ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠤᠭᠤᠷᠢᠨ᠎ᠤ ᠲᠢᠩᠬᠢᠮ 《ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠠᠵᠢᠯ ᠡᠷᠭᠢᠯᠡᠬᠦ ᠨᠢᠭᠡᠴᠢ ᠵᠢᠨ ᠪᠠ ᠬᠤᠪᠢ ᠬᠥᠮᠦᠨ᠎ᠤ ᠠᠵᠢᠯ ᠡᠷᠭᠢᠯᠡᠭᠰᠡᠨ ᠪᠠᠶ᠋ᠢᠳᠠᠯ᠎ᠤᠨ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ》᠎ᠢ ᠡᠬᠢᠯᠡᠨ ᠭᠡᠷᠡᠭᠯᠡᠭᠦᠯᠬᠦ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2021-10-08

     《ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠠᠵᠢᠯ ᠡᠷᠭᠢᠯᠡᠵᠦ ᠪᠠᠶ᠋ᠢᠭ᠎ᠠ ᠨᠢᠭᠡᠴᠢ ᠵᠢᠨ ᠪᠠ ᠬᠤᠪᠢ ᠬᠥᠮᠦᠨ᠎ᠤ ᠠᠵᠢᠯ   ᠡᠷᠬᠢᠯᠡᠭᠰᠡᠨ ᠪᠠᠶ᠋ᠢᠳᠠᠯ᠎ᠤᠨ ᠢᠲᠡᠭᠡᠮᠵᠢ ᠵᠢᠨ ᠲᠡᠮᠳᠡᠭᠯᠡᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 (ᠤᠷᠴᠢᠨ ᠬᠥᠷᠥᠰᠥ [2021] 53 ᠳ᠋ᠤᠭ᠋ᠠᠷ ᠲᠣᠭ᠋ᠠᠲᠤ᠂ ᠳᠣᠷᠣᠭᠰᠢ 《ᠢᠲᠡᠭᠡᠮᠵᠢ ᠵᠢᠨ ᠲᠡᠮᠳᠡᠭᠯᠡᠯ᠎ᠤᠨ ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢᠨ ᠬᠠᠮᠢᠶ᠎ᠠ ᠪᠥᠬᠥᠶ ᠱᠠᠭ᠋ᠠᠷᠳᠠᠯᠭ᠎ᠠ ᠵᠢ ᠦᠨᠳᠦᠰᠦᠯᠡᠨ᠂ ᠠᠮᠢ ᠠᠬᠤᠶ ᠣᠷᠴᠢᠨ ᠲᠤᠭᠤᠷᠢᠨ᠎ᠤ ᠶᠠᠮᠤᠨ 9 ᠳ᠋ᠤᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ 《ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠠᠵᠢᠯ ᠡᠷᠭᠢᠯᠡᠵᠦ ᠪᠠᠶ᠋ᠢᠭ᠎ᠠ ᠨᠢᠭᠡᠴᠢ ᠵᠢᠨ ᠪᠠ ᠬᠤᠪᠢ ᠬᠥᠮᠦᠨ᠎ᠤ ᠠᠵᠢᠯ ᠡᠷᠬᠢᠯᠡᠭᠰᠡᠨ ᠪᠠᠶ᠋ᠢᠳᠠᠯ᠎ᠤᠨ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ》 (ᠳᠣᠷᠣᠭᠰᠢ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ ᠭᠡᠵᠦ ᠲᠣᠪᠴᠢᠯᠠᠨ᠎ᠠ)᠎ᠢ ᠵᠢᠩᠬᠢᠨᠢ᠎ᠪᠠᠷ ᠡᠬᠢᠯᠡᠭᠦᠯᠦᠨ ᠬᠡᠷᠡᠭᠯᠡᠪᠡ᠃ ᠤᠳᠤ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄
      ᠨᠢᠭᠡ᠂ ᠰᠢᠰᠲ᠋ᠧᠮ᠎ᠤᠨ ᠰᠦᠯᠵᠢᠶᠡᠨ᠎ᠤ ᠬᠠᠶᠢᠭ
      ᠢᠨᠲᠸᠷ ᠰᠦᠯᠵᠢᠶᠡᠨ᠎ᠤ ᠬᠠᠶᠢᠭ᠎ᠨᠢ http://soilcredit.mee.gov.cn ᠪᠣᠯᠤᠨ᠎ᠠ᠃
      ᠬᠣᠶᠠᠷ᠂ ᠭᠤᠶᠤᠴᠢᠯᠠᠬᠤ ᠡᠳᠡᠭᠡᠳ
      ᠬᠥᠷᠥᠰᠥ ᠰᠢᠷᠣᠶ ᠵᠢᠨ ᠪᠣᠬᠢᠷᠲᠤᠯ᠎ᠤᠨ ᠪᠠᠶ᠋ᠢᠳᠠᠯ᠎ᠢ ᠪᠠᠶ᠋ᠢᠴᠠᠭ᠋ᠠᠬᠤ᠂ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠬᠦ᠂ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠲᠥᠰᠦᠯ᠎ᠢ ᠨᠠᠶ᠋ᠢᠷᠠᠭᠤᠯᠤᠨ ᠵᠣᠬᠢᠶᠠᠬᠤ᠂ ᠵᠠᠰᠠᠨ ᠰᠡᠷᠭᠦᠭᠡᠬᠦ ᠲᠥᠰᠦᠯ᠎ᠢ ᠨᠠᠶ᠋ᠢᠷᠠᠭᠤᠯᠤᠨ ᠵᠣᠬᠢᠶᠠᠬᠤ᠂ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠᠷᠢᠯᠭ᠎ᠠ   ᠪᠠᠷᠢᠬᠤ᠂ ᠵᠠᠰᠠᠨ ᠰᠡᠷᠭᠦᠭᠡᠬᠦ ᠪᠠᠷᠢᠯᠭ᠎ᠠ ᠪᠠᠷᠢᠬᠤ᠂ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠦᠷ᠎ᠡ ᠪᠦᠲᠦᠮᠵᠢ ᠵᠢ ᠦᠨᠡᠯᠡᠨ ᠵᠢᠱ᠌ᠢᠬᠦ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠂ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ᠂ ᠪᠠᠷᠢᠯᠭ᠎ᠠ ᠵᠢ ᠬᠢᠨᠠᠨ ᠬᠠᠮᠢᠶᠠᠷᠬᠤ᠂ ᠬᠥᠷᠥᠰᠥ ᠰᠢᠷᠣᠶ ᠪᠠ ᠭᠠᠵᠠᠷ ᠳᠣᠤᠷᠠᠬᠢ ᠤᠰᠤ ᠵᠢ ᠬᠢᠨᠠᠨ ᠬᠡᠮᠵᠢᠬᠦ ᠵᠡᠷᠭᠡ ᠠᠵᠢᠯᠯᠠᠭ᠎ᠠ ᠵᠢ ᠡᠷᠭᠢᠯᠡᠨ ᠬᠢᠵᠦ ᠪᠠᠶ᠋ᠢᠭ᠎ᠠ ᠨᠢᠭᠡᠴᠢ (ᠳᠣᠷᠣᠭᠰᠢ ᠠᠵᠢᠯ ᠡᠷᠭᠢᠯᠡᠬᠦ ᠨᠢᠭᠡᠴᠢ ᠭᠡᠵᠦ ᠲᠣᠪᠴᠢᠯᠠᠨ᠎ᠠ)᠃
      ᠭᠤᠷᠪᠠ᠂ ᠳᠠᠩᠰᠠᠨ᠎ᠤ ᠳ᠋ᠤᠭ᠋ᠠᠷ ᠭᠤᠶᠤᠴᠢᠯᠠᠬᠤ
      ᠠᠵᠢᠯ ᠡᠷᠭᠢᠯᠡᠬᠦ ᠨᠢᠭᠡᠴᠢ᠎ᠨᠢ ᠭᠤᠶᠤᠴᠢᠯᠠᠬᠤ ᠮᠠᠲ᠋ᠧᠷᠢᠶᠠᠯ ᠵᠶ᠋ᠠᠨ ᠲᠤᠰᠢᠶᠠᠬᠤ᠎ᠳᠤ᠎ᠪᠠᠨ ᠰᠠᠭᠤᠭ᠎ᠠ ᠭᠠᠵᠠᠷ᠎ᠤᠨ ᠠᠶ᠋ᠢᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠳᠤ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ᠎ᠤᠨ ᠲᠠᠩᠰᠠᠨ ᠨᠣᠮᠧᠷ᠎ᠢ ᠬᠤᠪᠢᠶᠠᠷᠢᠯᠠᠬᠤ᠎ᠪᠠᠷ ᠭᠤᠶᠤᠴᠢᠯᠠᠵᠤ᠂ ᠲᠠᠩᠰᠠᠨ ᠨᠣᠮᠧᠷ᠎ᠨᠢ ᠠᠵᠢᠯ ᠡᠷᠭᠢᠯᠡᠬᠦ ᠨᠢᠭᠡᠴᠢ ᠵᠢᠨ ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠣᠷᠣᠯᠠᠬᠤ ᠨᠣᠮᠧᠷ ᠪᠣᠯᠤᠨ᠎ᠠ᠃ ᠭᠤᠶᠤᠴᠢᠯᠠᠯ᠎ᠤᠨ ᠮᠠᠲ᠋ᠧᠷᠢᠶᠠᠯ᠎ᠳᠤ ᠳᠣᠣᠷᠠᠬᠢ ᠵᠦᠢ᠍ᠯ ᠪᠠᠭᠲᠠᠨ᠎ᠠ᠄
     1. ᠠᠵᠢᠯ ᠡᠷᠭᠢᠯᠡᠬᠦ ᠨᠢᠭᠡᠴᠢ ᠵᠢᠨ ᠲᠠᠩᠰᠠᠨ ᠨᠣᠮᠧᠷ᠎ᠤᠨ ᠭᠤᠶᠤᠴᠢᠯᠠᠯ᠎ᠤᠨ ᠪᠢᠴᠢᠭ (ᠰᠢᠰᠲ᠋ᠧᠮ᠎ᠤᠨ ᠲᠡᠮᠳᠡᠭᠯᠡᠬᠦ ᠨᠢᠭᠤᠷ ᠪᠠᠭᠤᠯᠭ᠋ᠠᠨ᠎ᠠ);
     2. ᠡᠵᠡᠩᠨᠡᠯᠲᠡ ᠵᠢᠨ ᠦᠨᠡᠮᠯᠡᠯ (ᠠᠵᠢᠯ ᠦᠢ᠍ᠯᠡᠰ᠎ᠤᠨ ᠨᠢᠭᠡᠴᠢ ᠵᠢᠨ ᠬᠠᠤᠯᠢ ᠵᠢᠨ ᠡᠷᠬᠡᠳᠡᠨ᠎ᠤ ᠦᠨᠡᠮᠯᠡᠯ)᠎ᠤᠨ ᠪᠠᠭᠤᠯᠭ᠋ᠠᠪᠤᠷᠢ᠎ᠳᠤ ᠠᠯᠪᠠᠨ ᠲᠠᠮᠠᠭ᠎ᠠ ᠳᠠᠷᠤᠨ᠎ᠠ;
     3. ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ (ᠬᠠᠷᠢᠭᠤᠴᠠᠯᠭ᠋ᠠᠲᠠᠨ) ᠵᠢᠨ ᠪᠡᠶ᠎ᠡ ᠵᠢᠨ ᠦᠨᠡᠮᠯᠡᠯ᠎ᠤᠨ ᠪᠠᠭᠤᠯᠭ᠋ᠠᠪᠤᠷᠢ᠎ᠳᠤ ᠠᠯᠪᠠᠨ ᠲᠠᠮᠠᠭ᠎ᠠ ᠳᠠᠷᠤᠨ᠎ᠠ᠃
      ᠳᠥᠷᠪᠡ᠂ ᠰᠢᠰᠲ᠋ᠧᠮ᠎ᠤᠨ ᠰᠤᠷᠪᠤᠯᠵᠢᠯᠠᠭ᠎ᠠ
     1. ᠠᠶ᠋ᠢᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ
     《ᠪᠥᠬᠥ ᠤᠯᠤᠰ᠎ᠤᠨ ᠪᠣᠬᠢᠷᠲᠤᠭᠰᠠᠨ ᠭᠠᠵᠠᠷ᠎ᠤᠨ ᠬᠥᠷᠥᠰᠥ ᠰᠢᠷᠣᠶ ᠵᠢᠨ ᠣᠷᠴᠢᠨ ᠲᠤᠭᠤᠷᠢᠨ᠎ᠤ ᠬᠠᠮᠢᠶᠠᠷᠤᠯᠲᠠ ᠵᠢᠨ ᠰᠢᠰᠲ᠋ᠧᠮ》᠎ᠤᠨ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ᠎ᠢ ᠰᠤᠷᠪᠤᠯᠵᠢᠯᠠᠬᠤ᠎ᠪᠠᠷ ᠳᠠᠮᠵᠢᠭᠤᠯᠤᠨ᠂ ᠲᠠᠩᠰᠠᠨ ᠨᠣᠮᠧᠷ᠎ᠢ ᠬᠤᠪᠢᠶᠠᠷᠢᠯᠠᠬᠤ᠂ ᠬᠢᠨᠠᠨ ᠲᠣᠭᠲᠠᠭ᠋ᠠᠭᠰᠠᠨ ᠮᠡᠳᠡᠭᠡ ᠵᠠᠩᠭᠢ ᠵᠢ ᠲᠡᠮᠳᠡᠭᠯᠡᠬᠦ᠂ ᠢᠯᠡᠴᠢᠯᠡᠨ ᠮᠡᠳᠡᠭᠦᠯᠵᠦ ᠬᠢᠨᠠᠨ ᠬᠠᠷᠭᠤᠭᠤᠯᠬᠤ ᠵᠡᠷᠭᠡ ᠠᠵᠢᠯ᠎ᠢ ᠬᠢᠵᠦ᠂ ᠰᠤᠷᠪᠤᠯᠵᠢᠯᠠᠬᠤ ᠠᠷᠭ᠎ᠠ ᠵᠠᠮ᠎ᠨᠢ 《ᠲᠦᠷᠦᠭᠦᠤ ᠨᠢᠭᠤᠷ — ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ》 ᠪᠣᠯᠤᠨ᠎ᠠ᠃
     2. 《ᠠᠵᠢᠯ ᠡᠷᠭᠢᠯᠡᠬᠦ ᠨᠢᠭᠡᠴᠢ》 ᠪᠠ ᠨᠡᠶ᠋ᠢᠭᠡᠮ᠎ᠤᠨ ᠤᠯᠡᠠ ᠨᠡᠢ᠍ᠢ᠍ᠳᠠ
      ᠢᠨᠲᠸᠷ ᠰᠦᠯᠵᠢᠶᠡᠨ᠎ᠤ ᠬᠠᠶᠢᠭ ᠵᠶ᠋ᠠᠷ ᠳᠠᠮᠵᠢᠭᠤᠯᠤᠨ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ᠎ᠢ ᠰᠤᠷᠪᠤᠯᠵᠢᠯᠠᠵᠤ᠂ ᠳᠡᠩᠰᠡᠯᠡᠨ ᠲᠡᠮᠳᠡᠭᠯᠡᠬᠦ ᠪᠠ ᠪᠠᠶ᠋ᠢᠴᠠᠭ᠋ᠠᠨ ᠯᠠᠪᠯᠠᠬᠤ ᠬᠡᠷᠡᠭᠲᠡᠶ᠃
      ᠲᠠᠪᠤ᠂ ᠰᠢᠰᠲᠸᠮ᠎ᠤᠨ ᠬᠡᠷᠡᠭᠯᠡᠯᠲᠡ
     1. ᠠᠵᠢᠯ ᠡᠷᠭᠢᠯᠡᠬᠦ ᠨᠢᠭᠡᠴᠢ᠎ᠨᠢ 《ᠢᠲᠡᠭᠡᠮᠵᠢ ᠵᠢᠨ ᠲᠡᠮᠳᠡᠭᠯᠡᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ᠂ ᠰᠢᠰᠲ᠋ᠧᠮ᠎ᠳᠤ᠎ᠪᠠᠨ ᠲᠣᠰ ᠨᠢᠭᠡᠴᠢ ᠵᠢᠨ ᠪᠠ ᠠᠵᠢᠯ ᠡᠷᠭᠢᠯᠡᠬᠦ᠎ᠪᠠᠷ ᠪᠠᠢ᠌ᠭ᠎ᠠ ᠬᠤᠪᠢ ᠬᠥᠮᠦᠨ᠎ᠤ ᠦᠨᠳᠦᠰᠦᠨ ᠪᠠᠶ᠋ᠢᠳᠠᠯ᠂ ᠠᠵᠢᠯ᠎ᠤᠨ ᠪᠦᠲᠦᠮᠵᠢ ᠵᠢᠨ ᠪᠠᠶ᠋ᠢᠳᠠᠯ ᠵᠡᠷᠭᠡ ᠮᠡᠳᠡᠭᠡ ᠵᠠᠩᠭᠢ ᠵᠢ ᠨᠢᠭᠡᠳᠦᠯᠲᠡᠶ ᠲᠡᠮᠳᠡᠭᠯᠡᠬᠦ ᠬᠡᠷᠡᠭᠲᠡᠶ (ᠲᠡᠮᠳᠡᠭᠯᠡᠭᠰᠡᠨ᠎ᠤ ᠳᠠᠷᠠᠭ᠎ᠠ ᠠᠵᠢᠯᠯᠠᠬᠤ ᠭᠠᠷ ᠳᠡᠪᠲᠡᠷ᠎ᠢ ᠪᠠᠭᠤᠯᠭ᠋ᠠᠨ ᠠᠪᠴᠤ ᠪᠣᠯᠤᠨ᠎ᠠ)᠃
     2. 2021 ᠣᠨ᠎ᠤ 9 ᠳ᠋ᠤᠭᠡᠷ ᠰᠠᠷ᠎ᠠ ᠵᠢᠨ 1᠎ᠤ ᠡᠳᠦᠷ᠎ᠠᠴᠠ ᠰᠡᠭᠦᠯᠡᠷ ᠬᠥᠷᠥᠰᠥ ᠰᠢᠷᠣᠶ ᠵᠢᠨ ᠪᠣᠬᠢᠷᠲᠤᠯ᠎ᠤᠨ ᠪᠠᠶ᠋ᠢᠳᠠᠯ᠎ᠤᠨ ᠪᠠᠶ᠋ᠢᠴᠠᠭ᠋ᠠᠯᠲᠠ ᠵᠡᠷᠭᠡ ᠬᠠᠮᠢᠶ᠎ᠠ ᠪᠥᠬᠥᠶ ᠮᠡᠳᠡᠭᠦᠯᠦᠯᠲᠡ ᠵᠢ ᠬᠢᠨᠠᠨ ᠲᠣᠭᠲᠠᠭ᠋ᠠᠬᠤ᠂ ᠳᠠᠩᠰᠠᠯᠠᠭᠤᠯᠬᠤ᠎ᠪᠠᠷ ᠭᠤᠶᠤᠴᠢᠯᠠᠭᠰᠠᠨ ᠪᠠᠶ᠋ᠢᠪᠠᠯ᠂ ᠬᠠᠮᠢᠶ᠎ᠠ ᠪᠥᠬᠥᠶ ᠠᠵᠢᠯ ᠡᠷᠭᠢᠯᠡᠬᠦ ᠨᠢᠭᠡᠴᠢ ᠪᠠ ᠬᠤᠪᠢ ᠬᠥᠮᠦᠨ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ᠎ᠠᠴᠠ ᠡᠮᠦᠨ᠎ᠡ ᠢᠲᠡᠭᠡᠮᠵᠢ ᠵᠢᠨ ᠳᠡᠩᠰᠡᠯᠡᠯᠲᠡ ᠵᠢ ᠬᠢᠵᠦ ᠳᠠᠭᠤᠰᠬᠠᠬᠤ ᠬᠡᠷᠡᠭᠲᠡᠶ᠃
     3. ᠨᠡᠶ᠋ᠢᠭᠡᠮ ᠨᠡᠶ᠋ᠢᠲᠡ᠎ᠪᠠᠷ ᠵᠶ᠋ᠠᠨ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ ᠵᠶ᠋ᠠᠷ ᠳᠡᠮᠵᠢᠨ ᠠᠵᠢᠯ ᠡᠷᠭᠢᠯᠡᠵᠦ ᠪᠠᠶ᠋ᠢᠭ᠎ᠠ ᠨᠢᠭᠡᠴᠢ ᠪᠠ ᠬᠤᠪᠢ ᠬᠥᠮᠦᠨ᠎ᠤ ᠠᠵᠢᠯ ᠡᠷᠭᠢᠯᠡᠵᠦ ᠪᠠᠶ᠋ᠢᠭ᠎ᠠ ᠪᠠᠶ᠋ᠢᠳᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠪᠠᠶ᠋ᠢᠴᠠᠭ᠋ᠠᠨ ᠯᠠᠪᠯᠠᠵᠤ ᠪᠣᠯᠤᠨ᠎ᠠ᠂ ᠠᠵᠢᠯ ᠡᠷᠭᠢᠯᠡᠵᠦ ᠪᠠᠶ᠋ᠢᠭ᠎ᠠ ᠨᠢᠭᠡᠴᠢ ᠪᠠ ᠬᠤᠪᠢ ᠬᠥᠮᠦᠨ᠎ᠤ ᠠᠵᠢᠯ᠎ᠤᠨ ᠠᠮᠵᠢᠯᠲᠠ ᠵᠢᠨ ᠪᠠᠶ᠋ᠢᠳᠠᠯ᠎ᠤᠨ ᠮᠡᠳᠡᠭᠡ ᠵᠠᠩᠭᠢ᠎ᠨᠢ ᠬᠤᠳᠠᠯ ᠬᠠᠭᠤᠷᠮᠠᠭ ᠪᠠᠶ᠋ᠢᠬᠤ ᠵᠢ ᠣᠯᠵᠤ ᠮᠡᠳᠡᠪᠡᠯ᠂ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ ᠵᠶ᠋ᠠᠷ ᠳᠠᠮᠵᠢᠭᠤᠯᠤᠨ ᠢᠯᠡᠴᠢᠯᠡᠨ ᠮᠡᠳᠡᠭᠦᠯᠵᠦ ᠪᠣᠯᠤᠨ᠎ᠠ᠃
   
   
    ᠳᠠᠭ᠋ᠠᠯᠳᠤᠭᠤᠯᠤᠯ᠎ᠢ ᠪᠠᠭᠤᠯᠭ᠋ᠠᠬᠤ 1᠄ ᠠᠵᠢᠯ ᠡᠷᠬᠢᠯᠡᠬᠦ ᠨᠢᠭᠡᠴᠢ ᠵᠢᠨ ᠳᠠᠩᠰᠠᠨ ᠨᠣᠮᠧᠷ᠎ᠤᠨ ᠭᠤᠶᠤᠴᠢᠯᠠᠯ᠎ᠤᠨ ᠪᠢᠴᠢᠭ᠃ docx (ᠲᠤᠪᠴᠢᠯᠠᠪᠠ)
    ᠳᠠᠭ᠋ᠠᠯᠳᠤᠭᠤᠯᠤᠯ ᠪᠠᠭᠤᠯᠭ᠋ᠠᠬᠤ 2᠄ 《ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠠᠵᠢᠯ ᠡᠷᠭᠢᠯᠡᠵᠦ ᠪᠠᠶ᠋ᠢᠭ᠎ᠠ ᠨᠢᠭᠡᠴᠢ ᠵᠢᠨ ᠪᠠ ᠬᠤᠪᠢ ᠬᠥᠮᠦᠨ᠎ᠤ ᠠᠵᠢᠯ ᠡᠷᠬᠢᠯᠡᠭᠰᠡᠨ ᠪᠠᠶ᠋ᠢᠳᠠᠯ᠎ᠤᠨ ᠢᠲᠡᠭᠡᠮᠵᠢ ᠵᠢᠨ ᠲᠡᠮᠳᠡᠭᠯᠡᠯ᠎ᠤᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ (ᠤᠷᠴᠢᠨ ᠬᠥᠷᠥᠰᠥ [2021] 53 ᠳ᠋ᠤᠭ᠋ᠠᠷ ᠲᠣᠭ᠋ᠠᠲᠤ᠃ pdf (ᠲᠤᠪᠴᠢᠯᠠᠪᠠ)
    ᠳᠠᠭ᠋ᠠᠯᠳᠤᠭᠤᠯᠤᠯ ᠪᠠᠭᠤᠯᠭ᠋ᠠᠬᠤ 3᠄ ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠠᠵᠢᠯ ᠡᠷᠭᠢᠯᠡᠵᠦ ᠪᠠᠶ᠋ᠢᠭ᠎ᠠ ᠨᠢᠭᠡᠴᠢ ᠵᠢᠨ ᠪᠠ ᠬᠤᠪᠢ ᠬᠥᠮᠦᠨ᠎ᠤ ᠠᠵᠢᠯ ᠡᠷᠬᠢᠯᠡᠭᠰᠡᠨ ᠪᠠᠶ᠋ᠢᠳᠠᠯ᠎ᠤᠨ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ᠎ᠢ ᠡᠬᠢᠯᠡᠨ ᠬᠡᠷᠡᠭᠯᠡᠭᠦᠯᠬᠦ ᠠᠯᠪᠠᠨ ᠵᠠᠷᠯᠠᠯ [2021] 6 ᠳ᠋ᠤᠭ᠋ᠠᠷ ᠲᠣᠭ᠋ᠠᠲᠤ᠃ pdf  (ᠲᠤᠪᠴᠢᠯᠠᠪᠠ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠤᠤ ᠱ᠌ᠢ ᠳ᠋ᠧ ᠬᠤᠪᠢᠳᠠᠨ ᠬᠠᠮᠢᠶᠠᠷᠴᠤ ᠪᠠᠢ᠌ᠭ᠎ᠠ ᠭᠠᠵᠠᠷ ᠭᠡᠷ ᠨᠢᠭᠡᠴᠢ ᠵᠢᠨ ᠨᠠᠮ᠎ᠤᠨ ᠭᠡᠰᠢᠭᠦᠨ ᠺᠠᠳ᠋ᠷᠴᠤᠳ᠎ᠲᠤ ᠲᠤᠰᠬᠠᠢ ᠰᠡᠳᠦᠪᠲᠦ ᠨᠠᠮ᠎ᠤᠨ ᠬᠢᠴᠢᠶᠡᠯ ᠵᠢᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠬᠥᠷᠥᠰᠥ ᠰᠢᠷᠣᠢ ᠵᠢᠨ ᠪᠣᠬᠢᠷᠲᠤᠯ᠎ᠤᠨ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠨᠡᠷᠡᠰ᠎ᠢ ᠨᠡᠢ᠌ᠲᠡᠯᠡᠬᠦ ᠲᠤᠬᠠᠢ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠴᠠᠬᠢᠯᠭ᠋ᠠᠨ ᠰᠣᠷᠢᠨᠵᠢᠨ ᠰᠠᠴᠤᠷᠠᠯᠲᠠ ᠵᠢᠨ ᠣᠷᠴᠢᠨ ᠲᠣᠭᠣᠷᠢᠨ᠎ᠢ ᠬᠢᠨᠠᠨ ᠬᠡᠮᠵᠢᠬᠦ ᠮᠡᠷᠭᠡᠵᠢᠯ᠎ᠤᠨ ᠬᠠᠷᠢᠴᠠᠭᠤᠯᠬᠤ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠠᠷ ᠥᠪᠡᠷᠲᠡᠭᠡᠨ ᠵᠠᠰᠠᠬᠤ ᠣᠷᠣᠨ᠎ᠤ ᠴᠥᠮ᠎ᠡ ᠵᠢᠨ ᠪᠠ ᠰᠠᠴᠤᠷᠠᠭ᠎ᠢ ᠬᠢᠨᠠᠨ ᠬᠡᠮᠵᠢᠬᠦ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠯᠪᠠᠰᠤᠷᠠᠯ᠎ᠤᠨ ᠠᠩᠭᠢ ᠡᠷᠬᠢᠯᠠᠪᠠ
 
             蒙ICP备05000248号