠤᠯ᠎ᠤᠨ ᠳᠥᠷᠪᠡᠨ ᠱᠠᠲᠤᠨ᠎ᠤ ᠰᠡᠷᠡᠮᠵᠢᠯᠡᠭᠦᠯᠦᠯ᠎ᠢ ᠣᠳᠣ ᠵᠢᠨ ᠭᠤᠷᠪᠠᠨ ᠱᠠᠲᠤᠨ᠎ᠤ ᠰᠡᠷᠡᠮᠵᠢᠯᠡᠭᠦᠯᠦᠯ ᠪᠣᠯᠭ᠋ᠠᠨ ᠲᠣᠬᠢᠷᠠᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠵᠢᠨ ᠰᠡᠷᠡᠮᠵᠢᠯᠡᠭᠦᠯᠦᠯ ᠪᠠ ᠰᠡᠷᠭᠡᠶ᠋ᠢᠯᠡᠨ ᠡᠵᠡᠮᠳᠡᠬᠦ ᠵᠡᠷᠭᠡ ᠳᠡᠰ᠎ᠢ ᠨᠢᠭᠡᠳᠦᠯᠲᠡᠶ ᠵᠣᠬᠢᠴᠠᠭᠤᠯᠬᠤ ᠵᠢ ᠪᠡᠶᠡᠯᠡᠭᠦᠯᠪᠡ᠃ ᠡᠭᠦᠨ᠎ᠤ ᠬᠠᠮᠲᠤ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠬᠤ ᠵᠢ ᠲᠤᠪᠤᠢ᠍ᠢ᠍ᠯᠭ᠋ᠠᠵᠦ᠂ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠵᠢ ᠠᠯᠪᠠᠳᠠᠯᠭ᠎ᠠ ᠵᠢᠨ ᠴᠢᠨᠠᠷᠲᠠᠶ ᠪᠠᠭ᠋ᠠᠰᠬᠠᠬᠤ ᠠᠵᠢᠯ᠎ᠢ ᠴᠢᠩᠭ᠋ᠠᠳᠬᠠᠵᠤ᠂ ᠠᠷᠠᠳ ᠤᠯᠠᠨ᠎ᠤ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠪᠠᠲᠤᠯᠠᠨ᠎ᠠ᠃
      ᠬᠤᠶᠠᠷ᠎ᠲᠤ᠂ ᠪᠠᠴᠢᠮ ᠪᠠᠶ᠋ᠢᠳᠠᠯ᠎ᠢ ᠬᠤᠯᠪᠣᠭ᠋ᠠᠯᠠᠨ ᠠᠷᠭ᠋ᠠᠴᠠᠬᠤ ᠵᠢ ᠴᠢᠩᠭ᠋ᠠᠳᠬᠠᠵᠤ᠂ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠵᠢ ᠬᠡᠷᠡᠭᠵᠢᠭᠦᠯᠦᠨ᠎ᠡ
      ᠠᠶ᠋ᠢᠮᠠᠭ ᠬᠣᠲᠠ ᠵᠢᠨ ᠬᠦᠨᠳᠦ ᠪᠣᠬᠢᠷᠲᠤᠯ᠎ᠲᠠᠢ ᠴᠠᠭ ᠠᠭᠤᠷ᠎ᠢ ᠪᠠᠲᠤᠯᠠᠬᠤ᠎ᠳᠤ᠂ ᠲᠤᠰ ᠱᠠᠲᠤᠨ᠎ᠤ ᠬᠠᠷᠢᠶ᠎ᠠ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠨ ᠰᠡᠷᠭᠡᠶ᠋ᠢᠯᠡᠨ ᠡᠵᠡᠮᠳᠡᠭᠰᠡᠨ ᠤᠷᠢᠲᠠᠯ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠳᠠᠮᠵᠢᠬᠤ ᠵᠢᠮ᠎ᠡ ᠶᠣᠰᠣ᠂ ᠴᠠᠭ ᠠᠭᠤᠷ ᠭᠠᠵᠠᠷ ᠵᠦᠶ ᠵᠢᠨ ᠣᠨᠴᠠᠯᠢᠭ ᠵᠡᠷᠭᠡ ᠬᠦᠴᠦᠨ ᠵᠤᠢ᠌ᠯ᠎ᠢ ᠪᠣᠳᠣᠯᠬᠢᠯᠠᠨ᠂ ᠲᠣᠰ ᠤᠳᠠᠭ᠎ᠠ ᠲᠥᠰᠦᠯ᠎ᠳᠤ ᠵᠠᠰᠠᠪᠤᠷᠢ ᠣᠷᠤᠭᠤᠯᠬᠤ᠎ᠳᠠᠭᠠᠨ᠂ ᠪᠣᠬᠢᠷᠲᠤᠯ᠎ᠢ ᠬᠢᠵᠠᠭ᠋ᠠᠷᠯᠠᠬᠤ ᠭᠤᠷᠪᠠᠨ ᠣᠷᠣᠨ᠎ᠢ ᠨᠡᠮᠡᠵᠦ ᠪᠠᠢ᠌ᠭᠤᠯᠪᠠ᠂ ᠬᠥᠬᠡᠬᠣᠲᠠ᠂ ᠪᠤᠭᠤᠲᠤ ᠬᠣᠲᠠ᠂ ᠪᠠᠶᠠᠨᠨᠠᠭᠤᠷ ᠬᠣᠲᠠ᠂ ᠣᠷᠳᠣᠰ ᠬᠣᠲᠠ ᠵᠢᠨ ᠳᠠᠯᠠᠳ ᠬᠣᠰᠢᠭᠤ ᠪᠣᠯᠤᠨ ᠵᠡᠭᠦᠨᠭ᠋ᠠᠷ ᠬᠣᠰᠢᠭᠤ ᠵᠢ ᠬᠠᠮᠲᠤᠷᠠᠭᠤᠯᠤᠨ ᠪᠣᠬᠢᠷᠲᠤᠯ᠎ᠢ ᠬᠢᠵᠠᠭ᠋ᠠᠷᠯᠠᠬᠤ ᠨᠢᠭᠡ ᠣᠷᠣᠨ ᠪᠣᠯᠭ᠋ᠠᠨ ᠲᠣᠭᠲᠠᠭ᠋ᠠᠵᠤ᠂ ᠦᠬᠠᠢ ᠬᠣᠲᠠ ᠵᠢᠴᠢ ᠡᠷᠭᠢᠨ ᠲᠣᠭᠣᠷᠢᠨ᠎ᠤ ᠭᠠᠵᠠᠷ ᠣᠷᠣᠨ᠎ᠢ᠎ᠨᠢ ᠪᠠᠰᠠ ᠨᠢᠭᠡ ᠪᠣᠬᠢᠷᠲᠤᠯ᠎ᠢ ᠬᠢᠵᠠᠭ᠋ᠠᠷᠯᠠᠬᠤ ᠨᠢᠭᠡ ᠣᠷᠣᠨ ᠪᠣᠯᠭ᠋ᠠᠨ ᠲᠣᠭᠲᠠᠭ᠋ᠠᠪᠠ᠃ ᠭᠤᠷᠪᠠ ᠪᠤᠶᠤ ᠭᠤᠷᠪᠠ᠎ᠠᠴᠠ ᠳᠡᠭᠡᠭᠰᠢᠬᠢ ᠬᠥᠷᠰᠢ ᠵᠡᠷᠭᠡᠯᠡᠳᠡᠭᠡ ᠠᠶ᠋ᠢᠮᠠᠭ ᠬᠣᠲᠠ᠎ᠨᠢ ᠤᠷᠢᠳᠴᠢᠯᠠᠨ ᠰᠡᠷᠡᠮᠵᠢᠯᠡᠭᠦᠯᠬᠦ ᠨᠥᠬᠥᠴᠡᠯ᠎ᠳᠤ ᠬᠦᠷᠦᠭᠰᠡᠨ ᠪᠠᠢ᠌ᠪᠠᠯ᠂ ᠪᠣᠬᠢᠷᠲᠤᠯ᠎ᠢ ᠬᠢᠵᠠᠭ᠋ᠠᠷᠯᠠᠬᠤ ᠣᠷᠣᠨ ᠵᠶ᠋ᠠᠷ ᠦᠵᠡᠵᠦ᠂ ᠣᠷᠣᠨ ᠪᠦᠰᠡ ᠵᠢᠨ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠵᠢ ᠨᠢᠭᠡᠳᠦᠯᠲᠡᠶ ᠲᠥᠯᠥᠪᠯᠡᠨ ᠬᠠᠮᠢᠶᠠᠷᠬᠤ ᠵᠢ ᠬᠡᠷᠡᠭᠵᠢᠭᠦᠯᠦᠨ᠎ᠡ᠃ ᠡᠭᠦᠨ᠎ᠳᠤ᠂ ᠪᠣᠬᠢᠷᠲᠤᠯ᠎ᠢ ᠬᠢᠵᠠᠭ᠋ᠠᠷᠯᠠᠬᠤ ᠣᠷᠣᠨ᠎ᠤ ᠳᠣᠲᠣᠷᠠᠬᠢ ᠤᠯᠠᠪᠤᠷ ᠥᠩᠭᠡ᠂ ᠰᠢᠷ᠎ᠠ ᠥᠩᠭᠡ ᠵᠢᠨ ᠰᠡᠷᠡᠮᠵᠢ ᠵᠢᠨ ᠳᠣᠬᠢᠶ᠎ᠠ ᠵᠢ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠶᠡᠬᠡᠲᠡᠶ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ᠎ᠢ ᠵᠢᠯᠣᠭᠣᠳᠬᠤ ᠭᠠᠵᠠᠷ᠎ᠠᠴᠠ ᠨᠢᠭᠡᠳᠦᠯᠲᠡᠶ ᠨᠡᠢ᠌ᠳᠡᠯᠡᠨ᠂ ᠨᠢᠭᠡᠳᠦᠯᠲᠡᠶ ᠵᠢᠯᠣᠭᠣᠳᠴᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ᠂ ᠰᠠᠯᠠᠭ᠎ᠠ ᠮᠥᠴᠢᠷ᠂ ᠠᠵᠤ ᠠᠬᠤᠶ᠋ᠢᠯᠠᠯ᠎ᠤᠨ ᠳᠡᠭᠡᠳᠦ ᠳᠣᠣᠷᠠᠳᠤ ᠱᠠᠲᠤ ᠬᠣᠯᠪᠣᠭ᠋ᠠᠯᠠᠨ ᠬᠥᠳᠡᠯᠦᠯᠴᠡᠵᠦ᠂ ᠬᠠᠷᠢᠯᠴᠠᠨ ᠬᠠᠮᠵᠢᠯᠴᠠᠨ᠎ᠠ᠃ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠵᠦ ᠬᠣᠯᠪᠣᠭ᠋ᠠᠯᠠᠨ ᠵᠠᠰᠠᠬᠤ ᠵᠢ ᠬᠡᠷᠡᠭᠵᠢᠭᠦᠯᠵᠦ᠂ ᠪᠣᠬᠢᠷᠲᠤᠯ ᠪᠣᠳᠠᠰ᠎ᠤᠨ ᠳᠠᠮᠵᠢᠬᠤ ᠵᠢ ᠤᠳᠠᠭ᠋ᠠᠰᠢᠷᠠᠭᠤᠯᠵᠤ᠂ ᠣᠯᠠᠨ᠎ᠢ ᠦᠢ᠍ᠮᠡᠭᠦᠯᠬᠦ ᠬᠡᠯᠪᠡᠷᠢ᠎ᠪᠠᠷ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠡᠷᠭᠡᠶ᠋ᠢᠯᠡᠨ ᠡᠵᠡᠮᠳᠡᠬᠦ᠎ᠠᠴᠠ ᠵᠠᠢ᠌ᠯᠠᠰᠬᠢᠵᠦ᠂ ᠨᠡᠶ᠋ᠢᠭᠡᠮ᠎ᠤᠨ ᠦᠢ᠍ᠮᠡᠭᠡᠨ᠎ᠢ ᠪᠠᠭ᠋ᠠᠰᠬᠠᠨ᠎ᠠ᠃
      ᠭᠤᠷᠪᠠ᠎ᠳᠤ᠂ ᠵᠥᠷᠢᠶᠡᠲᠦ ᠬᠠᠮᠢᠶᠠᠷᠤᠯᠲᠠ ᠵᠢ ᠬᠡᠷᠡᠭᠵᠢᠭᠦᠯᠵᠦ᠂ 《ᠡᠭᠡᠭᠡ ᠠᠳᠠᠯᠢ ᠪᠠᠢ᠌ᠯᠭ᠋ᠠᠬᠤ》᠎ᠠᠴᠠ ᠰᠡᠷᠭᠡᠶ᠋ᠢᠯᠡᠬᠦ ᠬᠡᠷᠡᠭᠲᠡᠶ
     《ᠶᠡᠬᠡᠪᠡᠷ ᠭᠠᠳᠠᠭᠰᠢᠯᠠᠭᠤᠯᠪᠠᠯ ᠢᠯᠡᠭᠦᠦ ᠬᠢᠵᠠᠭ᠋ᠠᠷᠯᠠᠬᠤ᠂ ᠪᠠᠭ᠎ᠠ ᠭᠠᠳᠠᠭᠰᠢᠯᠠᠭᠤᠯᠪᠠᠯ ᠪᠠᠭ᠎ᠠ ᠬᠢᠵᠠᠭ᠋ᠠᠷᠯᠠᠬᠤ᠂ ᠭᠠᠳᠠᠭᠰᠢᠯᠠᠭᠤᠯᠬᠤ ᠦᠭᠡᠢ ᠪᠣᠯ ᠬᠢᠵᠠᠭ᠋ᠠᠷᠯᠠᠬᠤ ᠦᠭᠡᠢ》 ᠪᠠᠢ᠌ᠬᠤ ᠵᠠᠷᠴᠢᠮ ᠶᠣᠰᠣᠭ᠋ᠠᠷ᠂ ᠰᠢᠲᠠᠮᠠᠬᠠᠶ ᠬᠡᠢ᠎ᠳᠤ ᠬᠣᠯᠪᠣᠭᠳᠠᠭᠰᠠᠨ ᠠᠵᠤ ᠠᠬᠤᠶ᠋ᠢᠯᠠᠯ᠎ᠤᠨ ᠵᠠᠰᠠᠯᠲᠠ ᠵᠢᠨ ᠬᠢᠷᠢ ᠲᠦᠪᠰᠢᠨ᠎ᠲᠠᠢ ᠤᠶᠠᠯᠳᠤᠭᠤᠯᠤᠨ᠂ ᠵᠥᠷᠢᠶᠡᠲᠦ ᠬᠠᠮᠢᠶᠠᠷᠤᠯᠲᠠ ᠵᠢ ᠬᠡᠷᠡᠭᠵᠢᠭᠦᠯᠵᠦ᠂ ᠬᠢᠵᠠᠭ᠋ᠠᠷᠯᠠᠵᠤ ᠬᠠᠮᠢᠶᠠᠷᠬᠤ ᠪᠠ ᠵᠥᠪ ᠵᠶ᠋ᠠᠷ ᠤᠷᠮᠠᠰᠢᠭᠤᠯᠬᠤ ᠵᠢ ᠬᠡᠷᠡᠭᠵᠢᠭᠦᠯᠦᠨ᠂ ᠲᠥᠷᠥᠯ ᠬᠤᠪᠢᠶᠠᠨ ᠵᠠᠰᠠᠵᠤ᠂ 《ᠡᠭᠡᠭᠡ ᠠᠳᠠᠯᠢ ᠪᠠᠶ᠋ᠢᠯᠭ᠋ᠠᠬᠤ》᠎ᠠᠴᠠ ᠰᠡᠷᠭᠡᠶ᠋ᠢᠯᠡᠨ᠎ᠡ᠃ ᠬᠣᠲᠠ ᠵᠢᠨ ᠠᠮᠢᠳᠤᠷᠠᠯ᠎ᠤᠨ ᠬᠣᠭ ᠨᠣᠪᠰᠢ ᠪᠤᠶᠤ ᠠᠶᠤᠯᠲᠠᠶ ᠬᠠᠶᠠᠭᠳᠠᠮᠠᠯ ᠪᠣᠳᠠᠰ᠎ᠢ ᠰᠢᠢ᠍ᠳᠪᠤᠷᠢᠯᠡᠬᠦ᠂ ᠰᠠᠭᠤᠭ᠋ᠠᠯᠢ ᠠᠷᠠᠳ᠎ᠤᠨ ᠳᠤᠯᠠᠭ᠋ᠠᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠲᠥᠷᠥᠯ᠎ᠤᠨ ᠠᠵᠤ ᠠᠬᠤᠢ᠍ᠯᠠᠯ᠎ᠳᠤ᠂ 《ᠬᠡᠮᠵᠢᠶ᠎ᠡ ᠵᠢ ᠦᠨᠳᠦᠰᠦᠯᠡᠨ ᠲᠣᠭᠲᠠᠭ᠋ᠠᠬᠤ》 《ᠢᠯᠴᠢ ᠵᠢ ᠦᠨᠳᠦᠰᠦᠯᠡᠨ ᠲᠣᠭᠲᠠᠭ᠋ᠠᠬᠤ》 ᠵᠢ ᠬᠡᠷᠡᠭᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠵᠢ ᠪᠡᠶᠡᠯᠡᠭᠦᠯᠦᠨ᠎ᠡ; ᠬᠡᠲᠦ ᠳᠣᠤᠷ᠎ᠠ ᠭᠠᠳᠠᠭᠰᠢᠯᠠᠭᠤᠯᠬᠤ ᠵᠢ ᠪᠡᠶᠡᠯᠡᠭᠦᠯᠦᠭᠰᠡᠨ ᠢᠯᠴᠢ ᠴᠠᠬᠢᠯᠭ᠋ᠠᠨ᠎ᠤ ᠠᠵᠤ ᠠᠬᠤᠶ᠋ᠢᠯᠠᠯ (ᠮᠠᠰᠢᠨ ᠴᠣᠭᠴᠠᠯᠠᠪᠤᠷᠢ)᠎ᠳᠤ᠂ ᠭᠡᠯᠳᠦᠷᠢᠭᠦᠯᠬᠦ ᠪᠣᠳᠣᠯᠭ᠎ᠠ ᠵᠢ ᠬᠡᠷᠡᠭᠵᠢᠭᠦᠯᠦᠨ᠎ᠡ; ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠠᠵᠤ ᠦᠢ᠍ᠯᠡᠰ᠎ᠲᠤ᠂ ᠪᠣᠳᠠᠲᠤ ᠪᠠᠶ᠋ᠢᠳᠠᠯ᠎ᠢ᠎ᠨᠢ ᠦᠨᠳᠦᠰᠦᠯᠡᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠬᠡᠪ᠎ᠤᠨ ᠦᠢ᠍ᠯᠡᠳᠪᠤᠷᠢᠯᠡᠯ ᠠᠮᠢᠳᠤᠷᠠᠯ᠎ᠳᠤ ᠦᠵᠡᠭᠦᠯᠬᠦ ᠨᠥᠯᠥᠭᠡ ᠵᠢ ᠴᠢᠳᠠᠬᠤ ᠵᠢᠨ ᠬᠢᠷᠢ᠎ᠪᠠᠷ ᠪᠠᠭ᠋ᠠᠰᠬᠠᠨ᠎ᠠ᠃ ᠡᠭᠦᠨ᠎ᠤ ᠬᠠᠮᠲᠤ᠂ ᠬᠦᠨᠳᠦ ᠪᠣᠬᠢᠷᠲᠤᠯ᠎ᠲᠠᠢ ᠠᠭᠤᠷ ᠠᠮᠢᠰᠬᠤᠯ ᠣᠯᠠᠨ ᠡᠭᠦᠰᠬᠦ ᠨᠠᠮᠤᠷ ᠪᠠ ᠡᠪᠦᠯ᠎ᠤᠨ ᠤᠯᠠᠷᠢᠯ᠎ᠤᠨ ᠬᠤᠭᠤᠴᠠᠭ᠋ᠠᠨ᠎ᠳᠤ ᠴᠢᠭᠯᠡᠭᠦᠯᠦᠨ᠂ ᠠᠵᠤ ᠠᠬᠤᠶ᠋ᠢᠯᠠᠯ᠎ᠤᠨ ᠦᠢ᠍ᠯᠡᠳᠪᠤᠷᠢᠯᠡᠯ᠎ᠤᠨ ᠲᠥᠯᠥᠪᠯᠡᠭᠡ᠎ᠪᠠᠨ ᠤᠷᠢᠳᠴᠢᠯᠠᠨ ᠲᠣᠬᠢᠷᠠᠭᠤᠯᠬᠤ ᠵᠢ ᠵᠣᠷᠢᠭᠵᠢᠭᠤᠯᠵᠤ᠂ ᠦᠢ᠍ᠯᠡᠳᠪᠤᠷᠢᠯᠡᠬᠦ ᠣᠷᠭᠢᠯ ᠬᠤᠭᠤᠴᠠᠭ᠎ᠠ᠎ᠪᠠᠨ ᠡᠭᠡᠯᠵᠢᠯᠡᠬᠦ ᠵᠢ ᠠᠬᠢᠭᠤᠯᠬᠤ ᠬᠡᠷᠡᠭᠲᠡᠶ᠃
      ᠳᠥᠷᠪᠡ᠎ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠣᠨᠣᠪᠴᠢᠲᠠᠢ᠎ᠪᠠᠷ ᠪᠠᠭ᠋ᠠᠰᠬᠠᠬᠤ ᠵᠢ ᠲᠤᠪᠤᠢ᠍ᠢ᠍ᠯᠭ᠋ᠠᠵᠤ᠂ 《ᠨᠢᠭᠡ ᠦᠢ᠍ᠯᠡᠳᠪᠤᠷᠢ᠎ᠳᠤ ᠨᠢᠭᠡ ᠠᠷᠭ᠎ᠠ ᠪᠤᠳᠤᠯᠭ᠎ᠠ ᠠᠪᠬᠤ》 ᠵᠢ ᠬᠡᠷᠡᠭᠵᠢᠭᠦᠯᠦᠨ᠎ᠡ
      ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠥᠷᠥᠯ ᠵᠦᠢ᠍ᠯ᠎ᠤᠨ ᠨᠠᠷᠢᠨ ᠵᠢᠭᠰᠠᠭ᠋ᠠᠯᠲᠠ᠎ᠳᠤ ᠣᠷᠣᠭᠤᠯᠤᠭᠰᠠᠨ ᠬᠡᠢ ᠪᠡᠶᠡᠲᠦ ᠵᠢᠨ ᠠᠵᠤ ᠠᠬᠤᠶ᠋ᠢᠯᠠᠯ (ᠢᠨᠵᠧᠨᠧᠷᠢᠩ)᠎ᠳᠤ᠂ 《ᠨᠢᠭᠡ   ᠦᠢ᠍ᠯᠡᠳᠪᠤᠷᠢ᠎ᠳᠤ ᠨᠢᠭᠡ ᠠᠷᠭ᠎ᠠ ᠪᠣᠳᠣᠯᠭ᠎ᠠ ᠠᠪᠬᠤ》 ᠪᠠᠴᠢᠮ ᠪᠠᠶ᠋ᠢᠳᠠᠯ᠎ᠢ ᠠᠷᠭ᠋ᠠᠴᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠬᠡᠷᠡᠭᠵᠢᠭᠦᠯᠬᠦ ᠲᠥᠰᠦᠯ᠎ᠢ ᠨᠢᠭᠡ ᠨᠢᠭᠡ᠎ᠪᠠᠷ ᠲᠣᠭᠲᠠᠭ᠋ᠠᠨ᠎ᠠ᠃ 《ᠨᠢᠭᠡ   ᠦᠢ᠍ᠯᠡᠳᠪᠤᠷᠢ᠎ᠳᠤ ᠨᠢᠭᠡ ᠠᠷᠭ᠎ᠠ ᠪᠣᠳᠣᠯᠭ᠎ᠠ ᠠᠪᠬᠤ》 ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠡᠷᠡᠭᠵᠢᠭᠦᠯᠬᠦ ᠲᠥᠰᠦᠯ᠎ᠳᠤ ᠠᠵᠤ ᠠᠬᠤᠶ᠋ᠢᠯᠠᠯ᠎ᠤᠨ ᠦᠨᠳᠦᠰᠦᠨ ᠪᠠᠶ᠋ᠢᠳᠠᠯ᠂ ᠭᠣᠤᠯ ᠪᠣᠯᠬᠤ ᠦᠢ᠍ᠯᠡᠳᠪᠤᠷᠢᠯᠡᠯ᠎ᠤᠨ ᠮᠡᠷᠭᠡᠵᠢᠯ᠎ᠤᠨ ᠴᠤᠪᠤᠷᠠᠯ᠂ ᠭᠣᠤᠯ ᠪᠣᠯᠬᠤ ᠬᠡᠢ ᠪᠡᠶᠡᠲᠦ ᠪᠦᠲᠦᠭᠡᠭᠳᠡᠬᠦᠨ᠎ᠳᠤ ᠬᠣᠯᠪᠣᠭᠳᠠᠬᠤ ᠪᠣᠬᠢᠷᠲᠤᠯ ᠭᠠᠳᠠᠭᠰᠢᠯᠠᠭᠤᠯᠬᠤ ᠭᠤᠭᠴᠤᠭ᠎ᠠ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠶ᠋ᠢᠳᠠᠯ᠎ᠢ ᠪᠠᠭᠲᠠᠭ᠋ᠠᠬᠤ ᠬᠡᠷᠡᠭᠲᠡᠶ᠃ ᠲᠡᠷᠡᠴᠢᠯᠡᠨ ᠠᠳᠠᠯᠢ ᠪᠤᠰᠤ ᠲᠡᠰ᠎ᠤᠨ ᠰᠡᠷᠡᠮᠵᠢᠯᠡᠭᠦᠯᠦᠯ᠎ᠳᠠᠬᠢ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠲᠣᠳᠣᠷᠬᠠᠶ᠋ᠢᠯᠠᠵᠤ᠂ ᠪᠣᠳᠠᠲᠠᠶ ᠵᠣᠭᠰᠣᠭ᠋ᠠᠬᠤ (ᠬᠢᠵᠠᠭ᠋ᠠᠷᠯᠠᠬᠤ)   ᠦᠢ᠍ᠯᠡᠳᠪᠤᠷᠢᠯᠡᠯ᠎ᠤᠨ ᠱᠤᠭᠤᠮ᠂ ᠮᠡᠷᠭᠡᠵᠢᠯ᠎ᠤᠨ ᠭᠣᠭᠴᠣᠭ᠎ᠠ ᠪᠣᠯᠤᠨ ᠡᠯ᠎ᠡ ᠲᠥᠷᠥᠯ᠎ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢᠨ ᠵᠠᠩᠭᠢᠯᠠᠭ᠎ᠠ ᠵᠢᠨ ᠴᠢᠨᠠᠷᠲᠠᠶ ᠬᠦᠢ᠍ᠴᠡᠳᠭᠡᠬᠦ ᠲᠣᠭ᠎ᠠ (ᠵᠢᠱ᠌ᠢᠶᠡᠯᠡᠪᠡᠯ ᠪᠠᠶ᠋ᠢᠭ᠋ᠠᠯᠢ ᠵᠢᠨ ᠰᠢᠲᠠᠮᠠᠬᠠᠶ ᠬᠡᠢ ᠬᠡᠷᠡᠭᠯᠡᠬᠦ ᠬᠡᠮᠵᠢᠶ᠎ᠡ᠂ ᠴᠠᠬᠢᠯᠭ᠋ᠠᠨ ᠬᠡᠷᠡᠭᠯᠡᠬᠦ ᠬᠡᠮᠵᠢᠶ᠎ᠡ ᠵᠡᠷᠭᠡ) ᠵᠢ ᠲᠣᠳᠣᠷᠬᠠᠶ᠋ᠢᠯᠠᠵᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯ᠎ᠤᠨ ᠳᠡᠰ ᠳᠠᠷᠠᠭ᠋ᠠᠯᠠᠯ᠎ᠤᠨ ᠬᠠᠷᠢᠭᠤᠴᠠᠯᠭ᠋ᠠᠲᠠᠨ ᠵᠢᠴᠢ ᠬᠠᠷᠢᠯᠴᠠᠬᠤ ᠠᠷᠭ᠎ᠠ ᠮᠠᠶᠢᠭ ᠵᠡᠷᠭᠡ ᠵᠢ᠎ᠨᠢ ᠨᠠᠷᠢᠯᠢᠭᠵᠢᠭᠤᠯᠤᠨ᠎ᠠ᠃ ᠦᠢ᠍ᠯᠡᠳᠪᠦᠷᠢᠯᠡᠯ᠎ᠤᠨ ᠠᠵᠢᠯ᠎ᠤᠨ ᠳᠠᠷᠠᠭ᠋ᠠᠯᠠᠯ᠎ᠢ᠎ᠨᠢ ᠲᠠᠰᠤᠯᠳᠠᠭᠤᠯᠵᠤ ᠪᠣᠯᠬᠤ ᠦᠭᠡᠢ ᠠᠵᠤ ᠠᠬᠤᠢ᠍ᠯᠠᠯ᠎ᠳᠤ᠂ ᠪᠣᠬᠢᠷᠲᠤᠯ᠎ᠢ ᠵᠠᠰᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠦᠢ᠍ᠯᠡᠳᠪᠤᠷᠢᠯᠡᠯ᠎ᠤᠨ ᠳᠠᠭ᠋ᠠᠭ᠋ᠠᠴᠠ ᠵᠢ᠎ᠨᠢ ᠬᠢᠵᠠᠭ᠋ᠠᠷᠯᠠᠬᠤ ᠵᠡᠷᠭᠡ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ᠎ᠨᠢ ᠪᠠᠭ᠋ᠠᠰᠬᠠᠬᠤ ᠵᠢᠨ ᠬᠠᠮᠲᠤ ᠠᠦ᠋ᠲ᠋ᠣ᠋ ᠬᠢᠨᠠᠨ ᠡᠵᠡᠮᠰᠢᠬᠦ ᠳᠦᠬᠦᠭᠡᠷᠦᠮᠵᠢ ᠵᠢᠨ ᠠᠵᠢᠯᠯᠠᠭ᠋ᠠᠨ᠎ᠤ ᠬᠠᠮᠠᠭ᠋ᠠᠯᠠᠯᠲᠠ ᠵᠢ ᠰᠠᠶ᠋ᠢᠲᠤᠷ ᠬᠢᠵᠦ᠂ ᠬᠢᠨᠠᠨ ᠡᠵᠡᠮᠰᠢᠬᠦ ᠳᠦᠬᠦᠭᠡᠷᠦᠮᠵᠢ ᠵᠢᠨ ᠨᠢᠭᠡ ᠵᠢᠯ᠎ᠠᠴᠠ ᠳᠡᠭᠡᠭᠰᠢᠬᠢ ᠲᠣᠭ᠎ᠠ ᠪᠠᠷᠢᠮᠲᠠ ᠵᠢᠨ ᠲᠡᠮᠳᠡᠭᠯᠡᠯ᠎ᠢ ᠬᠠᠩᠭ᠋ᠠᠵᠤ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠴᠠᠯ᠎ᠤᠨ ᠱᠠᠭ᠋ᠠᠷᠳᠠᠯᠭ᠎ᠠ᠎ᠳᠤ ᠬᠦᠷᠦᠭᠰᠡᠨ᠎ᠢ ᠥᠪᠡᠷᠲᠡᠭᠡᠨ ᠭᠡᠷᠡᠴᠢᠯᠡᠨ᠎ᠡ᠃ 《ᠨᠢᠭᠡ ᠦᠢ᠍ᠯᠡᠳᠪᠦᠷᠢ᠎ᠳᠤ ᠨᠢᠭᠡ ᠠᠷᠭ᠎ᠠ ᠪᠣᠳᠣᠯᠭ᠎ᠠ ᠠᠪᠬᠤ》᠂ 《ᠬᠡᠷᠡᠭᠵᠢᠭᠦᠯᠵᠦ ᠪᠣᠯᠬᠤ᠂ ᠬᠢᠨᠠᠨ ᠬᠡᠮᠵᠢᠵᠦ ᠪᠣᠯᠬᠤ᠂ ᠬᠢᠨᠠᠨ ᠪᠠᠶ᠋ᠢᠴᠠᠭ᠋ᠠᠵᠤ ᠪᠣᠯᠬᠤ》 ᠵᠢ ᠪᠡᠶᠡᠯᠡᠭᠦᠯᠵᠦ᠂ ᠨᠢᠭᠡ ᠠᠰᠠᠭᠤᠳᠠᠯ ᠢᠯᠡᠷᠡᠭᠦᠯᠪᠡᠯ᠂ ᠲᠥᠰᠦᠯ᠎ᠳᠤ ᠨᠢᠭᠡ ᠤᠳᠠᠭ᠎ᠠ ᠵᠠᠰᠠᠪᠤᠷᠢ ᠣᠷᠣᠭᠤᠯᠵᠤ ᠪᠣᠯᠬᠤ ᠦᠭᠡᠢ᠂ ᠪᠠᠶ᠋ᠢᠨ ᠳᠠᠬᠢᠨ ᠬᠠᠯᠠᠨ ᠰᠠᠶ᠋ᠢᠵᠢᠷᠠᠭᠤᠯᠬᠤ ᠨᠡᠷ᠎ᠡ᠎ᠪᠠᠷ ᠬᠠᠷᠢᠭᠤᠴᠠᠯᠭ᠎ᠠ᠎ᠠᠴᠠ ᠵᠠᠶ᠋ᠢᠯᠠᠵᠤ᠂ ᠳᠠᠷᠤᠭ᠋ᠠᠰᠤ ᠵᠢ ᠨᠡᠮᠡᠭᠳᠡᠭᠦᠯᠵᠦ ᠪᠣᠯᠬᠤ ᠦᠭᠡᠢ᠃
      ᠲᠠᠪᠤ᠎ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠴᠠᠯ᠎ᠢ ᠪᠣᠳᠠᠲᠠᠶ᠋ᠢᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠨᠡᠶ᠋ᠢᠳᠡᠮ ᠪᠦᠷᠬᠦᠭᠦᠯᠬᠦ ᠵᠢ ᠪᠡᠶᠡᠯᠡᠭᠦᠯᠦᠨ᠎ᠡ
      ᠲᠣᠰ ᠤᠳᠠᠭ᠎ᠠ ᠲᠥᠰᠦᠯ᠎ᠳᠤ ᠵᠠᠰᠠᠪᠤᠷᠢ ᠣᠷᠣᠭᠤᠯᠬᠤ᠎ᠳᠠᠭᠠᠨ᠂ ᠡᠯ᠎ᠡ ᠠᠶ᠋ᠢᠮᠠᠭ ᠬᠤᠲᠠ᠎ᠨᠢ 《ᠨᠢᠭᠡ ᠬᠣᠲᠠ᠎ᠳᠤ ᠨᠢᠭᠡᠨ ᠳᠥᠰᠥᠯ》 ᠲᠣᠭᠲᠠᠭ᠋ᠠᠵᠤ᠂ ᠡᠯ᠎ᠡ ᠠᠵᠤ ᠠᠬᠤᠶ᠋ᠢᠯᠠᠯ᠎ᠨᠢ 《ᠨᠢᠭᠡ ᠦᠢ᠍ᠯᠡᠳᠪᠤᠷᠢ᠎ᠳᠤ ᠨᠢᠭᠡ ᠠᠷᠭ᠎ᠠ ᠪᠣᠳᠣᠯᠭ᠎ᠠ ᠠᠪᠬᠤ》   ᠵᠢ ᠲᠣᠭᠲᠠᠭ᠋ᠠᠬᠤ ᠬᠡᠷᠡᠭᠲᠡᠶ ᠭᠡᠵᠦ ᠲᠣᠳᠣᠷᠬᠠᠶ ᠱᠠᠭ᠋ᠠᠷᠳᠠᠪᠠ᠃ ᠬᠡᠢ ᠪᠡᠶᠡᠲᠦ᠎ᠳᠤ ᠬᠤᠯᠪᠣᠭᠳᠠᠬᠤ ᠪᠤᠶ ᠪᠦᠬᠦᠢ ᠠᠵᠤ ᠠᠬᠤᠶ᠋ᠢᠯᠠᠯ (ᠢᠨᠵᠧᠨᠧᠷᠢᠩ)᠎ᠢ ᠪᠦᠬᠦᠨ᠎ᠢ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠥᠷᠥᠯ ᠵᠤᠢ᠌ᠯ᠎ᠤᠨ ᠨᠠᠷᠢᠨ ᠳᠠᠩᠰᠠᠨ᠎ᠳᠤ ᠣᠷᠣᠭᠤᠯᠵᠤ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠵᠢ ᠬᠡᠷᠡᠭᠵᠢᠭᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠵᠤ ᠰᠡᠷᠭᠡᠶ᠋ᠢᠯᠡᠨ ᠡᠵᠡᠮᠳᠡᠬᠦ ᠬᠤᠭᠤᠴᠠᠭ᠋ᠠᠨ᠎ᠳᠤ᠂ ᠨᠠᠷᠢᠨ ᠳᠠᠩᠰᠠᠨ᠎ᠳᠤ ᠣᠷᠣᠭᠤᠯᠤᠭᠰᠠᠨ ᠠᠵᠤ ᠠᠬᠤᠶ᠋ᠢᠯᠠᠯ᠎ᠨᠢ 《ᠨᠢᠭᠡ ᠦᠢ᠍ᠯᠡᠳᠪᠤᠷᠢ᠎ᠳᠤ ᠨᠢᠭᠡ ᠠᠷᠭ᠎ᠠ ᠪᠣᠳᠣᠯᠭ᠎ᠠ ᠠᠪᠬᠤ》   ᠶᠣᠰᠣᠭ᠋ᠠᠷ ᠪᠠᠴᠢᠮ ᠪᠠᠶ᠋ᠢᠳᠠᠯ᠎ᠢ ᠠᠷᠭ᠋ᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠭᠣᠭᠴᠣᠭ᠎ᠠ ᠨᠢᠭᠡᠪᠦᠷᠢ᠂ ᠠᠯᠬᠤᠮ ᠨᠢᠭᠡᠪᠦᠷᠢ ᠵᠢ ᠴᠥᠮ ᠨᠠᠶ᠋ᠢᠳᠠᠪᠤᠷᠢᠵᠢᠭᠤᠯᠤᠨ ᠪᠣᠳᠠᠲᠠᠢ᠍ᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠴᠠᠯ᠎ᠤᠨ ᠱᠠᠭ᠋ᠠᠷᠳᠠᠯᠭ᠎ᠠ᠎ᠳᠤ ᠡᠷᠬᠡᠪᠰᠢ ᠨᠡᠢ᠍ᠴᠡᠭᠦᠯᠬᠦ ᠬᠡᠷᠡᠭᠲᠡᠶ᠃ ᠠᠶ᠋ᠢᠮᠠᠭ ᠬᠣᠲᠠ ᠵᠢᠨ ᠪᠣᠬᠢᠷᠲᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠶᠡᠷᠦᠩᠬᠡᠶ ᠲᠤᠭ᠎ᠠ ᠪᠠᠷᠢᠮᠲᠠ ᠵᠢ ᠪᠣᠳᠣᠬᠤ ᠪᠠ ᠰᠢᠷ᠎ᠠ ᠥᠩᠭᠡ ᠵᠢᠨ ᠰᠡᠷᠡᠮᠵᠢᠯᠡᠭᠦᠯᠦᠯ᠎ᠢ ᠬᠡᠷᠡᠭᠵᠢᠭᠦᠯᠬᠦ ᠬᠤᠭᠤᠴᠠᠭ᠋ᠠᠨ᠎ᠳᠤ᠂ ᠬᠦᠬᠦᠷ᠎ᠤᠨ ᠳᠠᠪᠬᠤᠷ ᠢᠰᠦᠯ (SO2)᠂ ᠠᠽᠣᠲ᠎ᠤᠨ ᠢᠰᠦᠯ (NOx)᠂ ᠮᠥᠬᠥᠯᠢᠭᠲᠦ ᠪᠣᠳᠠᠰ (PM) ᠪᠠ ᠳᠡᠭᠳᠡᠮᠡᠬᠡᠶ ᠴᠢᠨᠠᠷᠲᠠᠶ ᠣᠷᠭ᠋ᠠᠨᠢᠭ ᠪᠣᠳᠠᠰ (VOCs)᠎ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠴᠠᠯ᠎ᠢ ᠲᠣᠰ ᠲᠣᠰ ᠪᠥᠬᠥ ᠨᠡᠶ᠋ᠢᠭᠡᠮ᠎ᠤᠨ ᠭᠠᠳᠠᠭᠰᠢᠯᠠᠭᠤᠯᠬᠤ ᠬᠡᠮᠵᠢᠶ᠎ᠡ ᠵᠢᠨ ᠡᠵᠡᠯᠡᠬᠦ ᠬᠠᠷᠢᠴᠠᠯ᠎ᠤᠨ 10%᠎ᠠᠴᠠ ᠳᠡᠭᠡᠭᠰᠢ ᠪᠠᠢ᠌ᠯᠭ᠋ᠠᠬᠤ ᠵᠢ ᠦᠨᠡᠨᠬᠦ ᠪᠠᠲᠤᠯᠠᠬᠤ ᠬᠡᠷᠡᠭᠲᠡᠢ; ᠤᠯᠠᠪᠤᠷ ᠥᠩᠭᠡ᠂ ᠤᠯᠠᠭ᠋ᠠᠨ ᠥᠩᠭᠡ ᠵᠢᠨ ᠰᠡᠷᠡᠮᠵᠢᠯᠡᠭᠦᠯᠦᠯ ᠬᠡᠷᠡᠭᠵᠢᠭᠦᠯᠬᠦ ᠬᠤᠭᠤᠴᠠᠭ᠋ᠠᠨ᠎ᠳᠤ᠂ ᠪᠣᠬᠢᠷᠲᠤᠯ᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠴᠠᠯ᠎ᠢ ᠲᠣᠰ ᠲᠣᠰ 20% ᠪᠠ 30%᠎ᠠᠴᠠ ᠳᠡᠭᠡᠭᠰᠢ ᠪᠠᠢ᠌ᠯᠭ᠋ᠠᠨ᠎ᠠ᠃ ᠡᠯ᠎ᠡ ᠠᠶ᠋ᠢᠮᠠᠭ ᠬᠣᠲᠠ᠎ᠨᠤᠭᠤᠳ᠎ᠨᠢ ᠲᠤᠰ ᠭᠠᠵᠠᠷ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠦᠲᠦᠴᠡ᠎ᠪᠠᠨ ᠦᠨᠳᠦᠰᠦᠯᠡᠨ᠂ ᠬᠦᠬᠦᠷ᠎ᠤᠨ ᠳᠠᠪᠬᠤᠷ ᠢᠰᠦᠯ (SO2) ᠪᠣᠯᠤᠨ ᠠᠽᠣᠲ᠎ᠤᠨ ᠢᠰᠦᠯ (NOx)᠎ᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠴᠠᠯ ᠵᠶ᠋ᠠᠨ ᠲᠣᠬᠢᠷᠠᠭᠤᠯᠵᠤ ᠪᠣᠯᠤᠨ᠎ᠠ᠃ ᠭᠡᠪᠡᠴᠦ ᠡᠨᠡ ᠬᠣᠶᠠᠷ᠎ᠤᠨ ᠬᠠᠷᠢᠴᠠᠯ᠎ᠤᠨ ᠨᠡᠶ᠋ᠢᠯᠡᠪᠦᠷᠢ ᠵᠢ ᠳᠡᠭᠡᠷ᠎ᠡ ᠳᠤᠷᠠᠳᠤᠭᠰᠠᠨ ᠶᠡᠷᠦᠩᠬᠡᠶ ᠱᠠᠭ᠋ᠠᠷᠳᠠᠯᠭ᠎ᠠ᠎ᠠᠴᠠ ᠳᠣᠤᠷ᠎ᠠ ᠪᠠᠶ᠋ᠢᠯᠭ᠋ᠠᠵᠤ ᠪᠣᠯᠬᠤ ᠦᠭᠡᠢ᠃
      ᠵᠢᠷᠭᠤᠭ᠎ᠠ᠎ᠳᠤ᠂ ᠤᠷᠢᠳᠴᠢᠯᠠᠭᠰᠠᠨ ᠲᠥᠰᠦᠯ᠎ᠤᠨ ᠬᠠᠮᠢᠶᠠᠷᠤᠯᠲᠠ ᠵᠢ ᠴᠢᠩᠭ᠋ᠠᠳᠬᠠᠨ᠎ᠠ
      ᠡᠯ᠎ᠡ ᠠᠶ᠋ᠢᠮᠠᠭ ᠬᠣᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠂ ᠡᠯ᠎ᠡ ᠬᠠᠮᠢᠶ᠎ᠠ ᠪᠦᠬᠦᠢ ᠡᠭᠦᠷᠭᠡ ᠲᠤᠰᠢᠶᠠᠯᠲᠤ ᠰᠠᠯᠠᠭ᠎ᠠ ᠮᠥᠴᠢᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠲᠤᠰᠬᠠᠶ ᠬᠡᠷᠡᠭᠵᠢᠭᠦᠯᠬᠦ ᠲᠥᠰᠦᠯ᠎ᠢ ᠥᠪᠡᠷᠲᠡᠭᠡᠨ ᠵᠠᠰᠠᠬᠤ ᠣᠷᠣᠨ᠎ᠤ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯ᠎ᠢ ᠵᠢᠯᠣᠭᠣᠳᠬᠤ ᠬᠡᠯᠲᠡᠰ᠎ᠤᠨ ᠠᠯᠪᠠᠨ ᠭᠡᠷ᠎ᠲᠤ ᠪᠦᠷᠢᠳᠬᠡᠨ ᠳᠠᠩᠰᠠᠯᠠᠭᠤᠯᠬᠤ ᠵᠢᠨ ᠬᠠᠮᠲᠤ ᠨᠡᠶ᠋ᠢᠭᠡᠮ ᠨᠡᠶ᠋ᠢᠲᠡ᠎ᠳᠤ ᠨᠡᠶ᠋ᠢᠲᠡᠯᠡᠬᠦ ᠬᠡᠷᠡᠭᠲᠡᠶ᠃ ᠡᠭᠦᠨ᠎ᠤ ᠬᠠᠮᠲᠤ᠂ ᠢᠨᠲ᠋ᠧᠷ ᠰᠦᠯᠵᠢᠶ᠎ᠡ᠂ ᠰᠣᠨᠢᠨ ᠮᠡᠳᠡᠭᠡᠨ᠎ᠤ ᠵᠠᠭᠤᠴᠢᠯᠠᠭᠤᠷ᠂ ᠷᠠᠳᠢᠣ᠋ ᠲᠧᠯᠸᠢᠰ ᠵᠡᠷᠭᠡ᠎ᠪᠠᠷ ᠳᠠᠮᠵᠢᠭᠤᠯᠤᠨ ᠤᠬᠠᠭᠤᠯᠤᠨ ᠲᠦᠭᠡᠮᠡᠯᠵᠢᠭᠦᠯᠬᠦ ᠵᠢ ᠴᠢᠩᠭ᠋ᠠᠳᠬᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠬᠠᠮᠢᠶ᠎ᠠ ᠪᠦᠬᠦᠢ ᠰᠤᠷᠠᠭ ᠵᠠᠩᠭᠢ ᠵᠢ ᠴᠠᠭ ᠲᠤᠬᠠᠶ᠎ᠳᠤᠨᠢ ᠣᠨᠣᠪᠴᠢᠲᠠᠶ ᠨᠡᠶ᠋ᠢᠲᠡᠯᠡᠵᠦ᠂ ᠶᠠᠷᠢᠶ᠎ᠠ ᠬᠡᠯᠡᠯᠴᠡᠭᠡ ᠵᠢ ᠵᠥᠪ ᠵᠶ᠋ᠠᠷ ᠬᠥᠲᠥᠯᠥᠨ ᠵᠢᠯᠣᠭᠣᠳᠴᠤ᠂ ᠣᠯᠠᠨ ᠨᠡᠶ᠋ᠢᠲᠡ᠎ᠳᠤ ᠪᠠᠶ᠋ᠢᠳᠠᠯ᠎ᠢ ᠮᠡᠳᠡᠭᠦᠯᠵᠦ᠂ ᠪᠦᠬᠦ ᠠᠷᠠᠳ᠎ᠢ ᠣᠷᠣᠯᠴᠠᠭᠤᠯᠤᠨ᠎ᠠ᠃ ᠪᠠᠴᠢᠮ ᠪᠠᠶ᠋ᠢᠳᠠᠯ᠎ᠢ ᠠᠷᠭ᠋ᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠲᠥᠷᠥᠯ ᠵᠤᠢ᠌ᠯ᠎ᠤᠨ ᠨᠠᠷᠢᠨ ᠵᠢᠭᠰᠠᠭ᠋ᠠᠯᠲᠠ᠎ᠳᠤ ᠬᠥᠳᠡᠯᠦᠩᠭᠦᠶ ᠰᠢᠨᠡᠴᠢᠯᠡᠯᠲᠡ ᠬᠢᠵᠦ᠂ ᠵᠢᠯ ᠪᠦᠷᠢ ᠵᠢᠨ 11 ᠳ᠋ᠤᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ᠂ ᠡᠯ᠎ᠡ ᠠᠶ᠋ᠢᠮᠠᠭ ᠬᠣᠲᠠ᠎ᠨᠢ ᠪᠣᠳᠠᠲᠠᠶ ᠬᠡᠷᠡᠭᠵᠢᠭᠦᠯᠵᠦ ᠪᠠᠢ᠌ᠭ᠎ᠠ ᠪᠠᠶ᠋ᠢᠳᠠᠯ ᠵᠶ᠋ᠠᠨ ᠦᠨᠳᠦᠰᠦᠯᠡᠨ᠂ ᠨᠠᠷᠢᠨ ᠵᠢᠭᠰᠠᠭ᠋ᠠᠯᠲᠠ᠎ᠳᠤ ᠨᠢᠭᠡ ᠤᠳᠠᠭ᠎ᠠ ᠲᠣᠬᠢᠷᠠᠭᠤᠯᠤᠯᠲᠠ ᠬᠢᠵᠦ ᠪᠣᠯᠣᠨ᠎ᠠ᠂ ᠭᠣᠤᠯᠳᠠᠯᠭ᠎ᠠ᠎ᠨᠢ ᠰᠢᠨ᠎ᠡ᠎ᠪᠠᠷ ᠨᠡᠮᠡᠭᠳᠡᠭᠰᠡᠨ ᠠᠵᠤ ᠠᠬᠤᠶ᠋ᠢᠯᠠᠯ᠎ᠢ ᠨᠠᠷᠢᠨ ᠳᠠᠩᠰᠠ ᠵᠢᠨ ᠬᠠᠮᠢᠶᠠᠷᠤᠯᠲᠠ᠎ᠳᠤ ᠣᠷᠣᠭᠤᠯᠬᠤ ᠵᠢᠨ ᠬᠠᠮᠲᠤ 《ᠨᠢᠭᠡ ᠦᠢ᠍ᠯᠡᠳᠪᠤᠷᠢ᠎ᠳᠤ ᠨᠢᠭᠡ ᠠᠷᠭ᠎ᠠ ᠪᠣᠳᠣᠯᠭ᠎ᠠ》᠎ᠲᠠᠢ ᠪᠠᠶ᠋ᠢᠬᠤ ᠪᠠᠴᠢᠮ ᠪᠠᠶ᠋ᠢᠳᠠᠯ᠎ᠢ ᠠᠷᠭ᠋ᠠᠴᠠᠬᠤ ᠬᠡᠷᠡᠭᠵᠢᠭᠦᠯᠬᠦ ᠲᠥᠰᠦᠯ᠎ᠢ ᠵᠡᠷᠭᠡᠪᠡᠷ ᠲᠣᠭᠲᠠᠭ᠋ᠠᠵᠤ᠂ ᠨᠠᠷᠢᠨ ᠲᠠᠩᠰᠠ᠎ᠠᠴᠠ ᠭᠠᠳᠠᠭᠤᠷ᠂ ᠬᠢᠨᠠᠯᠲᠠ ᠬᠠᠮᠢᠶᠠᠷᠤᠯᠲᠠ᠎ᠠᠴᠠ ᠰᠠᠯᠤᠭᠰᠠᠨ ᠠᠵᠤ ᠠᠬᠤᠶ᠋ᠢᠯᠠᠯ ᠪᠠᠶ᠋ᠢᠵᠤ ᠪᠣᠯᠬᠤ ᠥᠬᠡᠶ᠂ ᠬᠡᠢ ᠪᠡᠶᠡᠲᠦ᠎ᠳᠤ ᠬᠤᠯᠪᠣᠭᠳᠠᠬᠤ ᠪᠣᠢ ᠪᠦᠬᠦᠢ ᠠᠵᠤ ᠠᠬᠤᠶ᠋ᠢᠯᠠᠯ᠎ᠨᠢ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠬᠠᠷᠢᠭᠤᠴᠠᠯᠭ᠎ᠠ᠎ᠪᠠᠨ ᠬᠠᠮᠲᠤ᠎ᠪᠠᠷ ᠬᠦᠢ᠍ᠴᠡᠳᠭᠡᠬᠦ ᠵᠢ ᠦᠨᠡᠨᠬᠦ ᠪᠠᠲᠤᠯᠠᠬᠤ ᠬᠡᠷᠡᠭᠲᠡᠶ᠃
      ᠶᠡᠷᠦᠩᠬᠡᠢ᠌ᠯᠡᠪᠡᠯ᠂ ᠰᠢᠨ᠎ᠡ ᠲᠥᠰᠦᠯ᠎ᠢ ᠨᠢᠭᠡᠨᠲᠡ ᠨᠡᠶ᠋ᠢᠲᠡᠯᠡᠨ ᠬᠡᠷᠡᠭᠵᠢᠭᠦᠯᠪᠡ᠂ ᠪᠢᠳᠡ ᠡᠳᠦᠷ ᠲᠤᠲᠤᠮ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠠᠵᠢᠯ᠎ᠢ ᠰᠠᠶ᠋ᠢᠲᠤᠷ ᠠᠳᠬᠤᠬᠤ ᠵᠢᠨ ᠬᠠᠮᠲᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠠᠰᠢᠭ ᠥᠬᠡᠶ ᠨᠥᠯᠥᠭᠡ ᠵᠢ ᠴᠢᠷᠮᠠᠶ᠋ᠢᠨ ᠠᠷᠢᠯᠭ᠋ᠠᠬᠤ ᠬᠡᠷᠡᠭᠲᠡᠶ᠃ ᠡᠭᠦᠨ᠎ᠳᠤ ᠵᠠᠰᠠᠭ᠎ᠤᠨ ᠣᠷᠳᠣᠨ᠎ᠠᠴᠠ ᠵᠢᠯᠣᠭᠤᠳᠬᠤ᠂ ᠠᠵᠤ ᠠᠬᠤᠶ᠋ᠢᠯᠠᠯ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ᠎ᠪᠠᠨ ᠪᠠᠭ᠋ᠠᠰᠬᠠᠬᠤ᠂ ᠣᠯᠠᠨ ᠨᠡᠶ᠋ᠢᠲᠡ᠎ᠪᠠᠷ ᠵᠶ᠋ᠠᠨ ᠣᠷᠣᠯᠴᠠᠬᠤ ᠵᠡᠷᠭᠡ ᠱᠠᠭ᠋ᠠᠷᠳᠠᠭᠳᠠᠵᠤ ᠪᠠᠶ᠋ᠢᠨ᠎ᠠ᠃ ᠡᠨᠳᠡ ᠪᠢ ᠪᠠᠰᠠ᠂ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠤᠭᠤᠴᠠᠭ᠋ᠠᠨ᠎ᠳᠤ᠂ ᠬᠡᠤᠬᠡᠳ᠂ ᠨᠠᠰᠤᠲᠠᠨ ᠵᠡᠷᠭᠡ ᠠᠮᠠᠷᠬᠠᠨ ᠬᠠᠯᠳᠠᠪᠤᠷᠢᠯᠠᠭᠳᠠᠬᠤ ᠬᠥᠮᠦᠰ ᠠᠯᠢ ᠴᠢᠳᠠᠬᠤ᠎ᠪᠠᠷ ᠭᠡᠷ᠎ᠲᠡᠭᠡᠨ ᠰᠠᠭᠤᠵᠤ᠂ ᠭᠡᠷ᠎ᠤᠨ ᠭᠠᠳᠠᠨᠠᠬᠢ ᠬᠥᠳᠡᠯᠭᠡᠭᠡᠨ ᠵᠶ᠋ᠠᠨ ᠪᠠᠭ᠋ᠠᠰᠬᠠᠵᠤ᠂ ᠭᠠᠳᠠᠭᠰᠢ ᠭᠠᠷᠬᠤ ᠴᠢᠬᠤᠯᠠ ᠱᠠᠭ᠋ᠠᠷᠳᠠᠯᠭ᠎ᠠ᠎ᠲᠠᠢ ᠪᠣᠯ᠂ ᠴᠢᠬᠤᠯᠠ ᠪᠦᠬᠦᠢ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠠᠪᠬᠤ ᠵᠢ ᠰᠠᠨᠠᠭ᠋ᠠᠴᠢᠯᠠᠵᠤ ᠪᠠᠢ᠌ᠨ᠎ᠠ᠃ ᠭᠠᠳᠠᠭᠰᠢ ᠭᠠᠷᠬᠤ᠎ᠳᠠᠭᠠᠨ ᠠᠯᠢ ᠴᠢᠳᠠᠬᠤ᠎ᠪᠠᠷ ᠣᠯᠠᠨ ᠨᠡᠶ᠋ᠢᠲᠡ ᠵᠢᠨ ᠵᠠᠮ ᠬᠠᠷᠢᠯᠴᠠᠭ᠋ᠠᠨ᠎ᠤ ᠪᠠᠭ᠋ᠠᠵᠢ ᠪᠤᠶᠤ ᠴᠠᠬᠢᠯᠭᠠ ᠬᠥᠳᠡᠯᠭᠡᠭᠦᠷᠲᠦ ᠲᠡᠷᠭᠡᠨ᠎ᠳᠤ ᠰᠠᠭᠤᠵᠤ᠂ ᠲᠡᠷᠭᠡ᠎ᠪᠠᠨ ᠵᠣᠭᠰᠣᠭ᠋ᠠᠮᠠᠭᠴᠠ ᠴᠠᠭ ᠲᠤᠬᠠᠢ᠎ᠳᠤᠨᠢ ᠤᠨᠲᠠᠷᠠᠭ᠋ᠠᠵᠤ᠂ ᠲᠡᠷᠭᠡ ᠤᠨᠤᠭ᠎ᠠ᠎ᠪᠠᠨ ᠵᠣᠭᠰᠣᠭ᠋ᠠᠵᠤ ᠪᠠᠢ᠌ᠬᠤ᠎ᠳᠤ ᠠᠵᠢᠯᠯᠠᠭᠤᠯᠬᠤ ᠴᠠᠭ᠎ᠢ ᠪᠠᠭ᠋ᠠᠰᠬᠠᠬᠤ ᠵᠢ ᠰᠠᠨᠠᠭ᠋ᠠᠴᠢᠯᠠᠵᠤ ᠪᠠᠢ᠌ᠨ᠎ᠠ᠃ ᠲᠤᠶ᠋ᠢᠯ᠎ᠤᠨ ᠬᠥᠨᠳᠦ ᠪᠣᠬᠢᠷᠲᠤᠯᠳᠤ ᠴᠠᠭ ᠠᠭᠤᠷ᠎ᠤᠨ ᠪᠠᠢ᠌ᠳᠠᠯ᠎ᠳᠤ᠂ ᠨᠥᠬᠥᠴᠡᠯ᠎ᠲᠠᠢ ᠬᠡᠤᠬᠡᠳ᠎ᠤᠨ ᠴᠡᠴᠡᠷᠯᠢᠭ᠂ ᠳᠤᠮᠳᠠᠳᠤ ᠪᠠᠭ᠎ᠠ ᠰᠤᠷᠭ᠋ᠠᠭᠤᠯᠢ᠎ᠨᠢ ᠬᠢᠴᠢᠶᠡᠯ ᠵᠶ᠋ᠠᠨ ᠵᠣᠭᠰᠣᠬᠤ ᠵᠢᠨ ᠬᠠᠮᠲᠤ ᠬᠢᠴᠢᠶᠡᠯ ᠵᠣᠭᠰᠣᠬᠤ ᠬᠤᠭᠤᠴᠠᠭ᠋ᠠᠨ᠎ᠳᠠᠬᠢ ᠰᠤᠷᠤᠭᠴᠢᠳ᠎ᠤᠨ ᠰᠤᠷᠤᠯᠴᠠᠯᠭ᠎ᠠ ᠵᠢ ᠵᠣᠬᠢᠰᠲᠠᠶ ᠲᠣᠬᠢᠷᠠᠭᠤᠯᠤᠨ᠂ ᠠᠯᠢ ᠴᠢᠳᠠᠬᠤ᠎ᠪᠠᠷ ᠬᠢᠴᠢᠶᠡᠯ ᠵᠣᠭᠰᠣᠭᠰᠠᠨ ᠴᠦ᠍ ᠰᠤᠷᠤᠯᠴᠠᠯᠭ᠎ᠠ ᠵᠣᠭᠰᠤᠬᠤ ᠦᠭᠡᠢ ᠪᠠᠢ᠌ᠬᠤ ᠵᠢ ᠪᠠᠲᠤᠯᠠᠬᠤ ᠵᠢ ᠰᠠᠨᠠᠭ᠋ᠠᠴᠢᠯᠠᠵᠤ ᠪᠠᠢ᠌ᠨ᠎ᠠ᠃ ᠬᠠᠮᠲᠤᠪᠠᠷ ᠪᠠᠶ᠋ᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠵᠢ ᠪᠡᠶᠡᠯᠡᠭᠦᠯᠵᠦ᠂ ᠬᠥᠬᠡ ᠣᠭᠲᠠᠷᠭᠤᠢ᠎ᠪᠠᠨ ᠬᠠᠮᠲᠤᠪᠠᠷ ᠵᠶ᠋ᠠᠨ ᠰᠠᠶ᠋ᠢᠲᠤᠷ ᠬᠠᠮᠠᠭ᠋ᠠᠯᠠᠶ᠎ᠠ᠃





ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠳᠤᠮᠳᠠᠳᠤ ᠯᠠᠤᠰ ᠳᠤᠤᠷ᠎ᠠ ᠨᠡᠭᠦᠷᠡᠰᠦᠲᠥ᠋ᠷᠥᠭᠴᠢᠳᠤ ᠵᠢᠱ᠌ᠢᠶ᠎ᠡ ᠦᠵᠡᠭᠦᠯᠬᠦ ᠣᠷᠣᠨ᠎ᠢ ᠬᠠᠮᠲᠤᠷᠠᠨ ᠪᠦᠳᠦᠭᠡᠨ ᠪᠠᠶ᠋ᠢᠭᠤᠯᠬᠤ ᠳᠤᠬᠠᠢ ᠣᠶ᠋ᠢᠯᠠᠭ᠋ᠠᠯᠴᠠᠭ᠋ᠠᠨ᠎ᠤ ᠰᠠᠨᠠᠮᠵᠢ ᠵᠢᠨ ᠪᠢᠴᠢᠭ᠎ᠲᠤ ᠭᠠᠷ᠎ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠲᠦᠩᠯᠢᠶᠣᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠯᠡᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠪᠠ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠠᠭ᠋ᠠᠷ ᠮᠠᠨᠳᠠᠯ᠎ᠤᠨ ᠪᠤᠬᠢᠷᠲᠤᠯ᠎ᠤᠨ ᠡᠬᠢ ᠵᠢ ᠠᠩᠬ᠎ᠠ ᠠᠯᠬᠤᠮ ᠵᠠᠳᠠᠯᠤᠨ ᠰᠢᠨᠵᠢᠯᠡᠭᠰᠡᠨ᠎ᠨᠢ
ᠵᠢᠶᠠᠩᠰᠦ ᠡᠨᠧᠷᠭᠢ ᠵᠢᠨ ᠤᠯᠠᠭ᠋ᠠᠶ᠎ᠳᠠᠬᠢ 2 × 1000MW ᠥᠨᠳᠥᠷ ᠪᠦᠲᠦᠮᠵᠢᠲᠡᠶ ᠬᠡᠲᠦ ᠬᠢᠵᠠᠭ᠋ᠠᠷ᠎ᠤᠨ ᠨᠡᠭᠦᠷᠡᠰᠦ ᠰᠢᠳᠠᠭ᠋ᠠᠵᠤ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡ ᠵᠢ ᠦᠨᠡᠯᠡᠭᠰᠡᠨ ᠪᠢᠴᠢᠭ ᠮᠠᠲ᠋ᠧᠷᠢᠶᠠᠯ᠎ᠢ ᠭᠥᠯᠢᠶᠡᠨ ᠠᠪᠴᠤ ᠰᠢᠢ᠍ᠳᠪᠦᠷᠢᠯᠡᠭᠰᠡᠨ ᠪᠠᠶ᠋ᠢᠳᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠵᠠᠷᠯᠠᠯ
ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ ᠪᠤᠭᠤᠲᠤ ᠬᠤᠳᠠ ᠪᠠ ᠣᠷᠳᠣᠰ ᠬᠤᠳᠠ᠎ᠲᠤ ᠭᠦᠨᠵᠡᠭᠡᠶ᠋ᠢᠷᠡᠨ ᠤᠮᠠᠷᠠᠲᠤ ᠤᠷᠤᠨ᠎ᠤ ᠠᠷᠢᠭᠤᠨ ᠴᠡᠪᠡᠷ ᠵᠶ᠋ᠠᠷ ᠲᠤᠯᠠᠭ᠋ᠠᠯᠠᠭ᠎ᠠ ᠠᠪᠬᠤ ᠠᠵᠢᠯ᠎ᠢ ᠪᠠᠶ᠋ᠢᠴᠠᠭ᠋ᠠᠨ ᠰᠤᠳᠤᠯᠪᠠ
 
             蒙ICP备05000248号