ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠠᠭᠠᠷ ᠮᠠᠨᠳᠠᠯ᠎ᠤᠨ ᠣᠷᠴᠢᠨ ᠲᠣᠭᠤᠷᠢᠨ᠎ᠤ ᠬᠠᠮᠢᠶᠠᠷᠤᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠭᠦᠯᠦᠯᠳᠡ ᠵᠢᠨ ᠲᠥᠪ᠎ᠨᠢ ᠵᠢᠶᠠᠩᠰᠦ ᠮᠤᠵᠢ ᠪᠣᠯᠤᠨ ᠱᠠᠩᠬᠠᠢ ᠬᠤᠳᠠ᠎ᠳᠤ ᠬᠦᠷᠴᠦ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠤᠨ ᠪᠠᠶ᠋ᠢᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2023-03-02

      ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠶ ᠠᠷᠭ᠋ᠠᠴᠠᠭ᠋ᠠᠵᠤ᠂ ᠮᠠᠨ᠎ᠤ ᠣᠷᠣᠨ᠎ᠤ ᠭᠣᠣᠯᠳᠠᠯᠭ᠎ᠠ᠎ᠲᠠᠢ ᠠᠵᠢᠯ ᠲᠥᠷᠥᠯ᠎ᠤᠨ ᠠᠵᠤ ᠠᠬᠤᠶ᠋ᠢᠯᠠᠯ᠎ᠤᠨ ᠬᠦᠯᠡᠮᠵᠢ ᠵᠢᠨ ᠬᠡᠢ ᠪᠡᠶᠡᠲᠦ ᠭᠠᠳᠠᠭᠰᠢᠯᠠᠭᠤᠯᠬᠤ ᠲᠣᠭ᠎ᠠ ᠪᠠᠷᠢᠮᠲᠠ ᠵᠢᠨ ᠬᠠᠮᠢᠶᠠᠷᠤᠯᠲᠠ ᠪᠠ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠵᠢᠨ ᠲᠤᠰᠠᠳᠠ᠂ 2 ᠳ᠋ᠤᠭ᠋ᠠᠷ ᠰᠠᠷ᠎ᠠ ᠵᠢᠨ 16᠎ᠤ ᠡᠳᠦᠷ᠎ᠠᠴᠠ 17᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠳᠣᠣᠷ᠎ᠠ ᠨᠡᠭᠦᠷᠡᠰᠦᠲᠥ᠋ᠷᠥᠭᠴᠢᠲᠦ ᠬᠦᠭᠵᠢᠭᠦᠯᠦᠯᠳᠡ ᠵᠢᠨ ᠲᠥᠪ᠎ᠨᠢ ᠤᠷᠢᠳ ᠬᠣᠵᠢᠳ ᠵᠢᠶᠠᠩᠰᠦ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠱᠠᠩᠬᠠᠢ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ᠂ ᠱᠠᠩᠬᠠᠢ ᠵᠢᠨ ᠣᠷᠴᠢᠨ ᠲᠣᠭᠣᠷᠢᠨ᠎ᠤ ᠡᠨᠧᠷᠭᠢ ᠠᠷᠠᠯᠵᠢᠶᠠᠯᠠᠬᠤ ᠭᠠᠵᠠᠷ᠎ᠲᠤ ᠬᠦᠷᠴᠦ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠠᠵᠢᠯ᠎ᠳᠤ ᠪᠠᠢ᠌ᠴᠠᠭ᠋ᠠᠨ ᠰᠤᠳᠤᠯᠤᠯᠳᠠ ᠬᠢᠪᠡ᠃ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠤᠨ᠎ᠬᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠳᠡᠰ ᠳᠠᠷᠠᠭ᠋ᠠᠯᠠᠯ᠂ ᠳᠠᠪᠲᠠᠨ ᠪᠠᠶ᠋ᠢᠴᠠᠭ᠋ᠠᠬᠤ ᠠᠵᠢᠯ᠎ᠤᠨ ᠵᠠᠭᠪᠤᠷ᠂ ᠮᠡᠷᠭᠡᠵᠢᠯ᠎ᠤᠨ ᠲᠤᠯᠭ᠋ᠠᠭᠤᠷᠢᠯᠠᠯ᠎ᠤᠨ ᠪᠠᠶ᠋ᠢᠭᠤᠯᠤᠮᠵᠢ ᠵᠢᠨ ᠪᠠᠶ᠋ᠢᠳᠠᠯ᠂ ᠠᠵᠤ ᠠᠬᠤᠶ᠋ᠢᠯᠠᠯ᠎ᠤᠨ ᠰᠠᠷ᠎ᠠ ᠵᠢᠨ ᠮᠡᠳᠡᠭᠦᠯᠦᠯᠲᠡ ᠪᠠ ᠮᠡᠳᠡᠭᠡ ᠵᠠᠩᠬᠢᠴᠢᠯᠠᠯᠳᠠ ᠵᠢᠨ ᠬᠠᠳᠠᠭ᠋ᠠᠯᠠᠮᠵᠢ ᠵᠢᠨ ᠦᠨᠡᠮᠯᠡᠯ᠎ᠤᠨ ᠪᠠᠶ᠋ᠢᠳᠠᠯ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠪᠠ ᠬᠢᠨᠠᠨ ᠬᠠᠷᠭᠤᠭᠤᠯᠬᠤ ᠠᠵᠢᠯ᠎ᠤᠨ ᠡᠷᠴᠢᠮ᠎ᠤᠨ ᠲᠣᠭᠣᠷᠢᠨ᠎ᠳᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠠᠩᠬᠠᠳᠠᠭᠴᠢ ᠭᠡᠷ᠎ᠡ ᠵᠢ ᠬᠡᠷᠡᠭᠵᠢᠭᠦᠯᠬᠦ ᠦᠶᠡᠯᠡᠯ᠎ᠤᠨ ᠬᠤᠭᠤᠴᠠᠭ᠋ᠠᠨ᠎ᠤ ᠭᠡᠷ᠎ᠡ ᠵᠢ ᠭᠦᠢ᠍ᠴᠡᠳᠬᠡᠭᠰᠡᠨ ᠪᠠᠶ᠋ᠢᠳᠠᠯ᠂ ᠨᠡᠭᠦᠷᠡᠰᠦᠲᠥ᠋ᠷᠥᠭᠴᠢ ᠵᠢᠨ ᠬᠠᠮᠢᠶᠠᠷᠤᠯᠲᠠ ᠵᠢᠨ ᠠᠵᠢᠯ᠎ᠢ ᠵᠢᠷᠤᠮᠵᠢᠭᠤᠯᠬᠤ ᠤᠳᠤ ᠵᠢᠨ ᠲᠤᠷᠰᠢᠯᠭ᠎ᠠ᠂ ᠣᠷᠣᠰᠢᠵᠤ ᠪᠠᠶ᠋ᠢᠭ᠎ᠠ ᠬᠦᠴᠢᠷ ᠠᠰᠠᠭᠤᠳᠠᠯ ᠵᠢᠴᠢ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠴᠢᠭᠯᠡᠯ ᠵᠡᠷᠭᠡ ᠠᠭᠤᠯᠭ᠎ᠠ ᠵᠢᠨ ᠲᠠᠯ᠎ᠠ᠎ᠪᠠᠷ ᠵᠢᠶᠠᠩᠰᠦ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠱᠠᠩᠬᠠᠢ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ᠂ ᠱᠠᠩᠬᠠᠢ ᠵᠢᠨ ᠣᠷᠴᠢᠨ ᠲᠣᠭᠣᠷᠢᠨ ᠡᠨᠧᠷᠭᠢ ᠠᠷᠠᠯᠵᠢᠶᠠᠯᠠᠬᠤ ᠭᠠᠵᠠᠷ᠎ᠤᠨ ᠬᠣᠯᠪᠣᠭᠳᠠᠯ ᠪᠦᠬᠦᠢ ᠠᠵᠢᠯᠳᠠᠨ᠎ᠲᠠᠢ ᠲᠤᠰ ᠲᠤᠰ ᠨᠢᠭᠤᠷᠳᠠᠨ ᠶᠠᠷᠢᠯᠴᠠᠵᠤ ᠰᠣᠯᠢᠯᠴᠠᠪᠠ᠃ ᠲᠣᠰ ᠤᠳᠠᠭ᠋ᠠᠨ᠎ᠤ ᠪᠠᠶ᠋ᠢᠴᠠᠭ᠋ᠠᠨ ᠰᠤᠳᠤᠯᠤᠯᠲᠠ᠎ᠨᠢ ᠮᠠᠨ᠎ᠤ ᠣᠷᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯ᠎ᠤᠨ ᠬᠠᠷᠠᠭ᠎ᠠ ᠵᠢ ᠤᠯᠠᠮ ᠨᠢᠭᠡ ᠠᠯᠬᠤᠮ ᠥᠷᠭᠡᠳᠬᠡᠵᠦ᠂ ᠮᠠᠨ᠎ᠤ ᠣᠷᠣᠨ᠎ᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠮᠡᠳᠡᠭᠦᠯᠦᠯᠲᠡ ᠵᠢ ᠬᠠᠷᠭᠤᠭᠤᠯᠤᠨ ᠪᠠᠶ᠋ᠢᠴᠠᠭ᠋ᠠᠵᠤ ᠲᠠᠪᠳᠠᠨ ᠪᠠᠶ᠋ᠢᠴᠠᠭ᠋ᠠᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠭᠦᠨᠵᠡᠭᠡᠶ ᠠᠬᠢᠭᠤᠯᠬᠤ᠎ᠳᠤ ᠢᠳᠡᠪᠬᠢᠲᠡᠶ ᠠᠴᠢ ᠬᠣᠯᠪᠣᠭᠳᠠᠯ᠎ᠲᠠᠢ ᠶᠤᠮ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠬᠢᠯᠡᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠭᠠᠵᠠᠷ᠎ᠤᠨ ᠨᠠᠮ᠎ᠤᠨ ᠡᠭᠦᠷ ᠪᠣᠯᠣᠨ ᠪᠠᠶᠠᠨᠨᠠᠭᠤᠷ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠡᠭᠦᠷ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠡᠷᠬᠢᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠣᠷᠳᠣᠰ ᠬᠣᠲᠠ᠎ᠳᠤ ᠬᠦᠷᠴᠦ ᠨᠠᠮᠤᠷ ᠡᠪᠦᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠵᠤ ᠬᠠᠪᠰᠤᠷᠤᠨ ᠲᠡᠳᠬᠦᠬᠦ ᠵᠢᠯᠣᠭᠣᠳᠤᠯᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠠᠴᠠ ᠰᠢᠲᠠᠭ᠋ᠠᠯᠭ᠎ᠠ ᠵᠢᠨ ᠨᠡᠭᠦᠷᠡᠰᠦ ᠵᠢ ᠰᠤᠯᠠ ᠰᠢᠲᠠᠭ᠋ᠠᠬᠤ ᠵᠢ ᠶᠡᠷᠦᠩᠬᠡᠢ᠌ᠯᠡᠨ ᠵᠠᠰᠠᠬᠤ ᠢᠳᠡᠪᠬᠢᠲᠡᠢ ᠲᠦᠯᠬᠢᠨ ᠠᠬᠢᠭᠤᠯᠪᠠ
ᠥᠪᠡᠷᠲᠡᠭᠡᠨ ᠵᠠᠰᠠᠬᠤ ᠣᠷᠣᠨ᠎ᠤ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
 
             蒙ICP备05000248号