7 ᠰᠠᠷ᠎ᠠ ᠵᠢᠨ 16᠎ᠤ ᠡᠳᠦᠷ᠂ 《ᠪᠦᠭᠦᠳᠡ ᠨᠠᠢ᠍ᠢ᠍ᠷᠠᠮᠳᠠᠬᠤ ᠲᠤᠮᠳᠠᠳᠤ ᠠᠷᠠᠳ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠶᠠᠮᠤᠨ ᠬᠢᠭᠡᠳ ᠪᠦᠭᠦᠳᠡ ᠨᠠᠢ᠍ᠢ᠍ᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ ᠬᠢᠭᠡᠳ ᠣᠷᠴᠢᠨ ᠲᠣᠭᠣᠷᠢᠨ᠎ᠤ ᠶᠠᠮᠤᠨ᠎ᠤ ᠸᠢᠶᠤᠨ᠋ᠲ᠋ᠢᠶᠠᠩ ᠬᠣᠲᠠ ᠵᠢᠨ ᠰᠠᠢ᠍ᠢ᠍ᠰᠸᠲ᠋ᠠ ᠳᠤᠤᠷ᠎ᠠ ᠨᠡᠭᠦᠷᠡᠰᠦᠲᠥ᠋ᠷᠥᠭᠴᠢᠳᠤ ᠵᠢᠱ᠌ᠢᠶ᠎ᠡ ᠦᠵᠡᠭᠦᠯᠬᠦ ᠣᠷᠣᠨ᠎ᠢ ᠬᠠᠮᠲᠤᠷᠠᠨ ᠪᠥᠲᠥᠭᠡᠨ ᠪᠠᠶ᠋ᠢᠭᠤᠯᠬᠤ ᠲᠤᠬᠠᠶ ᠣᠶ᠋ᠢᠯᠠᠭ᠋ᠠᠯᠴᠠᠭ᠋ᠠᠨᠤ ᠰᠠᠨᠠᠮᠵᠢ ᠵᠢᠨ ᠪᠢᠴᠢᠭ》᠎ᠲᠤ ᠭᠠᠷᠤᠨ ᠥᠰᠥᠭ ᠵᠢᠷᠤᠬᠤ ᠶᠣᠰᠣᠯᠠᠯ ᠸᠢᠳᠢᠤ᠋ ᠵᠢᠨ ᠬᠡᠯᠪᠡᠷᠢ᠎ᠪᠠᠷ ᠶᠠᠪᠤᠭᠳᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ᠂ ᠯᠠᠤᠰ᠎ᠤᠨ ᠪᠠᠶ᠋ᠢᠭ᠋ᠠᠯᠢ ᠵᠢᠨ ᠡᠬᠢ ᠪᠠᠶᠠᠯᠢᠭ ᠬᠢᠭᠡᠳ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠰᠦᠩᠮᠠ · ᠪᠧᠨᠱᠸᠨᠠ ᠭᠠᠷᠤᠨ ᠦᠰᠦᠭ ᠵᠢᠷᠤᠬᠤ ᠶᠣᠰᠣᠯᠠᠯ᠎ᠳᠤ ᠣᠷᠣᠯᠴᠠᠵᠤ ᠪᠠᠶᠠᠷ᠎ᠤᠨ ᠦᠭᠡ ᠬᠡᠯᠡᠪᠡ᠃
ᠬᠤᠸᠠᠩ ᠷᠦᠨ ᠴᠢᠦ᠂ ᠠᠭᠤᠷ ᠠᠮᠢᠰᠬᠤᠯ᠎ᠤᠨ ᠬᠤᠪᠢᠷᠠᠯᠲᠠ ᠪᠣᠯ ᠳᠡᠯᠡᠬᠡᠢ ᠨᠡᠢ᠍ᠢ᠍ᠲᠡ ᠵᠢᠨ ᠨᠡᠶ᠋ᠢᠳᠡᠮ ᠠᠩᠬᠠᠷᠴᠤ ᠪᠠᠶ᠋ᠢᠭ᠎ᠠ ᠴᠢᠬᠤᠯᠠ ᠶᠡᠬᠡ ᠪᠥᠬᠥ ᠪᠥᠮᠪᠥᠷᠴᠡᠭ᠎ᠤᠨ ᠴᠢᠨᠠᠷᠲᠠᠶ ᠥᠷᠢᠰᠥᠯᠳᠦᠭᠡᠨ ᠪᠤᠯᠤᠨ᠎ᠠ᠂ ᠡᠯ᠎ᠡ ᠤᠯᠤᠰ᠎ᠤᠨ᠎ᠬᠢᠨ ᠣᠯᠠᠨ ᠲᠠᠯᠠᠲᠤ ᠦᠵᠡᠯ᠎ᠢ ᠪᠠᠷᠢᠮᠳᠠᠯᠠᠨ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠥᠷᠳᠡᠵᠤ᠂ ᠭᠠᠷ ᠬᠣᠯᠪᠣᠨ ᠬᠥᠳᠡᠯᠦᠯᠴᠡᠨ᠂ ᠬᠠᠮᠲᠤ᠎ᠪᠠᠷ ᠠᠷᠭ᠋ᠠᠴᠠᠭ᠋ᠠᠬᠤ ᠵᠢ ᠪᠠᠷᠢᠮᠲᠠᠯᠠᠪᠠᠯ ᠵᠣᠬᠢᠨ᠎ᠠ᠃ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠶᠠᠪᠤᠳᠠᠯ᠎ᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠳᠤ ᠣᠷᠣᠭᠤᠯᠵᠤ᠂ ᠢᠳᠡᠪᠬᠢᠲᠡᠶ ᠠᠷᠭ᠎ᠠ ᠬᠡᠮᠵᠢᠶ᠎ᠡ ᠠᠪᠤᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠵᠠᠶ᠃ ᠤᠯᠤᠰ᠎ᠤᠨ ᠳᠣᠲᠣᠭ᠋ᠠᠳᠤ ᠵᠢᠨ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠳᠤᠮᠳᠠᠳᠤ ᠤᠯᠤᠰ ᠬᠦᠭᠵᠢᠵᠤ ᠪᠠᠢ᠍ᠢ᠍ᠭ᠎ᠠ ᠤᠯᠤᠰ᠎ᠤᠳ᠎ᠤᠨ ᠬᠣᠭᠣᠷᠣᠨᠳᠣᠬᠢ ᠠᠵᠤ ᠠᠬᠤᠢ ᠮᠡᠷᠭᠡᠵᠢᠯ᠎ᠤᠨ ᠬᠣᠭᠣᠷᠣᠨᠳᠣᠬᠢ ᠬᠠᠮᠳᠤᠷᠠᠯᠴᠠᠭ᠎ᠠ ᠵᠢ ᠶᠡᠬᠡ᠎ᠪᠠᠷ ᠥᠷᠨᠢᠭᠦᠯᠵᠦ᠂ ᠳᠤᠤᠷ᠎ᠠ ᠨᠡᠭᠦᠷᠡᠰᠦᠲᠥ᠋ᠷᠥᠭᠴᠢᠳᠤ ᠵᠢᠱ᠌ᠢᠶ᠎ᠡ ᠦᠵᠡᠭᠦᠯᠬᠦ ᠣᠷᠣᠨ᠎ᠢ ᠬᠠᠮᠳᠤᠷᠠᠨ ᠪᠦᠳᠦᠭᠡᠨ ᠪᠠᠶ᠋ᠢᠭᠤᠯᠬᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠨᠠᠮᠳᠠᠭᠤᠯᠬᠤ ᠪᠠ ᠲᠡᠭᠦᠨ᠎ᠳᠤ ᠵᠣᠬᠢᠴᠠᠬᠤ ᠲᠥᠷᠥᠯ ᠵᠦᠢ᠍ᠯ᠎ᠢ ᠬᠡᠷᠡᠭᠵᠢᠭᠦᠯᠬᠦ᠂ ᠴᠢᠳᠠᠪᠤᠷᠢ ᠵᠢᠨ ᠪᠠᠢ᠍ᠢ᠍ᠭᠤᠯᠤᠯᠳᠠ ᠵᠢᠨ ᠪᠤᠯᠪᠡᠰᠦᠷᠡᠯ᠎ᠤᠨ ᠠᠡᠭᠬᠢ ᠡᠷᠬᠢᠯᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠨ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠢᠭᠡᠳ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠬᠥᠭᠵᠢᠯᠲᠡ᠎ᠳᠤ ᠠᠰᠢᠭᠲᠠᠶ ᠲᠤᠷᠰᠢᠯᠭ᠎ᠠ ᠪᠣᠯᠤᠨ ᠬᠠᠮᠤᠭ᠎ᠤᠨ ᠰᠠᠢ᠍ᠢ᠍ᠨ ᠦᠢ᠍ᠯᠡᠳᠦᠯᠭᠡ ᠵᠢ ᠬᠠᠮᠲᠤ᠎ᠪᠠᠷ ᠡᠳ᠋ᠯᠡᠵᠦ᠂ ᠪᠤᠰᠤᠳ ᠬᠥᠭᠵᠢᠵᠦ ᠪᠠᠶ᠋ᠢᠭ᠎ᠠ ᠤᠯᠤᠰ᠎ᠤᠳ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠴᠢᠳᠠᠯ᠎ᠤᠨ ᠬᠢᠷᠢ᠎ᠪᠠᠷ ᠵᠶ᠋ᠠᠨ ᠳᠡᠮᠵᠢᠯᠭᠡ ᠬᠠᠩᠭ᠋ᠠᠨᠨᠠ ᠭᠡᠵᠤ ᠢᠯᠡᠷᠬᠡᠶ᠋ᠢᠯᠡᠪᠡ᠃
ᠬᠤᠸᠠᠩ ᠷᠦᠨ ᠴᠢᠦ᠂ ᠳᠤᠮᠳᠠᠳᠤ ᠤᠯᠤᠰ ᠪᠣᠯᠤᠨ ᠯᠠᠤᠰ ᠪᠣᠯ ᠠᠭᠤᠯᠠ ᠤᠰᠤ᠎ᠪᠠᠷ ᠵᠶ᠋ᠠᠨ ᠵᠠᠯᠭ᠋ᠠᠯᠳᠤᠭᠰᠠᠨ ᠨᠥᠬᠥᠷᠰᠡᠭ ᠬᠥᠷᠰᠢ ᠤᠯᠤᠰ ᠪᠣᠯᠤᠨ᠎ᠠ᠂ ᠯᠠᠤᠰ᠎ᠤᠨ ᠸᠢᠶᠤᠨ᠋ᠲ᠋ᠢᠶᠠᠩ ᠬᠣᠲᠠ ᠵᠢᠨ ᠰᠠᠢ᠍ᠢ᠍ᠰᠸᠲ᠋ᠠ ᠶᠡᠷᠦᠩᠬᠡᠶ᠋ᠢᠯᠡᠭᠰᠡᠨ ᠨᠡᠭᠡᠭᠡᠯᠳᠠ ᠵᠢᠨ ᠤᠷᠦᠠ ᠪᠣᠯ ᠳᠤᠮᠳᠠᠳᠤ ᠯᠠᠤᠰ ᠬᠣᠶᠠᠷ ᠤᠯᠤᠰ᠎ᠤᠨ ᠵᠠᠰᠠᠭ᠎ᠤᠨ ᠣᠷᠳᠣᠨ᠎ᠤ ᠬᠠᠮᠲᠤ᠎ᠪᠠᠷ ᠲᠣᠭᠲᠠᠭ᠋ᠠᠭᠰᠠᠨ ᠤᠯᠤᠰ᠎ᠤᠨ ᠳᠡᠰ ᠬᠠᠮᠲᠤᠷᠠᠯᠴᠠᠭ᠋ᠠᠨ᠎ᠤ ᠲᠦᠷᠦᠯ ᠵᠦᠢ᠍ᠯ ᠪᠣᠯᠤᠨ᠎ᠠ᠂ ᠳᠤᠮᠳᠠᠳᠤ ᠯᠠᠤᠰ ᠬᠠᠮᠲᠤᠷᠠᠯᠴᠠᠨ ᠸᠢᠶᠤᠨ᠋ᠲ᠋ᠢᠶᠠᠩ ᠬᠣᠲᠠ ᠵᠢᠨ ᠰᠠᠢ᠍ᠢ᠍ᠰᠸᠲ᠋ᠠ ᠳᠤᠤᠷ᠎ᠠ ᠨᠡᠭᠦᠷᠡᠰᠦᠲᠥ᠋ᠷᠥᠭᠴᠢᠳᠦ ᠵᠢᠱ᠌ᠢᠶ᠎ᠡ ᠦᠵᠡᠭᠦᠯᠬᠦ ᠣᠷᠣᠨ᠎ᠢ ᠪᠦᠳᠦᠭᠡᠨ ᠪᠠᠶ᠋ᠢᠭᠤᠯᠬᠤ᠎ᠨᠢ ᠯᠠᠪᠲᠠᠢ ᠳᠤᠮᠳᠠᠳᠤ ᠯᠠᠤᠰ᠎ᠤᠨ ᠨᠥᠬᠥᠷᠯᠡᠯ᠎ᠢ ᠤᠯᠠᠮ ᠴᠢᠨᠠᠭᠰᠢᠳᠠ ᠭᠦᠨᠵᠡᠭᠡᠶ᠋ᠢᠷᠡᠭᠦᠯᠵᠦ᠂ ᠳᠤᠮᠳᠠᠳᠤ ᠯᠠᠤᠰ᠎ᠤᠨ ᠬᠠᠮᠲᠤᠷᠠᠯᠴᠠᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠰᠢᠨ᠎ᠡ ᠬᠠᠭᠤᠳᠠᠰᠤ ᠵᠢ ᠰᠡᠬᠦᠬᠦ ᠬᠡᠷᠡᠭᠳᠠᠢ ᠭᠡᠵᠤ ᠴᠢᠬᠤᠯᠠᠴᠢᠯᠠᠭᠰᠠᠨ ᠪᠠᠢ᠍ᠢ᠍ᠨ᠎ᠠ᠃ ᠬᠣᠶᠠᠷ ᠲᠠᠯ᠎ᠠ᠎ᠪᠠᠷ ᠵᠶ᠋ᠠᠨ ᠳᠤᠤᠷ᠎ᠠ ᠨᠡᠭᠦᠷᠡᠰᠦᠲᠥ᠋ᠷᠥᠭᠴᠢᠳᠦ ᠵᠢᠱ᠌ᠢᠶ᠎ᠡ ᠦᠵᠡᠭᠦᠯᠬᠦ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠲᠣᠭᠲᠠᠭᠤᠨ ᠵᠶ᠋ᠠᠷ ᠠᠬᠢᠭᠤᠯᠵᠤ᠂ ᠳᠤᠤᠷ᠎ᠠ ᠨᠡᠭᠦᠷᠡᠰᠦᠲᠥ᠋ᠷᠥᠭᠴᠢᠳᠦ ᠵᠢᠱ᠌ᠢᠶ᠎ᠡ ᠦᠵᠡᠭᠦᠯᠬᠦ ᠣᠷᠣᠨ᠎ᠢ ᠳᠤᠮᠳᠠᠳᠤ ᠯᠠᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠦᠭᠵᠢᠵᠤ ᠪᠠᠢ᠍ᠢ᠍ᠭ᠎ᠠ ᠤᠯᠤᠰ᠎ᠤᠳ᠎ᠤᠨ ᠬᠣᠭᠣᠷᠣᠨᠳᠣᠬᠢ ᠠᠵᠤ ᠠᠬᠤᠢ ᠮᠡᠷᠭᠡᠵᠢᠯ᠎ᠤᠨ ᠬᠣᠭᠣᠷᠣᠨᠳᠣᠬᠢ ᠬᠠᠮᠳᠤᠷᠠᠯᠴᠠᠭ᠋ᠠᠨ᠎ᠤ ᠨᠡᠶ᠋ᠢᠲᠡᠯᠢᠭ ᠵᠢᠱ᠌ᠢᠶ᠎ᠡ ᠪᠣᠯᠭ᠋ᠠᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠦ᠂ ᠬᠠᠷᠢᠯᠴᠠᠨ ᠬᠠᠷᠠᠭ᠋ᠠᠯᠵᠠᠨ ᠬᠠᠮᠲᠤ᠎ᠪᠠᠷ ᠠᠰᠢᠭ ᠬᠦᠷᠳᠡᠭᠦ ᠳᠤᠮᠳᠠᠳᠤ ᠯᠠᠤᠰ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠵᠤ᠂ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠤᠨ ᠶᠡᠷᠦᠩᠬᠡᠶ᠋ᠢᠯᠡᠭᠰᠡᠨ ᠨᠡᠭᠡᠭᠡᠯᠳᠠ ᠵᠢᠨ ᠤᠷᠦᠠ᠎ᠤ ᠳᠤᠤᠷ᠎ᠠ ᠨᠡᠭᠦᠷᠡᠰᠦᠲᠥ᠋ᠷᠥᠭᠴᠢᠳᠦ ᠬᠥᠭᠵᠢᠯᠲᠡ᠎ᠳᠤ ᠢᠳᠡᠪᠬᠢᠲᠡᠢ ᠬᠦᠳᠦᠯᠦᠨ ᠵᠢᠯᠣᠭᠣᠳᠴᠤ ᠵᠢᠱ᠌ᠢᠶ᠎ᠡ ᠦᠵᠡᠭᠦᠯᠬᠦ ᠵᠢ ᠬᠦᠰᠡᠵᠡᠢ᠃
ᠰᠦ᠍ᠩᠮᠠ · ᠪᠧᠨᠱᠸᠨᠠ ᠳᠤᠮᠳᠠᠳᠤ ᠵᠢᠨ ᠲᠠᠯ᠎ᠠ ᠵᠢᠨ᠎ᠬᠢᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠷᠢᠶᠡᠨ᠎ᠳᠤ ᠦᠵᠡᠭᠦᠯᠦᠭᠰᠡᠨ ᠢᠳᠡᠪᠬᠢ ᠳᠡᠮᠵᠢᠯᠭᠡ᠎ᠳᠤ ᠲᠠᠯᠠᠷᠬᠠᠵᠤ᠂ ᠬᠣᠶᠠᠷ ᠲᠠᠯ᠎ᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠬᠦᠷᠢᠶ᠎ᠡ ᠴᠠᠷᠠᠭ᠋ᠠᠨ᠎ᠳᠠᠬᠢ ᠬᠠᠮᠲᠤᠷᠠᠯᠴᠠᠭ᠋ᠠᠨ᠎ᠤ ᠦᠷ᠎ᠡ ᠪᠦᠲᠦᠭᠡᠯ᠎ᠢ ᠳᠡᠭᠡᠳᠦ ᠬᠡᠮᠵᠢ᠊ ᠢ᠎ᠡ᠎ᠪᠠᠷ ᠦᠨᠡᠯᠡᠪᠡ᠃ ᠳᠤᠮᠳᠠᠳᠤ ᠯᠠᠤᠰ ᠬᠠᠮᠲᠤᠷᠠᠯᠴᠠᠨ ᠸᠢᠶᠤᠨ᠋ᠲ᠋ᠢᠶᠠᠩ ᠬᠣᠲᠠ ᠵᠢᠨ ᠰᠠᠢ᠍ᠢ᠍ᠰᠸᠲ᠋ᠠ ᠳᠤᠤᠷ᠎ᠠ ᠨᠡᠭᠦᠷᠡᠰᠦᠲᠥ᠋ᠷᠥᠭᠴᠢᠳᠦ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ ᠪᠣᠯ 《ᠳᠤᠮᠳᠠᠳᠤ ᠯᠠᠤᠰ᠎ᠤᠨ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ ᠪᠣᠯᠤᠨ ᠯᠠᠤᠰ᠎ᠤᠨ ᠠᠷᠠᠳ᠎ᠤᠨ ᠬᠤᠪᠢᠰᠬᠠᠯᠲᠤ ᠨᠠᠮ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠨᠠᠶ᠋ᠢᠳᠠᠪᠤᠷᠢᠵᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠬᠣᠶᠠᠷ ᠲᠠᠯ᠎ᠠ᠎ᠪᠠᠷ ᠵᠶ᠋ᠠᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭ᠋ᠠᠳᠬᠠᠵᠤ᠂ ᠳᠤᠤᠷ᠎ᠠ ᠨᠡᠭᠦᠷᠡᠰᠦᠲᠥ᠋ᠷᠥᠭᠴᠢᠳᠦ ᠵᠢᠱ᠌ᠢᠶ᠎ᠡ ᠦᠵᠡᠭᠦᠯᠬᠦ ᠣᠷᠣᠨ᠎ᠤ ᠪᠦᠳᠦᠭᠡᠨ ᠪᠠᠶ᠋ᠢᠭᠤᠯᠤᠯᠲᠠ ᠵᠢ ᠬᠠᠮᠲᠤ᠎ᠪᠠᠷ ᠠᠬᠢᠭᠤᠯᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠦ ᠬᠥᠭᠵᠢᠯᠲᠡ ᠵᠢᠨ ᠵᠠᠮ ᠵᠶ᠋ᠠᠷ ᠭᠠᠷ ᠬᠣᠯᠪᠣᠨ ᠵᠠᠮᠨᠠᠬᠤ ᠵᠢ ᠬᠦᠰᠡᠵᠦ ᠪᠠᠶ᠋ᠢᠨ᠎ᠠ ᠬᠡᠪᠡ᠃
ᠸᠢᠶᠤᠨ᠋ᠲ᠋ᠢᠶᠠᠩ ᠬᠣᠲᠠ ᠵᠢᠨ ᠰᠠᠢ᠍ᠢ᠍ᠰᠸᠲ᠋ᠠ ᠳᠤᠤᠷ᠎ᠠ ᠨᠡᠭᠦᠷᠡᠰᠦᠲᠥ᠋ᠷᠥᠭᠴᠢᠳᠦ ᠵᠢᠱ᠌ᠢᠶ᠎ᠡ ᠦᠵᠡᠭᠦᠯᠬᠦ ᠣᠷᠣᠨ᠎ᠢ ᠪᠦᠳᠦᠭᠡᠨ ᠪᠠᠶ᠋ᠢᠭᠤᠯᠬᠤ ᠪᠣᠯ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ ᠬᠦᠭᠵᠢᠵᠤ ᠪᠠᠢ᠍ᠢ᠍ᠭ᠎ᠠ ᠤᠯᠤᠰ᠎ᠤᠳ᠎ᠤᠨ ᠬᠣᠭᠣᠷᠣᠨᠳᠣᠬᠢ ᠠᠵᠤ ᠠᠬᠤᠢ ᠮᠡᠷᠭᠡᠵᠢᠯ᠎ᠤᠨ ᠬᠣᠭᠣᠷᠣᠨᠳᠣᠬᠢ ᠬᠠᠮᠳᠤᠷᠠᠯᠴᠠᠭ᠋ᠠᠨ᠎ᠤ 《ᠠᠷᠪᠠ ᠵᠠᠭᠤ ᠮᠢᠩᠭ᠎ᠠ》 ᠵᠢᠨ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠤᠨ᠎ᠠ᠃ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ ᠯᠠᠤᠰ᠎ᠤᠨ ᠲᠠᠯ᠎ᠠ ᠵᠢᠨ᠎ᠬᠢᠨ᠎ᠲᠠᠢ ᠳᠤᠤᠷ᠎ᠠ ᠨᠡᠭᠦᠷᠡᠰᠦᠲᠥ᠋ᠷᠥᠭᠴᠢᠳᠦ ᠵᠢᠱ᠌ᠢᠶ᠎ᠡ ᠦᠵᠡᠭᠦᠯᠬᠦ ᠣᠷᠣᠨ᠎ᠤ ᠪᠦᠳᠦᠭᠡᠨ ᠪᠠᠶ᠋ᠢᠭᠤᠯᠤᠯᠲᠠ ᠵᠢᠨ ᠲᠥᠰᠦᠯ᠎ᠢ ᠬᠠᠮᠲᠤ᠎ᠪᠠᠷ ᠨᠠᠶ᠋ᠢᠷᠠᠭᠤᠯᠤᠨ ᠵᠣᠬᠢᠶᠠᠬᠤ ᠵᠢᠨ ᠬᠠᠮᠲᠤ᠂ ᠯᠠᠤᠰ᠎ᠤᠨ ᠲᠠᠯ᠎ᠠ᠎ᠳᠤ ᠨᠡᠷᠡᠨ ᠡᠨᠧᠷᠭᠢ ᠵᠢᠨ LED ᠵᠠᠮ᠎ᠤᠨ ᠳ᠋ᠧᠩ᠂ ᠰᠢᠨ᠎ᠡ ᠡᠨᠧᠷᠭᠢ ᠵᠢᠨ ᠠᠶᠠᠨᠴᠢᠳ᠎ᠤᠨ ᠲᠡᠷᠭᠡ᠂ ᠰᠢᠨ᠎ᠡ ᠡᠨᠧᠷᠭᠢ ᠵᠢᠨ ᠠᠴᠢᠶᠠᠨ᠎ᠤ ᠮᠠᠰᠢᠨ᠂ ᠰᠢᠨ᠎ᠡ ᠡᠨᠧᠷᠭᠢ ᠵᠢᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠡᠷᠭᠡ ᠪᠣᠯᠤᠨ ᠣᠷᠴᠢᠨ ᠳᠤᠭᠤᠷᠢᠨ᠎ᠤ ᠬᠢᠨᠠᠨ ᠬᠡᠮᠵᠢᠯᠳᠡ ᠵᠢᠨ ᠲᠥᠬᠥᠭᠡᠷᠦᠮᠵᠢ ᠵᠡᠷᠭᠡ ᠳᠤᠤᠷ᠎ᠠ ᠨᠡᠭᠦᠷᠡᠰᠦᠲᠥ᠋ᠷᠥᠭᠴᠢᠳᠦ ᠣᠷᠴᠢᠨ ᠲᠣᠭᠣᠷᠢᠨ᠎ᠢ ᠬᠠᠮᠠᠭ᠋ᠠᠯᠠᠬᠤ ᠡᠳ᠋ ᠪᠣᠳᠠᠰ ᠬᠦᠷᠭᠡᠵᠦ᠂ ᠯᠠᠤᠰ᠎ᠤᠨ ᠲᠠᠯ᠎ᠠ ᠵᠢᠨ᠎ᠬᠢᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ᠎ᠳᠤ ᠳᠡᠮᠵᠢᠯᠭᠡ ᠬᠠᠩᠭ᠋ᠠᠭᠰᠠᠨ ᠪᠠᠢ᠍ᠢ᠍ᠨ᠎ᠠ᠃
ᠲᠣᠰ ᠤᠳᠠᠭ᠋ᠠᠨ᠎ᠤ ᠠᠵᠢᠯᠯᠠᠭ᠎ᠠ᠎ᠳᠤ ᠪᠡᠭᠡᠵᠢᠩ ᠪᠣᠯᠤᠨ ᠸᠢᠶᠤᠨ᠋ᠲ᠋ᠢᠶᠠᠩᠳᠤ ᠲᠣᠰ ᠲᠣᠰ ᠨᠢᠭᠡ ᠬᠤᠷᠠᠯ᠎ᠤᠨ ᠲᠠᠯᠠᠪᠠᠶ ᠳᠤᠬᠢᠷᠠᠭᠤᠯᠵᠠᠢ᠃ ᠳᠤᠮᠳᠠᠳᠤ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠂ ᠠᠮᠢ ᠠᠬᠤᠶ ᠣᠷᠴᠢᠨ ᠳᠤᠭᠤᠷᠢᠨ᠎ᠤ ᠶᠠᠮᠤᠨ᠂ ᠯᠠᠤᠰ᠎ᠲᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ᠎ᠤᠨ ᠶᠠᠮᠤᠨ᠂ ᠯᠠᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ ᠬᠢᠭᠡᠳ ᠣᠷᠴᠢᠨ ᠳᠤᠭᠤᠷᠢᠨ᠎ᠤ ᠶᠠᠮᠤᠨ᠂ ᠲᠥᠯᠥᠪᠯᠡᠭᠡᠲᠦ ᠪᠠᠯᠠ ᠣᠷᠣᠭᠤᠯᠤᠯᠲᠠ ᠵᠢᠨ ᠶᠠᠮᠤᠨ᠂ ᠸᠢᠶᠤᠨ᠋ᠲ᠋ᠢᠶᠠᠩ ᠬᠣᠲᠠ ᠵᠢᠨ ᠵᠠᠰᠠᠭ᠎ᠤᠨ ᠣᠷᠳᠣᠨ᠂ ᠠᠵᠤ ᠠᠬᠤᠢ ᠵᠢᠨ ᠣᠨᠴᠠᠭ᠋ᠠᠢ ᠣᠷᠤᠨ᠎ᠤ ᠬᠠᠮᠢᠶᠠᠷᠤᠯᠳᠠ ᠠᠬᠢᠭᠤᠯᠤᠯᠳᠠ ᠵᠢᠨ ᠠᠯᠪᠡᠠ ᠭᠡᠷ᠂ ᠯᠠᠤᠰ ᠳᠤᠮᠳᠠᠳᠤ ᠵᠢᠨ ᠬᠠᠮᠲᠤᠷᠠᠯᠴᠠᠭ᠋ᠠᠨ᠎ᠤ ᠵᠥᠪᠯᠡᠯ᠂ ᠳᠤᠮᠳᠠᠳᠤ ᠤᠯᠤᠰ᠎ᠲᠤ ᠰᠠᠭᠤᠭ᠎ᠠ ᠯᠠᠤᠰ᠎ᠤᠨ ᠡᠯᠴᠢᠨ ᠰᠠᠶ᠋ᠢᠳ᠎ᠤᠨ ᠶᠠᠮᠤᠨ᠎ᠤ ᠬᠠᠮᠢᠶ᠎ᠠ ᠪᠥᠬᠥᠶ ᠬᠥᠮᠦᠰ ᠭᠠᠷᠤᠨ ᠥᠰᠥᠭ ᠵᠢᠷᠤᠬᠤ ᠶᠣᠰᠣᠯᠠᠯ᠎ᠳᠤ ᠣᠷᠣᠯᠴᠠᠵᠠᠢ᠃
ᠭᠠᠷᠤᠨ ᠦᠰᠦᠭ ᠵᠢᠷᠤᠬᠤ ᠶᠣᠰᠣᠯᠠᠯ᠎ᠠᠴᠠ ᠡᠮᠦᠨ᠎ᠡ᠂ ᠬᠤᠸᠠᠩ ᠷᠦᠨ ᠴᠢᠦ ᠰᠦᠩᠮᠠ · ᠪᠧᠨᠱᠸᠨᠠᠲᠠᠢ ᠠᠯᠪᠠᠨ ᠶᠣᠰᠣᠨ᠎ᠤ ᠪᠤᠰᠤ ᠵᠢᠨ ᠬᠡᠯᠡᠯᠴᠡᠭᠡ ᠬᠢᠪᠡ᠃