ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠤᠨ ᠳᠠᠷᠤᠭ᠎ᠠ ᠵᠤᠤ ᠱ᠌ᠢ ᠳ᠋ᠧ ᠬᠤᠪᠢᠳᠠᠨ ᠬᠠᠮᠢᠶᠠᠷᠴᠤ ᠪᠠᠢ᠌ᠭ᠎ᠠ ᠭᠠᠵᠠᠷ ᠭᠡᠷ ᠨᠢᠭᠡᠴᠢ ᠵᠢᠨ ᠨᠠᠮ᠎ᠤᠨ ᠭᠡᠰᠢᠭᠦᠨ ᠺᠠᠳ᠋ᠷᠴᠤᠳ᠎ᠲᠤ ᠲᠤᠰᠬᠠᠢ ᠰᠡᠳᠦᠪᠲᠦ ᠨᠠᠮ᠎ᠤᠨ ᠬᠢᠴᠢᠶᠡᠯ ᠵᠢᠭ᠋ᠠᠪᠠ
ᠨᠡᠶ᠋ᠢᠲᠡᠯᠡᠭᠰᠡᠨ ᠴᠠᠭ᠄ 2023-08-31

      6 ᠰᠠᠷ᠎ᠠ ᠵᠢᠨ 30 ᠎ᠤ ᠦᠳᠡ ᠵᠢᠨ ᠬᠣᠢ᠌ᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢ᠌ᠭᠤᠯᠤᠭᠳᠠᠭᠰᠠᠨ 102 ᠵᠢᠯ᠎ᠤᠨ ᠤᠢ ᠵᠢᠨ ᠲᠠᠰᠢᠷᠠᠮ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠵᠤᠤ ᠱ᠌ᠢ ᠳ᠋ᠧ ᠬᠤᠪᠢᠳᠠᠨ ᠬᠠᠮᠢᠶᠠᠷᠴᠤ ᠪᠠᠢ᠌ᠭ᠎ᠠ ᠭᠠᠵᠠᠷ ᠦᠷᠦᠭᠡ᠂ ᠨᠢᠭᠡᠴᠢ ᠵᠢᠨ ᠨᠠᠮ᠎ᠤᠨ ᠭᠡᠰᠢᠭᠦᠨ ᠺᠠᠳ᠋ᠷᠴᠤᠳ᠎ᠲᠤ 《ᠬᠥᠬᠡᠮᠳᠦᠭ ᠠᠭᠤᠯᠠ ᠮᠢᠩᠭ᠋ᠠᠨ ᠣᠨ᠎ᠤ ᠵᠢᠷᠤᠭ᠂ ᠬᠥᠬᠡᠮᠳᠦᠭ ᠤᠰᠤ ᠬᠥᠬᠡᠮᠳᠦᠭ ᠶᠠᠲᠤᠭ᠎ᠠ᠂ ᠪᠠᠲᠤ ᠴᠢᠩᠭ᠎ᠠ ᠤᠯᠤᠰ ᠲᠥᠷᠥ ᠵᠢᠨ ᠴᠢᠳᠠᠪᠤᠷᠢ᠂ ᠰᠡᠳᠬᠢᠬᠦ ᠴᠢᠳᠠᠪᠤᠷᠢ᠂ ᠦᠢ᠍ᠯᠡᠳᠦᠯᠭᠡ ᠵᠢᠨ ᠴᠢᠳᠠᠪᠤᠷᠢ᠎ᠪᠠᠷ ᠵᠶ᠋ᠠᠨ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠣᠮᠢᠨ ᠨᠣᠭᠣᠭ᠋ᠠᠨ ᠤᠷᠳᠤ ᠴᠠᠭ᠋ᠠᠨ ᠬᠡᠷᠡᠮ᠎ᠢ ᠪᠠᠲᠤ ᠴᠣᠭᠴᠠᠯᠠᠶ᠎ᠠ》 ᠭᠡᠬᠦ ᠲᠤᠰᠬᠠᠢ ᠰᠡᠳᠦᠪᠲᠦ ᠨᠠᠮ᠎ᠤᠨ ᠬᠢᠴᠢᠶᠡᠯ ᠵᠢᠭ᠋ᠠᠪᠠ᠃

      ᠨᠠᠮ᠎ᠤᠨ ᠬᠢᠴᠢᠶᠡᠯ᠎ᠨᠢ ᠰᠢ ᠵᠢᠨ ᠫᠢᠩ ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠪᠦᠷᠢᠯᠳᠦᠯ᠎ᠤᠨ ᠰᠤᠳᠠᠰᠤ ᠪᠠ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ᠎ᠢ ᠰᠢᠰᠲ᠋ᠧᠮ᠎ᠲᠠᠢ ᠡᠷᠭᠢᠴᠡᠭᠦᠯᠵᠦ᠂ ᠰᠢ ᠵᠢᠨ ᠫᠢᠩ ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠬᠤᠭᠤᠴᠠᠭ᠋ᠠᠨ᠎ᠳᠤ᠂ ᠰᠢ ᠵᠢᠨ ᠫᠢᠩ ᠶᠡᠷᠦᠩᠬᠡᠢ ᠱᠦᠵᠢ ᠵᠢᠨ ᠳᠤᠷᠠᠳᠤᠭᠰᠠᠨ 《ᠤᠯᠤᠰ ᠲᠥᠷᠥ ᠵᠢᠨ ᠴᠢᠳᠠᠪᠤᠷᠢ᠂ ᠰᠡᠳᠬᠢᠬᠦᠢ ᠵᠢᠨ ᠴᠢᠳᠠᠪᠤᠷᠢ᠂ ᠦᠢ᠍ᠯᠡᠳᠦᠯᠭᠡ ᠵᠢᠨ ᠴᠢᠳᠠᠪᠤᠷᠢ᠎ᠪᠠᠨ ᠳᠡᠭᠡᠭᠰᠢᠯᠡᠭᠦᠯᠬᠦ》 ᠬᠣᠯᠪᠣᠭᠳᠠᠯ ᠪᠦᠬᠦᠢ ᠱᠠᠭ᠋ᠠᠷᠳᠠᠯᠭ᠎ᠠ ᠰᠢᠨ᠎ᠡ ᠪᠠᠶ᠋ᠢᠳᠠᠯ᠎ᠤᠨ ᠳᠣᠣᠷᠠᠬᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠣᠨᠴᠠᠭ᠋ᠠᠢ᠌ᠯᠠᠨ ᠴᠢᠬᠤᠯᠠᠴᠢᠯᠠᠵᠤ᠂ ᠨᠠᠮ᠎ᠤᠨ ᠭᠡᠰᠢᠭᠦᠨ ᠺᠠᠳ᠋ᠷᠴᠤᠳ᠎ᠢ ᠪᠠᠢ᠌ᠯᠳᠤᠬᠤ ᠪᠣᠳᠣᠯᠭ᠎ᠠ ᠵᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠵᠢ ᠡᠭᠦᠳᠬᠦ ᠰᠡᠳᠬᠢᠬᠦᠢ᠂ ᠲᠡᠦᠬᠡ ᠵᠢᠨ ᠰᠡᠳᠬᠢᠬᠦᠢ᠂ ᠬᠠᠤᠯᠢᠵᠢᠯ᠎ᠤᠨ ᠰᠡᠳᠬᠢᠬᠦᠢ᠂ ᠬᠣᠷᠢᠭ᠎ᠠ ᠱᠤᠭᠤᠮ᠎ᠤᠨ ᠰᠡᠳᠬᠢᠬᠦᠢ᠎ᠪᠠᠨ ᠴᠢᠩᠭ᠋ᠠᠳᠬᠠᠬᠤ ᠬᠡᠷᠡᠭᠲᠡᠢ᠃ ᠤᠯᠤᠰ ᠲᠥᠷᠥ ᠵᠢᠨ ᠴᠢᠳᠠᠪᠤᠷᠢ᠂ ᠪᠠᠢ᠌ᠴᠠᠭ᠋ᠠᠨ ᠰᠤᠳᠤᠯᠬᠤ ᠴᠢᠳᠠᠪᠤᠷᠢ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠴᠢᠳᠠᠪᠤᠷᠢ᠂ ᠥᠭᠡᠷᠡᠴᠢᠯᠡᠯᠲᠡ ᠵᠢᠨ ᠪᠣᠭᠣᠮᠲᠠ ᠰᠢᠪᠲᠤᠯᠬᠤ ᠴᠢᠳᠠᠪᠤᠷᠢ᠂ ᠪᠠᠴᠢᠮ ᠪᠠᠶ᠋ᠢᠳᠠᠯ᠎ᠢ ᠠᠷᠭ᠋ᠠᠴᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠴᠢᠳᠠᠪᠤᠷᠢ᠂ ᠤᠯᠠᠨ ᠲᠦᠮᠡᠨ᠎ᠤ ᠠᠵᠢᠯ᠎ᠤᠨ ᠴᠢᠳᠠᠪᠤᠷᠢ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠠᠭᠤᠤ ᠶᠡᠬᠡ ᠦᠢ᠍ᠯᠡᠰ᠎ᠲᠤ ᠢᠳᠡᠪᠬᠢᠲᠡᠢ ᠣᠷᠣᠯᠴᠠᠵᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠢ ᠪᠡᠶᠡᠯᠡᠭᠦᠯᠬᠦ᠎ᠳᠤ ᠨᠠᠩ ᠶᠡᠬᠡ ᠬᠦᠴᠦᠨ ᠴᠢᠳᠠᠯ ᠵᠶ᠋ᠠᠨ ᠡᠷᠭᠦᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠬᠥᠷᠥᠰᠥ ᠰᠢᠷᠣᠢ ᠵᠢᠨ ᠪᠣᠬᠢᠷᠲᠤᠯ᠎ᠤᠨ ᠭᠣᠣᠯᠳᠠᠯᠭ᠎ᠠ᠎ᠲᠠᠢ ᠬᠢᠨᠠᠨ ᠬᠠᠮᠢᠶᠠᠷᠬᠤ ᠨᠢᠭᠡᠴᠢ ᠵᠢᠨ ᠨᠡᠷᠡᠰ᠎ᠢ ᠨᠡᠢ᠌ᠲᠡᠯᠡᠬᠦ ᠲᠤᠬᠠᠢ ᠵᠠᠷᠯᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠴᠠᠬᠢᠯᠭ᠋ᠠᠨ ᠰᠣᠷᠢᠨᠵᠢᠨ ᠰᠠᠴᠤᠷᠠᠯᠲᠠ ᠵᠢᠨ ᠣᠷᠴᠢᠨ ᠲᠣᠭᠣᠷᠢᠨ᠎ᠢ ᠬᠢᠨᠠᠨ ᠬᠡᠮᠵᠢᠬᠦ ᠮᠡᠷᠭᠡᠵᠢᠯ᠎ᠤᠨ ᠬᠠᠷᠢᠴᠠᠭᠤᠯᠬᠤ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠠᠷ ᠥᠪᠡᠷᠲᠡᠭᠡᠨ ᠵᠠᠰᠠᠬᠤ ᠣᠷᠣᠨ᠎ᠤ ᠴᠥᠮ᠎ᠡ ᠵᠢᠨ ᠪᠠ ᠰᠠᠴᠤᠷᠠᠭ᠎ᠢ ᠬᠢᠨᠠᠨ ᠬᠡᠮᠵᠢᠬᠦ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠯᠪᠠᠰᠤᠷᠠᠯ᠎ᠤᠨ ᠠᠩᠭᠢ ᠡᠷᠬᠢᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ ᠢᠳᠡᠪᠬᠢ ᠴᠢᠨᠠᠷᠲᠠᠢ ᠳᠠᠭ᠋ᠠᠯᠲᠠ ᠠᠭᠤᠷᠬᠠᠢ ᠵᠢ ᠨᠡᠭᠡᠭᠡᠨ ᠠᠰᠢᠭᠯᠠᠬᠤ ᠠᠵᠤ ᠠᠬᠤᠢ᠌ᠯᠠᠯ᠎ᠤᠨ ᠨᠡᠷᠡᠰ (2024 ᠬᠡᠪᠯᠡᠯ)᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠵᠠᠷᠯᠠᠯ
 
             蒙ICP备05000248号