《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠷᠥᠰᠥ ᠰᠢᠷᠣᠢ ᠵᠢᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》᠂ 《ᠦᠢ᠍ᠯᠡᠳᠪᠦᠷᠢ ᠠᠭᠤᠷᠬᠠᠢ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》᠂ 《ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠭᠣᠣᠯᠳᠠᠯᠭ᠎ᠠ᠎ᠲᠠᠢ ᠨᠢᠭᠡᠴᠢ ᠵᠢᠨ ᠨᠡᠷᠡᠰ᠎ᠤᠨ ᠬᠠᠮᠢᠶᠠᠷᠤᠯᠲᠠ ᠵᠢᠨ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠡᠯ᠎ᠡ ᠠᠶ᠋ᠢᠮᠠᠭ ᠬᠣᠲᠠ ᠵᠢᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠪᠠᠶ᠋ᠢᠳᠠᠯ᠎ᠲᠠᠢ ᠤᠶᠠᠯᠳᠤᠭᠤᠯᠤᠨ᠂ ᠪᠥᠬᠥ ᠣᠷᠣᠨ᠎ᠤ ᠬᠥᠷᠥᠰᠥ ᠰᠢᠷᠣᠢ ᠵᠢᠨ ᠪᠣᠬᠢᠷᠲᠤᠯ᠎ᠤᠨ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠨᠡᠷᠡᠰ᠎ᠤᠨ ᠵᠢᠭᠰᠠᠭ᠋ᠠᠯᠲᠠ ᠵᠢ ᠬᠥᠳᠡᠯᠦᠩᠭᠦᠢ᠎ᠪᠠᠷ ᠰᠢᠨᠡᠳᠬᠡᠵᠦ᠂ 2023 ᠣᠨ᠎ᠳᠤ ᠨᠠᠢ᠌ᠳᠠ 437 ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ᠎ᠳᠤ ᠣᠷᠣᠭᠤᠯᠵᠤ᠂ ᠡᠳᠦᠭᠡ ᠨᠡᠷᠡᠰ᠎ᠤᠨ ᠵᠢᠭᠰᠠᠭ᠋ᠠᠯᠲᠠ᠎ᠳᠠᠬᠢ ᠨᠢᠭᠡᠴᠢ ᠵᠢᠨ ᠦᠨᠳᠦᠰᠦᠨ ᠪᠠᠶ᠋ᠢᠳᠠᠯ᠎ᠢ ᠨᠡᠢ᠌ᠲᠡᠯᠡᠨ᠎ᠡ᠃ ᠨᠡᠷᠡᠰ᠎ᠤᠨ ᠵᠢᠭᠰᠠᠭ᠋ᠠᠯᠲᠠ᠎ᠳᠠᠬᠢ ᠨᠢᠭᠡᠴᠢ᠎ᠨᠦᠭᠦᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠬᠥᠷᠥᠰᠥ ᠰᠢᠷᠣᠢ ᠪᠣᠯᠣᠨ ᠭᠠᠵᠠᠷ ᠳᠣᠣᠷᠠᠬᠢ ᠤᠰᠤ ᠵᠢ ᠥᠪᠡᠰᠦᠪᠡᠨ ᠬᠢᠨᠠᠨ ᠬᠡᠮᠵᠢᠬᠦ᠂ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠬᠤ ᠵᠡᠷᠭᠡ ᠵᠢ ᠥᠪᠡᠰᠦᠪᠡᠨ ᠥᠷᠨᠢᠭᠦᠯᠬᠦ ᠬᠡᠷᠡᠭᠲᠡᠶ᠃ ᠡᠯ᠎ᠡ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠳ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ ᠬᠠᠷᠢᠶ᠎ᠠ ᠣᠷᠣᠨ᠎ᠤ ᠳᠣᠲᠣᠷᠠᠬᠢ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠡᠳᠦᠷ ᠲᠤᠲᠤᠮ᠎ᠤᠨ ᠬᠢᠨᠠᠯᠲᠠ ᠲᠠᠯᠪᠢᠯᠲᠠ ᠪᠠ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠴᠢᠩᠭ᠋ᠠᠳᠬᠠᠵᠤ᠂ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠵᠢ ᠰᠢᠮᠳᠠᠭᠤᠯᠵᠤ᠂ ᠬᠥᠷᠥᠰᠥ ᠰᠢᠷᠣᠢ ᠪᠠ ᠭᠠᠵᠠᠷ ᠳᠣᠣᠷᠠᠬᠢ ᠤᠰᠤᠨ᠎ᠤ ᠪᠣᠬᠢᠷᠲᠤᠯ᠎ᠢ ᠡᠬᠢ ᠡᠭᠦᠰᠦᠯ᠎ᠠᠴᠠ᠎ᠨᠢ ᠬᠣᠷᠢᠭᠯᠠᠨ᠎ᠠ᠃