ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ ᠪᠤᠭᠤᠲᠤ ᠬᠤᠳᠠ ᠪᠠ ᠣᠷᠳᠣᠰ ᠬᠤᠳᠠ᠎ᠲᠤ ᠭᠦᠨᠵᠡᠭᠡᠶ᠋ᠢᠷᠡᠨ ᠤᠮᠠᠷᠠᠲᠤ ᠤᠷᠤᠨ᠎ᠤ ᠠᠷᠢᠭᠤᠨ ᠴᠡᠪᠡᠷ ᠵᠶ᠋ᠠᠷ ᠲᠤᠯᠠᠭ᠋ᠠᠯᠠᠭ᠎ᠠ ᠠᠪᠬᠤ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2021-06-10

    ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ 《ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ ᠥᠭᠬᠦ》 ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠪᠤᠭᠤᠲᠤ ᠬᠤᠳᠠ ᠪᠠ ᠤᠷᠳᠤᠰ ᠬᠤᠳᠠ ᠵᠢᠨ ᠠᠷᠢᠭᠤᠨ ᠴᠡᠪᠡᠷ ᠲᠤᠯᠠᠭ᠋ᠠᠯᠠᠭ᠎ᠠ   ᠠᠪᠬᠤ ᠥᠭᠡᠷᠡᠴᠢᠯᠡᠯᠲᠡ ᠵᠢ ᠠᠬᠢᠭᠤᠯᠬᠤ ᠵᠢᠨ ᠲᠤᠰᠠᠳᠠ᠂ 4 ᠳ᠋ᠤᠭᠡᠷ ᠰᠠᠷ᠎ᠠ ᠵᠢᠨ 27᠎ᠤ ᠡᠳᠦᠷ᠎ᠠᠴᠠ 29᠎ᠤ ᠡᠳᠦᠷ ᠪᠣᠯᠲᠠᠯ᠎ᠠ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠨᠠᠮ᠎ᠤᠨ ᠡᠭᠦᠷ᠎ᠤᠨ ᠱᠦᠵᠢ᠂ ᠭᠠᠵᠠᠷ᠎ᠤᠨ ᠳᠠᠷᠤᠭ᠎ᠠ ᠸᠠᠩ ᠢ ᠯᠢᠩ ᠤᠯᠤᠰ᠎ᠤᠨ ᠡᠳ᠋᠎ᠤᠨ ᠵᠠᠰᠠᠭ᠎ᠤᠨ ᠶᠠᠮᠤᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠠᠭ᠋ᠠᠷ ᠮᠠᠨᠳᠠᠯ᠎ᠤᠨ ᠵᠤᠷᠭ᠋ᠠᠨ ᠵᠢᠴᠢ ᠲᠢᠩᠬᠢᠮ᠎ᠤᠨ ᠤᠳᠤᠷᠢᠳᠤᠯᠭ᠎ᠠ᠎ᠳᠤ ᠪᠠᠷ᠎ᠠ ᠪᠤᠯᠵᠤ ᠪᠤᠭᠤᠲᠤ ᠬᠤᠳᠠ ᠪᠠ ᠤᠷᠳᠤᠰ ᠬᠤᠳᠠ᠎ᠳᠤ ᠭᠦᠨᠵᠡᠭᠡᠶ᠋ᠢᠷᠡᠵᠦ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠤᠷᠬᠢᠯ᠎ᠤᠨ ᠬᠡᠮᠵᠢᠭᠳᠡᠯ᠂ ᠨᠡᠭᠦᠷᠡᠰᠦᠲᠥ᠋ᠷᠥᠭᠴᠢ ᠵᠢᠨ ᠲᠠᠪᠬᠤᠷ ᠢᠰᠦᠯ᠎ᠢ ᠰᠠᠭ᠋ᠠᠷᠮᠠᠭᠵᠢᠭᠤᠯᠬᠤ ᠵᠢᠴᠢ ᠠᠷᠢᠭᠤᠨ ᠴᠡᠪᠡᠷ ᠲᠤᠯᠠᠭ᠋ᠠᠯᠠᠭ᠎ᠠ ᠠᠪᠬᠤ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠵᠡᠢ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠤᠷᠢᠳ ᠬᠣᠵᠢᠳ ᠤᠷᠳᠤᠰ ᠬᠤᠳᠠ ᠵᠢᠨ ᠢ ᠯᠢ ᠪᠦᠯᠦᠭᠯᠡᠯ᠂ ᠪᠤᠭᠤᠲᠤ ᠬᠤᠳᠠ ᠵᠢᠨ ᠳᠡᠭᠡᠳᠦ ᠰᠢᠨ᠎ᠡ ᠮᠡᠷᠭᠡᠵᠢᠯ᠎ᠤᠨ ᠲᠣᠭᠣᠷᠢᠭ᠎ᠤᠨ ᠱᠠᠩ ᠸᠸ᠎ᠲᠤ ᠬᠤᠤ ᠲᠣᠰᠬᠣᠨ᠂ ᠴᠢᠩᠱ᠌ᠠᠨ ᠲᠣᠭᠣᠷᠢᠭ᠎ᠤᠨ ᠢᠯᠴᠢ ᠵᠢᠨ ᠡᠬᠢ ᠡᠭᠦᠰᠦᠯ᠎ᠤᠨ ᠦᠢ᠍ᠯᠡᠳᠪᠦᠷᠢ ᠵᠡᠷᠭᠡ᠎ᠳᠤ ᠬᠦᠷᠴᠦ᠂ ᠠᠷᠢᠭᠤᠨ ᠴᠡᠪᠡᠷ ᠲᠤᠯᠠᠭ᠋ᠠᠯᠠᠭ᠎ᠠ ᠵᠢᠨ ᠥᠭᠡᠷᠡᠴᠢᠯᠡᠯᠲᠡ ᠵᠢᠨ ᠠᠵᠢᠯ᠎ᠢ ᠠᠬᠤᠢ ᠲᠠᠯᠠᠪᠠᠢ᠎ᠳᠤ ᠤᠢ᠍ᠢ᠍ᠯᠠᠭ᠋ᠠᠨ ᠵᠢᠯᠣᠭᠣᠳᠪᠠ᠃ ᠦᠨᠦ ᠵᠢᠯ ᠤᠯᠤᠰ᠎ᠤᠨ ᠲᠤᠰᠬᠠᠶ ᠪᠠᠯᠠ ᠮᠥᠩᠭᠥ ᠵᠢᠨ ᠳᠡᠮᠵᠢᠯᠭᠡ ᠳᠣᠤᠷ᠎ᠠ᠂ ᠠᠷᠢᠭᠤᠨ ᠴᠡᠪᠡᠷ ᠳᠤᠯᠠᠭ᠋ᠠᠯᠠᠭ᠎ᠠ ᠵᠢᠨ ᠥᠭᠡᠷᠡᠴᠢᠯᠡᠯᠲᠡ ᠵᠢᠨ ᠠᠬᠢᠴᠠ ᠵᠢ ᠲᠦᠷᠭᠡᠳᠬᠡᠨ ᠠᠬᠢᠭᠤᠯᠵᠤ᠂ ᠰᠠᠭᠤᠭ᠋ᠠᠯᠢ ᠠᠷᠠᠳ᠎ᠢ ᠳᠤᠯᠠᠭ᠋ᠠᠨ ᠪᠦᠯᠢᠶᠡᠨ ᠡᠪᠦᠯᠵᠢᠭᠦᠯᠦᠨ᠎ᠡ᠃

ᠢᠷᠡᠯᠲᠡ᠄ ᠥᠪᠥᠷ ᠮᠣᠩᠭᠣᠯ᠎ᠤᠨ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠭᠦᠯᠦᠯᠳᠡ ᠵᠢᠨ ᠲᠥᠪ᠎ᠨᠢ ᠵᠢᠶᠠᠩᠰᠦ ᠮᠤᠵᠢ ᠪᠣᠯᠤᠨ ᠱᠠᠩᠬᠠᠢ ᠬᠤᠳᠠ᠎ᠳᠤ ᠬᠦᠷᠴᠦ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠭᠦᠯᠦᠯᠳᠡ ᠵᠢᠨ ᠲᠥᠪ᠎ᠨᠢ ᠵᠢᠶᠠᠩᠰᠦ ᠮᠤᠵᠢ ᠪᠣᠯᠤᠨ ᠱᠠᠩᠬᠠᠢ ᠬᠤᠳᠠ᠎ᠳᠤ ᠬᠦᠷᠴᠦ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠬᠢᠪᠡ
ᠥᠪᠥᠷ ᠮᠣᠩᠭᠣᠯ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠬᠢᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠨᠠᠮ᠎ᠤᠨ ᠡᠭᠦᠷ ᠪᠣᠯᠣᠨ ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠡᠭᠦᠷ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠣᠷᠳᠣᠰ ᠬᠣᠲᠠ᠎ᠳᠤ ᠬᠦᠷᠴᠦ ᠨᠠᠮᠤᠷ ᠡᠪᠦᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠵᠤ ᠬᠠᠪᠰᠤᠷᠤᠨ ᠲᠡᠳᠬᠦᠬᠦ ᠵᠢᠯᠣᠭᠣᠳᠤᠯᠭ᠎ᠠ ᠥᠷᠨᠢᠭᠦᠯᠪᠡ
 
             蒙ICP备05000248号