ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠰᠢᠮᠳᠠᠭᠤᠯᠤᠨ ᠪᠠᠶ᠋ᠢᠴᠠᠭ᠋ᠠᠬᠤ ᠪᠠᠷᠠᠭᠤᠨ ᠬᠡᠰᠡᠭ᠎ᠤᠨ ᠲᠥᠪ᠎ᠤᠨ ᠨᠠᠮ᠎ᠤᠨ ᠡᠭᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ ᠵᠢ ᠬᠠᠮᠳᠤ᠎ᠳᠤ᠎ᠪᠠᠨ ᠰᠤᠷᠤᠯᠴᠠᠪᠠ
ᠨᠡᠶ᠋ᠢᠲᠡᠯᠡᠭᠰᠡᠨ ᠴᠠᠭ᠄ 2021-03-19

    3 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠰᠢᠮᠳᠠᠭᠤᠯᠤᠨ ᠪᠠᠶ᠋ᠢᠴᠠᠭ᠋ᠠᠬᠤ ᠪᠠᠷᠠᠭᠤᠨ ᠬᠡᠰᠡᠭ᠎ᠤᠨ ᠲᠥᠪ᠎ᠤᠨ ᠨᠠᠮ᠎ᠤᠨ ᠡᠭᠦᠷ᠎ᠨᠢ ᠨᠠᠮ᠎ᠤᠨ   ᠭᠡᠰᠢᠬᠦᠨ᠎ᠤ ᠶᠡᠬᠡ ᠬᠤᠷᠠᠯ ᠬᠤᠷᠠᠯᠳᠤᠭᠤᠯᠵᠤ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠬᠡ ᠵᠢᠨ ᠲᠤᠬᠠᠶ ᠥᠭᠦᠯᠡᠬᠦ᠎ᠨᠢ》 ᠭᠡᠬᠦ ᠨᠤᠮ᠎ᠤᠨ 《ᠲᠡᠤᠬᠡ᠎ᠪᠠᠨ ᠤᠢ᠌ᠯᠠᠭ᠋ᠠᠨ ᠨᠠᠮ ᠵᠶ᠋ᠠᠨ   ᠬᠠᠶ᠋ᠢᠷᠠᠯᠠᠵᠤ᠂ ᠲᠡᠤᠬᠡ᠎ᠪᠠᠨ ᠤᠢ᠌ᠯᠠᠭ᠋ᠠᠨ ᠤᠯᠤᠰ ᠵᠶ᠋ᠠᠨ ᠬᠠᠶ᠋ᠢᠷᠠᠯᠠᠬᠤ》 《ᠨᠠᠮ᠎ᠤᠨ ᠲᠡᠤᠬᠡ᠂ ᠰᠢᠨ᠎ᠡ ᠳᠤᠮᠳᠠᠳᠤ ᠤᠯᠤᠰ᠎ᠤᠨ ᠲᠡᠤᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠤᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠤᠬᠡ ᠵᠢ ᠰᠠᠶ᠋ᠢᠲᠤᠷ ᠰᠤᠷᠤᠯᠴᠠᠶ᠎ᠠ》 《ᠲᠡᠤᠬᠡ᠎ᠪᠠᠨ ᠤᠢ᠌ᠯᠠᠭ᠋ᠠᠮᠠᠨᠵᠢᠨ ᠰᠠᠶᠢ ᠬᠣᠯᠠ ᠵᠢ ᠪᠠᠷᠠᠯᠠᠵᠤ᠂ ᠣᠭ ᠰᠠᠨᠠᠭ᠎ᠠ᠎ᠪᠠᠨ ᠦᠯᠦ ᠮᠠᠷᠳᠠᠨ ᠪᠠᠢ᠌ᠵᠤ ᠰᠠᠶᠢ ᠠᠯᠤᠰ᠎ᠢ ᠵᠤᠷᠢᠵᠦ ᠴᠢᠳᠠᠨ᠎ᠠ》 ᠭᠡᠬᠦ ᠠᠭᠤᠯᠭ᠎ᠠ᠎ᠨᠤᠭᠤᠳ᠎ᠢ ᠲᠥᠪᠯᠡᠷᠡᠭᠦᠯᠦᠨ ᠰᠤᠷᠤᠯᠴᠠᠪᠠ᠃
      ᠨᠠᠮ᠎ᠤᠨ ᠡᠭᠦᠷ᠎ᠤᠨ ᠱᠦᠵᠢ ᠯᠢᠦ ᡁᠢ ᠭᠦᠸᠧ ᠶᠠᠷᠢᠬᠤ᠎ᠳᠤ᠎ᠪᠠᠨ᠂ 《ᠡᠷᠲᠡᠨ᠎ᠤ᠎ᠬᠢ ᠵᠢ ᠣᠶ᠋ᠢᠯᠠᠭ᠋ᠠᠵᠤ ᠡᠳᠦᠭᠡ᠎ᠪᠠᠷ ᠲᠤᠯᠢ ᠪᠣᠯᠭ᠋ᠠᠵᠤ᠂ ᠲᠡᠤᠬᠡᠨ ᠲᠤᠷᠰᠢᠯᠭ᠎ᠠ᠎ᠪᠠᠷ ᠵᠠᠰᠠᠭ᠎ᠲᠤ ᠲᠤᠰᠠᠯᠠᠬᠤ》 ᠵᠢ ᠮᠡᠳᠡᠷᠡᠵᠦ᠂ ᠨᠠᠮ᠎ᠤᠨ ᠲᠡᠦᠬᠡ᠂ ᠤᠯᠤᠰ᠎ᠤᠨ ᠲᠡᠦᠬᠡᠨ᠎ᠳᠤ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠡᠷᠳᠡᠮ ᠤᠬᠠᠭ᠋ᠠᠨ ᠠᠬᠤᠭᠤᠯᠤᠭᠳᠠᠵᠤ᠂ ᠦᠢ ᠤᠯᠠᠨ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠤ ᠦᠢ᠍ᠯᠡᠳᠦᠯᠭᠡ ᠵᠢᠨ ᠲᠤᠷᠰᠢᠯᠭ᠎ᠠ᠎ᠠᠴᠠ ᠪᠤᠯᠪᠠᠰᠤᠷᠠᠭᠤᠯᠵᠤ ᠭᠠᠷᠭ᠋ᠠᠭᠰᠠᠨ ᠤᠯᠤᠰ ᠵᠶ᠋ᠠᠨ ᠪᠠᠶ᠋ᠢᠭᠤᠯᠬᠤ᠂ ᠤᠯᠤᠰ ᠵᠶ᠋ᠠᠨ ᠮᠠᠨᠳᠤᠭᠤᠯᠬᠤ ᠵᠢᠨ ᠤᠶᠤᠨ ᠤᠬᠠᠭ᠋ᠠᠨ᠎ᠤ ᠦᠪ ᠬᠦᠷᠦᠩᠭᠡ ᠮᠦᠨ᠃ ᠨᠠᠮ᠎ᠤᠨ ᠡᠭᠦᠷ᠎ᠠᠴᠠ ᠨᠠᠮ᠎ᠤᠨ ᠲᠡᠦᠬᠡ ᠤᠯᠤᠰ᠎ᠤᠨ ᠲᠡᠦᠬᠡ ᠵᠢ ᠰᠤᠷᠤᠯᠴᠠᠬᠤ ᠵᠢ ᠵᠣᠬᠢᠶᠠᠨ ᠪᠠᠢ᠌ᠭᠤᠯᠤᠭᠰᠠᠨ᠎ᠤ ᠵᠤᠷᠢᠯᠳᠠ ᠭᠡᠪᠡᠯ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠲᠡᠦᠬᠡ ᠵᠢᠨ ᠤᠬᠠᠮᠰᠠᠷ᠂ ᠨᠠᠮᠴᠢ ᠴᠢᠨᠠᠷ᠎ᠤᠨ ᠤᠬᠠᠮᠰᠠᠷ ᠪᠠ ᠤᠯᠤᠰ ᠵᠶ᠋ᠠᠨ ᠬᠠᠶ᠋ᠢᠷᠠᠯᠠᠬᠤ ᠤᠬᠠᠮᠰᠠᠷ᠎ᠢ᠎ᠨᠢ ᠴᠢᠩᠭ᠋ᠠᠳᠬᠠᠬᠤ ᠵᠢᠨ ᠲᠥᠯᠥᠭᠡ ᠶᠤᠮ᠃ ᠨᠠᠮ᠎ᠤᠨ ᠲᠡᠦᠬᠡ᠂ ᠤᠯᠤᠰ᠎ᠤᠨ ᠲᠡᠦᠬᠡ᠂ ᠥᠭᠡᠷᠡᠴᠢᠯᠡᠯᠲᠡ ᠨᠡᠬᠡᠬᠡᠯᠳᠡ ᠵᠢᠨ ᠲᠡᠦᠬᠡ   ᠪᠠ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢ ᠰᠤᠷᠤᠯᠴᠠᠬᠤ ᠶᠠᠪᠤᠳᠠᠯ᠎ᠢ ᠨᠠᠮ᠎ᠤᠨ ᠭᠡᠰᠢᠭᠦᠨ᠎ᠤ ᠪᠦᠬᠦ ᠵᠢᠯ᠎ᠤᠨ ᠭᠣᠣᠯᠳᠠᠯᠭ᠎ᠠ᠎ᠲᠠᠢ ᠰᠤᠷᠤᠯᠴᠠᠬᠤ ᠠᠭᠤᠯᠭ᠎ᠠ᠎ᠳᠤ ᠤᠷᠤᠭᠤᠯᠤᠨ᠂ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠵᠦ᠂ ᠨᠠᠮ᠎ᠤᠨ ᠲᠡᠦᠬᠡ ᠤᠯᠤᠰ᠎ᠤᠨ ᠲᠡᠦᠬᠡ ᠵᠢ ᠵᠣᠬᠢᠶᠠᠨ ᠪᠠᠶ᠋ᠢᠭᠤᠯᠤᠨ ᠰᠤᠷᠤᠯᠴᠠᠬᠤ᠎ᠪᠠᠷ ᠲᠠᠮᠵᠢᠭᠤᠯᠤᠨ ᠨᠠᠮ᠎ᠤᠨ ᠭᠡᠰᠢᠭᠦᠨ᠎ᠢ ᠬᠦᠳᠦᠯᠦᠨ ᠵᠢᠯᠣᠭᠣᠳᠴᠤ ᠪᠠᠶ᠋ᠢᠭ᠋ᠠᠳ ᠨᠠᠮ ᠵᠶ᠋ᠠᠨ ᠬᠠᠶ᠋ᠢᠷᠠᠯᠠᠬᠤ᠂ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ᠎ᠪᠠᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠠᠵᠢᠯ᠎ᠤᠨ ᠨᠠᠢ᠌ᠳᠠᠪᠤᠷᠢᠵᠢᠭᠤᠯᠤᠯᠳᠠ᠎ᠳᠤ ᠰᠢᠩᠭᠡᠭᠡᠨ᠂ ᠨᠠᠮ᠎ᠤᠨ ᠪᠠᠶ᠋ᠢᠭᠤᠯᠤᠯᠲᠠ ᠵᠢᠨ ᠠᠵᠢᠯ ᠪᠠ ᠲᠤᠬᠠᠶ᠋ᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠢ ᠠᠬᠢᠭᠤᠯᠬᠤ ᠬᠡᠷᠡᠭᠲᠡᠢ ᠭᠡᠪᠡ; ᠪᠦᠬᠦ ᠨᠠᠮ᠎ᠤᠨ ᠭᠡᠰᠢᠭᠦᠨ ᠲᠡᠦᠬᠡ ᠰᠤᠷᠤᠯᠴᠠᠨ ᠲᠡᠦᠬᠡ ᠵᠢ ᠡᠷᠭᠢᠴᠡᠭᠦᠯᠬᠦ᠎ᠪᠠᠷ ᠳᠡᠮᠵᠢᠨ᠂ ᠨᠢᠭᠡᠨ ᠡᠪ ᠬᠠᠮᠲᠤ ᠨᠠᠮ᠎ᠤᠨ ᠭᠡᠰᠢᠭᠦᠨ ᠪᠤᠯᠤᠭᠰᠠᠨ᠎ᠤ ᠬᠤᠪᠢ᠎ᠳᠤ ᠬᠠᠷᠢᠭᠤᠴᠠᠯᠭ᠎ᠠ ᠡᠭᠦᠷᠭᠡᠯᠡᠯ ᠪᠠ ᠬᠦᠨᠳᠦ ᠡᠭᠦᠷᠭᠡ᠎ᠲᠠᠢ ᠪᠠᠢ᠌ᠬᠤ᠎ᠪᠠᠨ ᠨᠡᠩ ᠭᠦᠨᠵᠡᠭᠡᠶ ᠲᠠᠨᠢᠵᠦ᠂ ᠠᠵᠢᠯ᠎ᠤᠨ ᠳᠤᠮᠳᠠ᠎ᠪᠠᠨ ᠬᠤᠪᠢᠰᠬᠠᠯᠲᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠬᠦᠴᠢᠷ ᠪᠡᠷᠬᠡᠰᠢᠶᠡᠯ᠎ᠢ ᠢᠯᠠᠨ   ᠲᠠᠪᠠᠨ᠂ ᠡᠷᠡᠯᠬᠡᠭᠯᠡᠨ ᠤᠷᠤᠭᠰᠢᠯᠠᠨ᠂ ᠤᠭ ᠰᠠᠨᠠᠭ᠎ᠠ᠎ᠪᠠᠨ ᠦᠯᠦ ᠮᠠᠷᠳᠡᠨ᠂ ᠲᠤᠯᠭᠤᠷ ᠵᠣᠷᠢᠯᠲᠠ᠎ᠪᠠᠨ ᠦᠢ᠍ᠯᠡᠳᠦᠯᠭᠡᠵᠢᠭᠦᠯᠵᠦ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠨ᠂ 《ᠲᠦᠷᠪᠡᠨ ᠢᠲᠡᠭᠡᠯ》 ᠵᠶ᠋ᠠᠨ ᠪᠠᠳᠤᠳᠬᠠᠨ᠂ 《ᠬᠣᠶᠠᠷ᠎ᠢ ᠬᠠᠮᠠᠭ᠋ᠠᠯᠠᠬᠤ》 ᠵᠢ ᠲᠠᠰᠤᠷᠠᠯᠲᠠ ᠦᠭᠡᠢ ᠪᠡᠶᠡᠯᠡᠭᠦᠯᠵᠦ᠂ ᠦᠵᠡᠯ ᠰᠠᠨᠠᠭ᠎ᠠ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠢᠮᠠᠭᠲᠠ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶᠡᠨ᠎ᠤ ᠨᠢᠭᠡᠳᠦᠯᠲᠡᠢ ᠪᠠᠶ᠋ᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠢ᠌ᠨ᠎ᠠ᠃

ᠢᠷᠡᠯᠲᠡ᠄ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠰᠢᠮᠳᠠᠭᠤᠯᠤᠨ ᠪᠠᠶ᠋ᠢᠴᠠᠭ᠋ᠠᠬᠤ ᠪᠠᠷᠠᠭᠤᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠤᠭᠤᠷᠢᠨ᠎ᠤ ᠲᠢᠩᠬᠢᠮ 《ᠪᠥᠲᠥᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠶ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠠᠵᠢᠯ ᠡᠷᠭᠢᠯᠡᠬᠦ ᠨᠢᠭᠡᠴᠢ ᠵᠢᠨ ᠪᠠ ᠬᠤᠪᠢ ᠬᠥᠮᠦᠨ᠎ᠤ ᠠᠵᠢᠯ ᠡᠷᠭᠢᠯᠡᠭᠰᠡᠨ ᠪᠠᠶ᠋ᠢᠳᠠᠯ᠎ᠤᠨ ᠢᠲᠡᠭᠡᠮᠵᠢ ᠵᠢᠨ ᠲᠡᠮᠳᠡᠭᠯᠡᠯ᠎ᠤᠨ ᠰᠢᠰᠲ᠋ᠧᠮ》᠎ᠢ ᠡᠬᠢᠯᠡᠨ ᠭᠡᠷᠡᠭᠯᠡᠭᠦᠯᠬᠦ ᠲᠤᠬᠠᠶ ᠠᠯᠪᠠᠨ ᠵᠠᠷᠯᠠᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠤᠤ ᠱ᠌ᠢ ᠳ᠋ᠧ ᠬᠤᠪᠢᠳᠠᠨ ᠬᠠᠮᠢᠶᠠᠷᠴᠤ ᠪᠠᠢ᠌ᠭ᠎ᠠ ᠭᠠᠵᠠᠷ ᠭᠡᠷ ᠨᠢᠭᠡᠴᠢ ᠵᠢᠨ ᠨᠠᠮ᠎ᠤᠨ ᠭᠡᠰᠢᠭᠦᠨ ᠺᠠᠳ᠋ᠷᠴᠤᠳ᠎ᠲᠤ ᠲᠤᠰᠬᠠᠢ ᠰᠡᠳᠦᠪᠲᠦ ᠨᠠᠮ᠎ᠤᠨ ᠬᠢᠴᠢᠶᠡᠯ ᠵᠢᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠬᠥᠷᠥᠰᠥ ᠰᠢᠷᠣᠢ ᠵᠢᠨ ᠪᠣᠬᠢᠷᠲᠤᠯ᠎ᠤᠨ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠨᠡᠷᠡᠰ᠎ᠢ ᠨᠡᠢ᠌ᠲᠡᠯᠡᠬᠦ ᠲᠤᠬᠠᠢ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠴᠠᠬᠢᠯᠭ᠋ᠠᠨ ᠰᠣᠷᠢᠨᠵᠢᠨ ᠰᠠᠴᠤᠷᠠᠯᠲᠠ ᠵᠢᠨ ᠣᠷᠴᠢᠨ ᠲᠣᠭᠣᠷᠢᠨ᠎ᠢ ᠬᠢᠨᠠᠨ ᠬᠡᠮᠵᠢᠬᠦ ᠮᠡᠷᠭᠡᠵᠢᠯ᠎ᠤᠨ ᠬᠠᠷᠢᠴᠠᠭᠤᠯᠬᠤ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠠᠷ ᠥᠪᠡᠷᠲᠡᠭᠡᠨ ᠵᠠᠰᠠᠬᠤ ᠣᠷᠣᠨ᠎ᠤ ᠴᠥᠮ᠎ᠡ ᠵᠢᠨ ᠪᠠ ᠰᠠᠴᠤᠷᠠᠭ᠎ᠢ ᠬᠢᠨᠠᠨ ᠬᠡᠮᠵᠢᠬᠦ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ
 
             蒙ICP备05000248号