ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠬᠢᠭᠡᠳ ᠰᠠᠴᠤᠷᠠᠭ᠎ᠢ ᠬᠢᠨᠠᠨ ᠬᠡᠮᠵᠢᠬᠦ ᠲᠥᠪ ᠴᠠᠬᠢᠯᠭ᠋ᠠᠨ ᠰᠣᠷᠢᠨᠵᠢᠨ ᠰᠠᠴᠤᠷᠠᠯᠲᠠ ᠵᠢᠨ ᠣᠷᠴᠢᠨ ᠲᠣᠭᠣᠷᠢᠨ᠎ᠢ ᠬᠢᠨᠠᠨ ᠬᠡᠮᠵᠢᠬᠦ ᠮᠡᠷᠭᠡᠵᠢᠯ᠎ᠤᠨ ᠬᠠᠷᠢᠴᠠᠭᠤᠯᠬᠤ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠪᠡ
ᠨᠡᠶ᠋ᠢᠲᠡᠯᠡᠭᠰᠡᠨ ᠴᠠᠭ᠄ 2023-09-08

      2023 ᠣᠨ᠎ᠤ 8 ᠰᠠᠷ᠎ᠠ ᠵᠢᠨ 23 — 24᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ᠎ᠤᠨ᠎ᠬᠢᠨ ᠴᠠᠬᠢᠯᠭ᠋ᠠᠨ ᠰᠣᠷᠢᠨᠵᠢᠨ ᠰᠠᠴᠤᠷᠠᠯᠲᠠ ᠵᠢᠨ ᠣᠷᠴᠢᠨ ᠲᠣᠭᠣᠷᠢᠨ᠎ᠢ ᠬᠢᠨᠠᠨ ᠬᠡᠮᠵᠢᠬᠦ ᠮᠡᠷᠭᠡᠵᠢᠯ᠎ᠢ ᠬᠠᠷᠢᠴᠠᠭᠤᠯᠬᠤ ᠠᠵᠢᠯᠯᠠᠭ᠎ᠠ ᠵᠢ ᠠᠮᠵᠢᠯᠲᠠ᠎ᠲᠠᠢ ᠡᠷᠬᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠴᠤᠷᠠᠯᠲᠠ ᠵᠢᠨ ᠣᠷᠴᠢᠨ ᠨᠥᠬᠥᠴᠡᠯ᠎ᠢ ᠬᠢᠨᠠᠨ ᠬᠡᠮᠵᠢᠬᠦ ᠮᠡᠷᠭᠡᠵᠢᠯ᠎ᠤᠨ ᠲᠥᠪ ᠵᠢᠴᠢ ᠥᠪᠥᠷ ᠮᠣᠩᠭᠣᠯ᠂ ᠭᠤᠸᠠᠩᠳᠦ᠋ᠩ᠂ ᠵᠢᠶᠠᠩᠰᠤ᠂ ᠾᠧᠨᠠᠨ ᠪᠣᠯᠣᠨ ᠪᠡᠭᠡᠵᠢᠩ ᠵᠡᠷᠭᠡ ᠰᠠᠴᠤᠷᠠᠯᠲᠠ ᠵᠢᠨ ᠬᠢᠨᠠᠨ ᠬᠡᠮᠵᠢᠬᠦ ᠪᠠᠢ᠌ᠭᠤᠯᠤᠮᠵᠢ ᠵᠢᠨ 30 ᠭᠠᠷᠤᠢ ᠬᠢᠨᠠᠨ ᠬᠡᠮᠵᠢᠬᠦ ᠠᠵᠢᠯᠲᠠᠨ ᠬᠠᠮᠲᠤ᠎ᠪᠠᠷ 5G ᠵᠢᠨ ᠮᠡᠳᠡᠭᠡ ᠬᠣᠯᠪᠣᠭ᠋ᠠᠨ᠎ᠤ ᠰᠠᠭᠤᠷᠢ ᠥᠷᠲᠡᠭᠡ ᠪᠠ ᠳᠤᠮᠳᠠᠳᠤ ᠳᠣᠯᠭᠢᠶᠠᠨᠲᠤ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ ᠵᠢᠨ ᠬᠢᠨᠠᠨ ᠬᠡᠮᠵᠢᠬᠦ ᠠᠷᠭ᠎ᠠ ᠵᠢ ᠰᠤᠳᠤᠯᠤᠨ ᠶᠠᠷᠢᠯᠴᠠᠵᠤ᠂ ᠮᠡᠷᠭᠡᠵᠢᠯ᠎ᠤᠨ ᠪᠣᠯᠪᠠᠰᠤᠷᠠᠯ ᠰᠣᠯᠢᠯᠴᠠᠭ᠎ᠠ ᠪᠠ ᠲᠤᠬᠠᠢ ᠵᠢᠨ ᠲᠠᠯᠠᠪᠤᠷ᠎ᠤᠨ ᠬᠢᠨᠠᠨ ᠬᠡᠮᠵᠢᠯᠲᠡ ᠵᠢᠨ ᠬᠠᠷᠢᠴᠠᠭᠤᠯᠤᠯ ᠬᠢᠭᠰᠡᠨ ᠪᠠᠢ᠌ᠨ᠎ᠠ᠃

      ᠲᠤᠰᠬᠠᠢ ᠲᠥᠷᠥᠯ᠎ᠤᠨ ᠪᠣᠯᠪᠠᠰᠤᠷᠠᠯ᠎ᠢ ᠴᠠᠬᠢᠯᠭ᠋ᠠᠨ ᠰᠣᠷᠢᠨᠵᠢᠨ᠎ᠤ ᠬᠢᠨᠠᠨ ᠬᠡᠮᠵᠢᠯᠲᠡ ᠵᠢᠨ ᠰᠢᠨ᠎ᠡ ᠠᠷᠭ᠎ᠠ ᠵᠢ ᠡᠵᠡᠮᠰᠢᠭᠰᠡᠨ᠂ ᠲᠣᠮᠣ ᠳ᠋ᠠᠢ᠌ᠲ᠋ᠠ᠎ᠳᠤ ᠰᠠᠭᠤᠷᠢᠯᠠᠭᠰᠠᠨ ᠴᠠᠬᠢᠯᠭ᠋ᠠᠨ ᠰᠣᠷᠢᠨᠵᠢᠨ᠎ᠤ ᠰᠠᠴᠤᠷᠠᠯᠲᠠ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠢᠰᠲ᠋ᠧᠮ᠂ ᠴᠠᠬᠢᠯᠭ᠋ᠠᠨ ᠰᠣᠷᠢᠨᠵᠢᠨ᠎ᠤ ᠬᠢᠨᠠᠨ ᠬᠡᠮᠵᠢᠯᠲᠡ ᠵᠢᠨ ᠤᠯᠠᠨ ᠤᠯᠤᠰ᠎ᠤᠨ ᠲᠠᠯ᠎ᠠ ᠵᠢᠨ ᠰᠢᠨ᠎ᠡ ᠬᠥᠭᠵᠢᠯᠲᠡ ᠵᠢᠨ ᠬᠠᠨᠳᠤᠰᠢ ᠵᠢᠴᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠡᠷᠭᠡ ᠭᠣᠣᠯ ᠰᠡᠳᠦᠪ᠎ᠤᠨ ᠲᠣᠭᠣᠷᠢᠨ᠎ᠳᠤ ᠥᠷᠨᠢᠭᠦᠯᠪᠡ᠃ ᠰᠣᠯᠢᠯᠴᠠᠭ᠎ᠠ ᠵᠢᠨ ᠶᠠᠪᠤᠴᠠ᠎ᠳᠤ᠂ ᠬᠤᠷᠠᠯ᠎ᠳᠤ ᠣᠷᠣᠯᠴᠠᠭᠰᠠᠨ ᠬᠢᠨᠠᠨ ᠬᠡᠮᠵᠢᠬᠦ ᠠᠵᠢᠯᠲᠠᠳ ᠬᠢᠨᠠᠨ ᠬᠡᠮᠵᠢᠬᠦ ᠶᠠᠪᠤᠴᠠ᠎ᠳᠠᠬᠢ ᠮᠡᠷᠭᠡᠵᠢᠯ᠎ᠤᠨ ᠬᠦᠴᠢᠷᠳᠡᠯ᠂ ᠬᠡᠮᠵᠢᠯᠲᠡ ᠵᠢᠨ ᠲᠣᠭᠲᠠᠪᠤᠷᠢ ᠦᠭᠡᠢ ᠬᠦᠴᠦᠨ ᠵᠦᠢ᠍ᠯ ᠵᠡᠷᠭᠡ ᠠᠭᠤᠯᠭ᠎ᠠ ᠵᠢᠨ ᠲᠣᠭᠣᠷᠢᠨ᠎ᠳᠤ ᠢᠳᠡᠪᠬᠢᠲᠡᠢ᠎ᠪᠠᠷ ᠠᠰᠠᠭᠤᠯᠲᠠ ᠠᠰᠠᠭᠤᠵᠤ᠂ ᠬᠠᠷᠢᠯᠴᠠᠨ ᠰᠣᠯᠢᠯᠴᠠᠨ᠂ ᠲᠤᠬᠠᠢ ᠵᠢᠨ ᠲᠠᠯᠠᠪᠤᠷ᠎ᠤᠨ ᠠᠭᠤᠷ ᠠᠮᠢᠰᠬᠤᠯ ᠬᠥᠷ ᠬᠥᠭᠵᠢᠶᠡᠨ᠎ᠲᠠᠢ ᠶᠠᠪᠤᠭᠳᠠᠵᠤ᠂ ᠬᠢᠴᠢᠶᠡᠯᠯᠡᠵᠦ ᠪᠠᠢ᠌ᠭ᠎ᠠ ᠲᠤᠰᠬᠠᠢ ᠮᠡᠷᠭᠡᠵᠢᠯᠲᠡᠨ᠎ᠠᠴᠠ ᠴᠠᠬᠢᠯᠭ᠋ᠠᠨ ᠰᠣᠷᠢᠨᠵᠢᠨ᠎ᠤ ᠬᠢᠨᠠᠨ ᠬᠡᠮᠵᠢᠬᠦ ᠠᠵᠢᠯᠲᠠᠳ᠎ᠤᠨ ᠰᠢᠨ᠎ᠡ ᠴᠠᠭ ᠦᠶ᠎ᠡ᠎ᠳᠤ ᠴᠠᠬᠢᠯᠭ᠋ᠠᠨ ᠰᠣᠷᠢᠨᠵᠢᠨ᠎ᠤ ᠰᠠᠴᠤᠷᠠᠭ᠎ᠢ ᠬᠢᠨᠠᠨ ᠬᠡᠮᠵᠢᠬᠦ ᠴᠢᠳᠠᠪᠤᠷᠢ᠎ᠪᠠᠨ ᠳᠡᠭᠡᠭᠰᠢᠯᠡᠭᠦᠯᠬᠦ᠎ᠳᠤ ᠰᠢᠨ᠎ᠡ ᠰᠢᠪᠲᠤᠯᠤᠯᠲᠠ ᠭᠠᠷᠭ᠋ᠠᠬᠤ ᠵᠢ ᠵᠣᠷᠢᠭᠵᠢᠭᠤᠯᠪᠠ᠃

      ᠰᠠᠴᠤᠷᠠᠯ ᠳᠠᠪᠲᠠᠮᠵᠢ ᠵᠢᠨ ᠴᠠᠬᠢᠯᠭ᠋ᠠᠨ ᠰᠣᠷᠢᠨᠵᠢᠨ ᠣᠷᠣᠨ᠎ᠤ ᠬᠠᠷᠢᠴᠠᠭᠤᠯᠤᠯ᠎ᠨᠢ ᠬᠣᠶᠠᠷ ᠴᠠᠬᠢᠯᠭ᠋ᠠᠨ ᠰᠣᠷᠢᠨᠵᠢᠨ ᠰᠠᠴᠤᠷᠠᠯᠲᠠ ᠵᠢᠨ ᠣᠷᠴᠢᠨ ᠲᠣᠭᠣᠷᠢᠨ᠎ᠤ ᠰᠡᠷᠭᠡᠭ ᠬᠠᠷᠠᠯᠲᠠ ᠵᠢᠨ ᠬᠢᠨᠠᠨ ᠬᠡᠮᠵᠢᠬᠦ ᠴᠡᠭ᠎ᠢ ᠰᠣᠩᠭᠣᠨ ᠠᠪᠴᠤ᠂ ᠬᠢᠨᠠᠨ ᠬᠡᠮᠵᠢᠬᠦ ᠠᠵᠢᠯᠲᠠᠨ ᠬᠠᠷᠢᠴᠠᠭᠤᠯᠬᠤ ᠲᠥᠰᠥᠯ᠎ᠤᠨ ᠱᠠᠭ᠋ᠠᠷᠳᠠᠯᠭ᠎ᠠ ᠶᠣᠰᠣᠭ᠋ᠠᠷ᠂ ᠠᠵᠢᠯᠯᠠᠬᠤ ᠬᠡᠮᠵᠢᠭᠦᠷᠯᠢᠭ᠎ᠢ ᠳᠦᠷᠢᠮᠵᠢᠭᠦᠯᠵᠦ᠂ ᠲᠣᠭ᠎ᠠ ᠪᠠᠷᠢᠮᠲᠠ ᠵᠢ ᠨᠠᠷᠢᠨ ᠬᠢᠨᠠᠮᠠᠭ᠋ᠠᠢ ᠰᠢᠢ᠍ᠳᠪᠦᠷᠢᠯᠡᠵᠦ᠂ ᠴᠠᠭ᠋ᠠᠷᠠᠭᠰᠠᠨ ᠲᠤᠰᠬᠠᠢ ᠮᠡᠷᠭᠡᠵᠢᠯ᠎ᠤᠨ ᠴᠢᠳᠠᠪᠤᠷᠢ ᠪᠣᠯᠣᠨ ᠥᠷᠨᠢᠭᠦᠨ ᠬᠥᠭᠵᠢᠩᠭᠦᠢ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠭᠦᠢ᠍ᠴᠡᠳ ᠢᠯᠡᠷᠡᠭᠦᠯᠪᠡ᠃ ᠡᠭᠦᠨ᠎ᠠᠴᠠ ᠡᠮᠦᠨ᠎ᠡ ᠪᠡᠭᠡᠵᠢᠩ᠎ᠤᠨ ᠰᠧᠨ ᠹᠦ᠋ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠠᠴᠠ ᠪᠤᠢ ᠪᠦᠬᠦᠢ ᠬᠡᠮᠵᠢᠭᠦᠷᠯᠢᠭ᠎ᠲᠤ ᠮᠡᠷᠭᠡᠵᠢᠯ᠎ᠤᠨ ᠬᠢᠨᠠᠨ ᠪᠠᠢ᠌ᠴᠠᠭ᠋ᠠᠯᠲᠠ ᠬᠢᠵᠦ᠂ ᠲᠣᠰ ᠤᠳᠠᠭ᠋ᠠᠨ᠎ᠤ ᠬᠠᠷᠢᠴᠠᠭᠤᠯᠤᠭᠰᠠᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠪᠠ ᠨᠠᠶ᠋ᠢᠳᠠᠪᠤᠷᠢᠲᠤ ᠴᠢᠨᠠᠷ᠎ᠢ ᠨᠠᠩ ᠢᠯᠡᠭᠦᠦ ᠪᠠᠲᠤᠯᠠᠭᠰᠠᠨ ᠪᠠᠢ᠌ᠨ᠎ᠠ᠃

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠮ᠎ᠡ ᠪᠣᠯᠣᠨ ᠰᠠᠴᠤᠷᠠᠭ᠎ᠢ ᠬᠢᠨᠠᠨ ᠬᠡᠮᠵᠢᠬᠦ ᠲᠥᠪ᠎ᠤᠨ᠎ᠬᠢᠨ ᠵᠢᠯ ᠪᠦᠷᠢ ᠨᠢᠭᠡ ᠲᠤᠰᠬᠠᠢ ᠳᠦᠷᠦᠯ ᠵᠦᠢ᠍ᠯ᠎ᠤᠨ ᠲᠣᠭᠣᠷᠢᠨ᠎ᠳᠤ ᠮᠡᠷᠭᠡᠵᠢᠯ᠎ᠤᠨ ᠬᠠᠷᠢᠴᠠᠭᠤᠯᠤᠯ ᠬᠢᠬᠦ ᠵᠢ ᠪᠠᠷᠢᠮᠲᠠᠯᠠᠵᠤ᠂ 《ᠪᠣᠯᠪᠠᠰᠤᠷᠠᠯ + ᠪᠣᠳᠠᠲᠤ ᠦᠢ᠍ᠯᠡᠳᠦᠯᠭᠡ》᠎ᠤᠨ ᠴᠡᠷᠢᠭ ᠪᠣᠯᠪᠠᠰᠤᠷᠠᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠰᠠᠴᠤᠷᠠᠭ᠎ᠢ ᠬᠢᠨᠠᠨ ᠬᠡᠮᠵᠢᠬᠦ ᠴᠢᠳᠠᠪᠤᠷᠢ ᠵᠢᠨ ᠬᠡᠪᠴᠢᠶ᠎ᠡ ᠪᠠ ᠬᠢᠷᠢ ᠬᠡᠮᠵᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ ᠳᠡᠭᠡᠭᠰᠢᠯᠡᠭᠦᠯᠵᠦ᠂ ᠰᠠᠴᠤᠷᠠᠭ᠎ᠢ ᠬᠢᠨᠠᠨ ᠬᠡᠮᠵᠢᠬᠦ ᠲᠡᠮᠦᠷ ᠴᠡᠷᠢᠭ᠎ᠤᠨ ᠡᠩᠨᠡᠭᠡ ᠵᠢ ᠦᠷᠭᠦᠯᠵᠢᠯᠡᠨ ᠳᠠᠪᠲᠠᠨ ᠪᠣᠯᠪᠠᠰᠤᠷᠠᠭᠤᠯᠵᠤ᠂ ᠤᠯᠤᠰ᠎ᠤᠨ ᠳᠣᠲᠣᠭ᠋ᠠᠳᠤ ᠵᠢᠨ ᠬᠣᠰᠢᠭᠤᠴᠢ ᠮᠤᠵᠢ ᠵᠢᠨ ᠥᠷᠲᠡᠭᠡ᠎ᠯᠦᠭᠡ ᠵᠢᠨ ᠵᠠᠢ ᠵᠢ ᠣᠢ᠌ᠷᠠᠲᠤᠭᠤᠯᠵᠤ᠂ ᠪᠣᠭᠣᠮᠲᠠ ᠰᠢᠪᠲᠤᠯᠤᠨ ᠰᠢᠨ᠎ᠡ ᠵᠢ ᠡᠭᠦᠳᠬᠦ᠂ ᠵᠣᠷᠢᠭ ᠰᠢᠭᠤᠳᠤᠨ ᠪᠦᠯᠬᠦᠮᠳᠡᠬᠦ᠂ ᠣᠷᠭᠢᠯ᠎ᠳᠤ ᠵᠣᠷᠢᠭᠲᠠᠢ᠎ᠪᠠᠷ ᠠᠪᠠᠷᠢᠬᠤ ᠲᠡᠮᠡᠴᠡᠯ᠎ᠤᠨ ᠵᠣᠷᠢᠭ ᠰᠠᠨᠠᠭ᠎ᠠ ᠵᠢ ᠳᠠᠮᠵᠢᠭᠤᠯᠵᠤ᠂ ᠴᠢᠨᠠᠷ ᠰᠠᠢ᠌ᠲᠠᠢ ᠰᠠᠴᠤᠷᠠᠭ᠎ᠢ ᠬᠢᠨᠠᠨ ᠬᠡᠮᠵᠢᠬᠦ᠎ᠪᠠᠷ ᠪᠥᠬᠥ ᠣᠷᠣᠨ᠎ᠤ ᠴᠥᠮ᠎ᠡ ᠪᠠ ᠰᠠᠴᠤᠷᠠᠭ᠎ᠤᠨ ᠠᠮᠤᠷ ᠲᠦᠪᠰᠢᠨ᠎ᠤ ᠴᠢᠨᠠᠷ ᠰᠠᠢ᠌ᠲᠠᠢ ᠰᠢᠯᠭ᠋ᠠᠯᠲᠠ ᠵᠢᠨ ᠬᠠᠭᠤᠳᠠᠰᠤ ᠵᠢ ᠪᠢᠴᠢᠭᠯᠡᠨ᠎ᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠸᠠᠩ ᠸᠠᠩ ᠱᠧᠩ ᠨᠠᠷ ᠥᠪᠡᠷᠲᠡᠭᠡᠨ ᠵᠠᠰᠠᠬᠤ ᠣᠷᠣᠨ᠎ᠤ ᠴᠥᠮ᠎ᠡ ᠵᠢᠨ ᠪᠠ ᠰᠠᠴᠤᠷᠠᠭ᠎ᠢ ᠬᠢᠨᠠᠨ ᠬᠡᠮᠵᠢᠬᠦ ᠲᠥᠪ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠢᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠲᠢᠩᠬᠢᠮ ᠪᠦᠬᠦ ᠣᠷᠣᠨ᠎ᠤ ᠬᠥᠷᠥᠰᠥ ᠰᠢᠷᠣᠢ᠂ ᠭᠠᠵᠠᠷ ᠳᠣᠣᠷᠠᠬᠢ ᠤᠰᠤ ᠪᠣᠯᠣᠨ ᠮᠠᠯᠵᠢᠬᠤ ᠲᠠᠷᠢᠶᠠᠯᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠯᠪᠠᠰᠤᠷᠠᠯ᠎ᠤᠨ ᠠᠩᠭᠢ ᠡᠷᠬᠢᠯᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠠᠴᠤᠷᠠᠭ ᠢᠳᠡᠪᠬᠢ ᠴᠢᠨᠠᠷᠲᠠᠢ ᠳᠠᠭ᠋ᠠᠯᠲᠠ ᠠᠭᠤᠷᠬᠠᠢ ᠵᠢ ᠨᠡᠭᠡᠭᠡᠨ ᠠᠰᠢᠭᠯᠠᠬᠤ ᠠᠵᠤ ᠠᠬᠤᠢ᠌ᠯᠠᠯ᠎ᠤᠨ ᠨᠡᠷᠡᠰ (2024 ᠬᠡᠪᠯᠡᠯ)᠎ᠢ ᠨᠡᠢ᠌ᠲᠡᠯᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠵᠠᠷᠯᠠᠯ
2023 ᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠦᠨᠡᠯᠡᠨ ᠵᠢᠱ᠌ᠢᠭᠰᠡᠨ ᠮᠡᠳᠡᠭᠦᠯᠦᠯᠲᠡ ᠵᠢ ᠬᠢᠨᠠᠨ ᠲᠣᠭᠲᠠᠭ᠋ᠠᠵᠤ ᠪᠠᠲᠤᠯᠠᠭᠰᠠᠨ ᠪᠠᠶ᠋ᠢᠳᠠᠯ᠎ᠢ ᠨᠡᠢ᠌ᠲᠡᠯᠡᠬᠦ ᠲᠤᠬᠠᠢ ᠵᠠᠷᠯᠠᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠦᠲᠦᠭᠡᠨ ᠪᠠᠢ᠌ᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ ᠵᠢᠨ ᠪᠣᠬᠢᠷᠲᠤᠯ᠎ᠤᠨ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ᠎ᠤᠨ ᠵᠢᠭᠰᠠᠭ᠋ᠠᠯᠲᠠ (2024 ᠣᠨ᠎ᠤ 1 ᠰᠠᠷ᠎ᠠ᠎ᠳᠤ ᠰᠢᠨᠡᠳᠬᠡᠪᠡ)》 ᠵᠢ ᠨᠡᠢ᠌ᠲᠡᠯᠡᠬᠦ ᠲᠤᠬᠠᠢ ᠵᠠᠷᠯᠠᠯ
 
             蒙ICP备05000248号