ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠲᠦᠩᠯᠢᠶᠣᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠣᠯᠠᠨ ᠵᠦᠢᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠯᠡᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢ᠌ᠯᠡᠨ ᠵᠠᠰᠠᠬᠤ ᠪᠠ ᠬᠣᠯᠪᠣᠭ᠋ᠠᠯᠠᠨ ᠰᠡᠷᠭᠡᠢ᠌ᠯᠡᠵᠦ ᠬᠣᠯᠪᠣᠭ᠋ᠠᠯᠠᠨ ᠡᠵᠡᠮᠳᠡᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠨᠡᠶ᠋ᠢᠲᠡᠯᠡᠭᠰᠡᠨ ᠴᠠᠭ᠄ 2021-02-05

      ᠨᠡᠢ᠌ᠲᠡᠯᠡᠭᠰᠡᠨ ᠴᠠᠭ᠄ 2021-1-29   17᠄ 04     ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ

      ᠮᠠᠨ᠎ᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢᠨ ᠲᠥᠯᠥᠭᠡ᠂ ᠲᠦᠩᠯᠢᠶᠣᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠣᠯᠠᠨ ᠠᠷᠭ᠎ᠠ ᠬᠡᠮᠵᠢᠶ᠎ᠡ ᠵᠢ   ᠵᠡᠷᠭᠡᠪᠡᠷ ᠬᠡᠷᠡᠭᠯᠡᠵᠦ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠪᠠᠷ   ᠭᠣᠤᠯ   ᠪᠣᠯᠭ᠋ᠠᠨ᠂ ᠡᠬᠢ ᠡᠭᠦᠰᠦᠯ᠎ᠠᠴᠠ᠎ᠨᠢ ᠬᠠᠮᠢᠶᠠᠷᠤᠨ ᠡᠵᠡᠮᠳᠡᠬᠦ ᠵᠢ ᠰᠠᠢ᠌ᠲᠤᠷ ᠠᠳᠬᠤᠵᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠡᠷᠡᠰ ᠰᠠᠢ᠌ᠲᠤᠷ ᠬᠢᠵᠦ ᠪᠠᠢ᠌ᠨ᠎ᠠ᠃

      ᠨᠢᠭᠡ᠂ ᠬᠣᠲᠠ ᠪᠠᠯᠭ᠋ᠠᠰᠤ ᠵᠢᠨ ᠠᠮᠢᠳᠤᠷᠠᠯ᠎ᠤᠨ ᠪᠣᠬᠢᠷ ᠤᠰᠤ ᠵᠢ ᠬᠤᠷᠢᠶᠠᠨ ᠴᠤᠭᠯᠠᠭᠤᠯᠬᠤ ᠵᠢᠴᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠪᠣᠬᠢᠷ ᠤᠰᠤ ᠰᠢᠢᠳᠪᠦᠷᠢᠯᠡᠬᠦ ᠡᠷᠴᠢᠮ᠎ᠢ ᠪᠦᠬᠦ ᠬᠦᠴᠦᠨ ᠵᠶ᠋ᠡᠷ ᠵᠶ᠋ᠡᠨ ᠨᠡᠮᠡᠭᠳᠡᠭᠦᠯᠪᠡ᠃ ᠪᠦᠬᠦ ᠬᠣᠲᠠ᠎ᠳᠤ ᠨᠡᠢ᠌ᠲᠡ 1193 ᠺᠢᠯᠤᠮᠸᠲᠷ ᠪᠤᠵᠠᠷ ᠤᠰᠤᠨ᠎ᠤ ᠬᠣᠭᠣᠯᠠᠢ᠎ᠲᠠᠢ᠂ ᠪᠤᠵᠠᠷ ᠤᠰᠤ ᠵᠢ ᠰᠢᠢ᠍ᠳᠪᠦᠷᠢᠯᠡᠭᠰᠡᠨ ᠨᠣᠷᠮ᠎ᠠ 98.16% ᠬᠦᠷᠴᠡᠢ᠃   ᠤᠢ᠌ᠷ᠎ᠠ᠎ᠶᠢᠨ ᠲᠠᠪᠤᠨ ᠵᠢᠯ᠎ᠳᠤ᠂ ᠪᠦᠬᠦ ᠬᠣᠲᠠ᠎ᠳᠤ ᠪᠣᠬᠢᠷ ᠤᠰᠤᠨ᠎ᠤ ᠬᠣᠭᠣᠯᠠᠢ ᠲᠣᠣᠷ ᠎ᠢ ᠨᠡᠢ᠌ᠲᠡ 208.93 ᠺᠢᠯᠤᠮᠸᠲᠷ ᠰᠢᠨ᠎ᠡ᠎ᠪᠠᠷ ᠪᠠᠢ᠌ᠭᠤᠯᠬᠤ ᠪᠤᠶᠤ ᠥᠭᠡᠷᠡᠴᠢᠯᠡᠨ ᠵᠠᠰᠠᠵᠤ᠂ ᠬᠠᠮ   ᠤᠷᠤᠰᠬᠠᠯ᠎ᠤᠨ ᠬᠣᠭᠣᠯᠠᠢ ᠲᠣᠣᠷ ᠎ᠢ 85.47 ᠺᠢᠯᠤᠮᠸᠲᠷ   ᠥᠭᠡᠷᠡᠴᠢᠯᠡᠨ ᠵᠠᠰᠠᠵᠤ᠂ ᠬᠣᠲᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ 5 ᠵᠢ ᠰᠢᠨ᠎ᠡ᠎ᠪᠠᠷ ᠪᠠᠢ᠌ᠭᠤᠯᠤᠭᠰᠠᠨ ᠪᠤᠶᠤ ᠥᠭᠡᠷᠡᠴᠢᠯᠡᠨ ᠪᠠᠢ᠌ᠭᠤᠯᠵᠤ᠂ ᠪᠦᠬᠦ ᠬᠣᠲᠠ ᠵᠢᠨ ᠬᠣᠲᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠵᠢ ᠬᠣᠷᠢᠶᠠᠨ ᠴᠤᠭᠯᠠᠭᠤᠯᠵᠤ ᠰᠢᠢ᠍ᠳᠪᠦᠷᠢᠯᠡᠬᠦ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠪᠡ᠃ ᠪᠥᠬᠥ ᠬᠣᠲᠠ᠎ᠳᠤ ᠣᠲᠣ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ 9 ᠪᠣᠶ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ 4᠂ ᠬᠣᠲᠠ ᠵᠢᠨ ᠲᠠᠰ᠎ᠤᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ 5 ᠪᠣᠶ᠃ ᠣᠳᠣᠬᠠᠨ᠎ᠳᠤ 9 ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠨᠢᠭᠡᠨᠲᠡ ᠠᠵᠤ ᠦᠢᠯᠡᠳᠪᠦᠷᠢ ᠵᠢᠨ ᠬᠠᠶᠠᠭᠳᠠᠮᠠᠯ ᠤᠰᠤ ᠰᠢᠢᠳᠪᠦᠷᠢᠯᠡᠬᠦ ᠦᠢᠯᠡᠳᠪᠦᠷᠢ ᠵᠢ ᠢᠵᠢ ᠪᠦᠷᠢᠳᠦᠭᠦᠯᠦᠨ ᠪᠥᠲᠥᠭᠡᠨ   ᠪᠠᠢ᠌ᠭᠤᠯᠤᠭᠰᠠᠨ᠎ᠨᠢ  4 ᠪᠤᠢ᠂   ᠲᠣᠰ ᠲᠣᠰ ᠨᠠᠢᠮᠠᠨ ᠬᠣᠰᠢᠭᠤᠨ᠎ᠤ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠂ ᠺᠠᠢ᠌ᠯᠦ ᠰᠢᠶᠠᠨ᠎ᠤ ᠠᠵᠤ ᠦᠢᠯᠡᠳᠪᠦᠷᠢ ᠵᠢᠨ   ᠬᠦᠷᠢᠶᠡᠯᠡᠩ ᠲᠣᠭᠣᠷᠢᠭ᠂ ᠬᠣᠤᠯᠢᠨ ᠭᠣᠤᠯ ᠬᠣᠲᠠ ᠵᠢᠨ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠤᠨ ᠮᠡᠯᠡᠬᠡᠢ᠌ᠲᠦ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠪᠣᠯᠤᠨ᠎ᠠ᠂ ᠡᠭᠦᠨ᠎ᠳᠤ ᠺᠠᠢ᠌ᠯᠦ ᠰᠢᠶᠠᠨ᠎ᠤ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠢᠵᠢ ᠪᠥᠷᠢᠳᠦᠭᠦᠯᠦᠭᠰᠡᠨ ᠵᠡᠭᠦᠨ ᠲᠣᠭᠣᠷᠢᠭ᠎ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠵᠢ ᠲᠦᠷ ᠠᠰᠢᠭᠯᠠᠯᠲᠠ᠎ᠳᠤ ᠣᠷᠣᠭᠤᠯᠤᠭ᠋ᠠᠳᠤᠶ᠂   ᠮᠦᠨᠬᠦ ᠬᠣᠲᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤᠨ᠎ᠤ ᠦᠢᠯᠡᠳᠪᠦᠷᠢ᠎ᠳᠤ ᠲᠦᠰᠢᠭᠯᠡᠨ ᠠᠵᠤ ᠦᠢᠯᠡᠳᠪᠦᠷᠢ ᠵᠢᠨ ᠬᠠᠶᠠᠭᠳᠠᠮᠠᠯ ᠤᠰᠤ ᠵᠢ   ᠰᠢᠢ᠍ᠳᠪᠦᠷᠢᠯᠡᠵᠦ ᠪᠠᠢ᠌ᠭ᠎ᠠ ᠵᠢ ᠭᠠᠷᠭ᠋ᠠᠪᠠᠯ᠂ ᠪᠤᠰᠤᠳ ᠢᠵᠢ ᠪᠥᠷᠢᠳᠦᠭᠰᠡᠨ ᠪᠣᠬᠢᠷ ᠤᠰᠤᠨ᠎ᠤ ᠦᠢᠯᠡᠳᠪᠦᠷᠢ ᠵᠢ ᠴᠥᠮ ᠠᠰᠢᠭᠯᠠᠯᠲᠠ᠎ᠳᠤ ᠣᠷᠣᠭᠤᠯᠵᠠᠶ᠃ ᠪᠤᠰᠤᠳ 5 ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠬᠠᠷᠠᠬᠠᠨ ᠢᠵᠢ ᠪᠥᠷᠢᠳᠦᠭᠰᠡᠨ ᠪᠣᠬᠢᠷ ᠤᠰᠤᠨ᠎ᠤ ᠦᠢᠯᠡᠳᠪᠦᠷᠢ ᠪᠠᠢ᠌ᠭᠤᠯᠤᠭ᠋ᠠᠳᠤᠶ᠂ ᠠᠵᠤ ᠦᠢᠯᠡᠳᠪᠦᠷᠢ ᠵᠢᠨ ᠬᠠᠶᠠᠭᠳᠠᠮᠠᠯ ᠤᠰᠤ ᠵᠢ ᠮᠥᠨ ᠬᠦ᠌ ᠬᠣᠲᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠎ᠳᠤ ᠲᠦᠰᠢᠭᠯᠡᠨ ᠰᠢᠢᠳᠪᠦᠷᠢᠯᠡᠵᠦ ᠪᠠᠢ᠌ᠨ᠎ᠠ᠃ ᠰᠦᠯᠵᠢᠶᠡᠨ ᠳᠡᠭᠡᠷ᠎ᠡ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠦᠨᠳᠦᠰᠦᠯᠡᠪᠡᠯ᠂ ᠪᠣᠶ ᠪᠥᠬᠥᠶ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠴᠥᠮ ᠪᠠᠷᠢᠮᠵᠢᠶ᠎ᠠ᠎ᠳᠤ ᠬᠦᠷᠭᠡᠵᠦ ᠭᠠᠳᠠᠭᠰᠢᠯᠠᠭᠤᠯᠬᠤ ᠵᠢ ᠪᠡᠶᠡᠯᠡᠭᠦᠯᠪᠡ᠃

      ᠬᠣᠶᠠᠷ᠂ ᠠᠶᠤᠯᠲᠠᠶ ᠬᠠᠶᠠᠭᠳᠠᠮᠠᠯ ᠡᠳ᠋᠂ ᠡᠮᠴᠢᠯᠡᠭᠡᠨ᠎ᠤ ᠬᠠᠶᠠᠭᠳᠠᠮᠠᠯ ᠡᠳ᠋ ᠵᠡᠷᠭᠡ ᠬᠠᠮᠢᠶ᠎ᠠ ᠪᠥᠬᠥᠶ ᠬᠠᠮᠢᠶᠠᠷᠤᠨ ᠡᠵᠡᠮᠳᠡᠬᠦ ᠠᠵᠢᠯ᠎ᠢ ᠪᠥᠬᠥ ᠬᠦᠴᠦᠨ ᠵᠶ᠋ᠡᠷ ᠠᠬᠢᠭᠤᠯᠪᠠ᠃ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠨᠢ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠠᠶᠤᠯᠲᠠᠶ ᠬᠠᠶᠠᠭᠳᠠᠮᠠᠯ ᠪᠣᠳᠠᠰ᠂ ᠡᠮᠴᠢᠯᠡᠭᠡᠨ᠎ᠤ ᠬᠠᠶᠠᠭᠳᠠᠮᠠᠯ ᠪᠣᠳᠠᠰ ᠵᠡᠷᠭᠡ ᠠᠵᠢᠯ᠎ᠤᠨ ᠪᠠᠢ᠌ᠷᠢᠯᠠᠭᠤᠯᠤᠯᠲᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠦᠨ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ᠂   ᠡᠭᠦᠷᠭᠡᠯᠡᠬᠦ ᠰᠡᠳᠬᠢᠯᠭᠡ ᠪᠠ   ᠲᠤᠯᠭ᠋ᠠᠮ᠎ᠠ ᠰᠡᠳᠬᠢᠯᠭᠡ᠎ᠪᠠᠷ ᠬᠠᠮᠢᠶ᠎ᠠ ᠪᠥᠬᠥᠶ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠥᠬᠥ ᠲᠠᠯ᠎ᠠ᠎ᠪᠠᠷ   ᠥᠷᠨᠢᠭᠥᠯᠥᠨ᠂ ᠠᠯᠢ ᠣᠯᠠᠨ ᠪᠦᠲᠦᠮᠵᠢᠲᠡᠶ ᠠᠷᠭ᠎ᠠ ᠬᠡᠮᠵᠢᠶ᠎ᠡ ᠵᠢ ᠠᠪᠴᠤ᠂ ᠪᠥᠬᠥ ᠬᠣᠲᠠ ᠵᠢᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ ᠬᠣᠤᠷ ᠥᠬᠡᠶ ᠪᠣᠯᠭ᠋ᠠᠨ ᠰᠢᠢᠳᠪᠦᠷᠢᠯᠡᠬᠦ ᠵᠢ ᠦᠨᠡᠨ ᠬᠦ᠌ ᠪᠠᠲᠤᠯᠠᠪᠠ᠃ ᠣᠳᠣᠬᠠᠨ᠎ᠳᠤ ᠨᠢᠭᠡᠨᠲᠡ 231 ᠠᠶᠤᠯᠲᠠᠶ ᠬᠠᠶᠠᠭᠳᠠᠮᠠᠯ ᠪᠣᠳᠠᠰ᠎ᠤᠨ ᠠᠵᠤ ᠠᠬᠤᠢ᠌ᠯᠠᠯ᠎ᠳᠤ ᠲᠤᠰᠬᠠᠶ ᠪᠠᠢ᠌ᠴᠠᠭ᠋ᠠᠯᠲᠠ ᠥᠷᠨᠢᠭᠦᠯᠵᠦ᠂ ᠡᠭᠦᠨ᠎ᠳᠤ 29   ᠡᠵᠡᠩᠨᠡᠯᠲᠡ ᠵᠢᠨ ᠠᠵᠤ ᠠᠬᠤᠢ᠌ᠯᠠᠯ  ᠂ 202   ᠬᠠᠶᠠᠭᠳᠠᠮᠠᠯ ᠭᠠᠷᠭ᠋ᠠᠳᠠᠭ ᠠᠵᠤ ᠠᠬᠤᠢ᠌ᠯᠠᠯ ᠪᠠᠢ᠌ᠬᠤ ᠪᠥᠭᠡᠳ 50 ᠠᠵᠤ ᠠᠬᠤᠢ᠌ᠯᠠᠯ᠎ᠢ  ᠎ᠨᠢ ᠨᠢᠭᠡᠨᠲᠡ ᠮᠠᠨ᠎ᠤ ᠬᠣᠲᠠ ᠵᠢᠨ ᠭᠣᠤᠯᠳᠠᠯᠭ᠎ᠠ᠎ᠲᠠᠢ ᠠᠶᠤᠯᠲᠠᠶ ᠬᠠᠶᠠᠭᠳᠠᠮᠠᠯ ᠪᠣᠳᠠᠰ᠎ᠤᠨ ᠠᠵᠤ ᠠᠬᠤᠢ᠌ᠯᠠᠯ᠎ᠤᠨ ᠬᠢᠨᠠᠯᠲᠠ ᠬᠠᠮᠢᠶᠠᠷᠤᠯᠲᠠ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠪᠠ᠃ 2020 ᠣᠨ᠎ᠤ ᠡᠴᠦᠰ ᠪᠣᠯᠬᠤ᠎ᠳᠤ ᠪᠥᠬᠥ ᠬᠣᠲᠠ ᠵᠢᠨ ᠡᠮᠴᠢᠯᠡᠭᠡᠨ᠎ᠤ ᠬᠠᠶᠠᠭᠳᠠᠮᠠᠯ ᠪᠣᠳᠠᠰ᠎ᠢ 1728.37 ᠲᠣᠨ ᠠᠮᠤᠷ ᠲᠦᠪᠰᠢᠨ ᠵᠶ᠋ᠡᠷ ᠬᠣᠷᠢᠶᠠᠨ ᠴᠤᠭᠯᠠᠭᠤᠯᠵᠤ   ᠰᠢᠢ᠍ᠳᠪᠦᠷᠢᠯᠡᠪᠡ᠃ ᠡᠭᠦᠨ᠎ᠤ ᠬᠠᠮᠲᠤ ᠪᠥᠬᠥ ᠬᠣᠲᠠ ᠵᠢᠨ ᠭᠣᠤᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠬᠡᠷᠡᠭᠯᠡᠬᠦ ᠭᠠᠵᠠᠷ᠎ᠤᠨ ᠪᠠᠢ᠌ᠴᠠᠭ᠋ᠠᠯᠲᠠ ᠵᠢᠨ ᠨᠠᠷᠢᠨ ᠲᠠᠩᠰᠠ 139   ᠵᠢ ᠲᠣᠭᠲᠠᠭ᠋ᠠᠵᠤ᠂ ᠭᠣᠤᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠢ᠌ᠯᠠᠯ᠎ᠤᠨ ᠬᠡᠷᠡᠭᠯᠡᠬᠦ ᠭᠠᠵᠠᠷ᠎ᠤᠨ ᠪᠠᠢ᠌ᠴᠠᠭ᠋ᠠᠯᠲᠠ᠎ᠳᠤ ᠥᠯᠢᠭᠡᠷ ᠠᠪᠬᠤ ᠭᠠᠵᠠᠷ᠎ᠤᠨ ᠨᠠᠷᠢᠨ ᠲᠠᠩᠰᠠ 38   ᠵᠢ   ᠪᠠᠢ᠌ᠭᠤᠯᠵᠤ᠂ ᠳᠠᠷᠠᠭ᠋ᠠᠯᠠᠨ ᠪᠠᠢ᠌ᠴᠠᠭ᠋ᠠᠭ᠋ᠠᠳ ᠪᠥᠬᠥ ᠬᠣᠲᠠ᠎ᠳᠤ ᠨᠡᠢ᠌ᠲᠡ 6 ᠪᠣᠬᠢᠷᠲᠤᠭᠰᠠᠨ ᠰᠡᠵᠢᠭᠲᠡᠶ ᠭᠠᠵᠠᠷ ᠣᠷᠣᠰᠢᠵᠤ ᠪᠠᠢ᠌ᠬᠤ ᠵᠢ ᠲᠣᠭᠲᠠᠭ᠋ᠠᠭᠰᠠᠨ ᠪᠥᠭᠡᠳ ᠨᠢᠭᠡᠨᠲᠡ ᠪᠦᠬᠦᠨ᠎ᠢ ᠪᠥᠬᠥ ᠤᠯᠤᠰ᠎ᠤᠨ ᠪᠣᠬᠢᠷᠲᠤᠭᠰᠠᠨ ᠭᠠᠵᠠᠷ᠎ᠤᠨ ᠬᠥᠷᠥᠰᠥ ᠰᠢᠷᠣᠶ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠪᠠ᠃

    ᠮᠡᠳᠡᠭᠡ ᠵᠠᠩᠭᠢ ᠵᠢᠨ ᠢᠷᠡᠯᠲᠡ᠄ ᠲᠦᠩᠯᠢᠶᠣᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ ᠵᠢᠨ ᠠᠯᠪᠠᠨ ᠬᠡᠷ



ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠠᠭ᠋ᠠᠷ ᠮᠠᠨᠳᠠᠯ᠎ᠤᠨ ᠪᠤᠬᠢᠷᠲᠤᠯ᠎ᠤᠨ ᠡᠬᠢ ᠵᠢ ᠠᠩᠬ᠎ᠠ ᠠᠯᠬᠤᠮ ᠵᠠᠳᠠᠯᠤᠨ ᠰᠢᠨᠵᠢᠯᠡᠭᠰᠡᠨ᠎ᠨᠢ
ᠵᠢᠶᠠᠩᠰᠦ ᠡᠨᠧᠷᠭᠢ ᠵᠢᠨ ᠤᠯᠠᠭ᠋ᠠᠶ᠎ᠳᠠᠬᠢ 2 × 1000MW ᠥᠨᠳᠥᠷ ᠪᠦᠲᠦᠮᠵᠢᠲᠡᠶ ᠬᠡᠲᠦ ᠬᠢᠵᠠᠭ᠋ᠠᠷ᠎ᠤᠨ ᠨᠡᠭᠦᠷᠡᠰᠦ ᠰᠢᠳᠠᠭ᠋ᠠᠵᠤ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠢᠨᠵᠧᠨᠧᠷᠢᠩ᠎ᠤᠨ ᠲᠥᠷᠥᠯ ᠵᠦᠢ᠍ᠯ᠎ᠤᠨ ᠣᠷᠴᠢᠨ ᠲᠣᠭᠣᠷᠢᠨ᠎ᠳᠤ ᠦᠵᠡᠭᠦᠯᠬᠦ ᠨᠦᠯᠦᠭᠡ ᠵᠢ ᠦᠨᠡᠯᠡᠭᠰᠡᠨ ᠪᠢᠴᠢᠭ ᠮᠠᠲ᠋ᠧᠷᠢᠶᠠᠯ᠎ᠢ ᠭᠥᠯᠢᠶᠡᠨ ᠠᠪᠴᠤ ᠰᠢᠢ᠍ᠳᠪᠦᠷᠢᠯᠡᠭᠰᠡᠨ ᠪᠠᠶ᠋ᠢᠳᠠᠯ᠎ᠤᠨ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠵᠠᠷᠯᠠᠯ
ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ ᠪᠤᠭᠤᠲᠤ ᠬᠤᠳᠠ ᠪᠠ ᠣᠷᠳᠣᠰ ᠬᠤᠳᠠ᠎ᠲᠤ ᠭᠦᠨᠵᠡᠭᠡᠶ᠋ᠢᠷᠡᠨ ᠤᠮᠠᠷᠠᠲᠤ ᠤᠷᠤᠨ᠎ᠤ ᠠᠷᠢᠭᠤᠨ ᠴᠡᠪᠡᠷ ᠵᠶ᠋ᠠᠷ ᠲᠤᠯᠠᠭ᠋ᠠᠯᠠᠭ᠎ᠠ ᠠᠪᠬᠤ ᠠᠵᠢᠯ᠎ᠢ ᠪᠠᠶ᠋ᠢᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠭᠦᠯᠦᠯᠳᠡ ᠵᠢᠨ ᠲᠥᠪ᠎ᠨᠢ ᠵᠢᠶᠠᠩᠰᠦ ᠮᠤᠵᠢ ᠪᠣᠯᠤᠨ ᠱᠠᠩᠬᠠᠢ ᠬᠤᠳᠠ᠎ᠳᠤ ᠬᠦᠷᠴᠦ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠭᠦᠯᠦᠯᠳᠡ ᠵᠢᠨ ᠲᠥᠪ᠎ᠨᠢ ᠵᠢᠶᠠᠩᠰᠦ ᠮᠤᠵᠢ ᠪᠣᠯᠤᠨ ᠱᠠᠩᠬᠠᠢ ᠬᠤᠳᠠ᠎ᠳᠤ ᠬᠦᠷᠴᠦ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠬᠢᠪᠡ
 
             蒙ICP备05000248号