ᠤᠯᠤᠰ᠎ᠤᠨ ᠬᠥᠷᠥᠰᠥ ᠰᠢᠷᠣᠢ᠎ᠶᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠨᠢᠭᠡᠳᠦᠯᠲᠡᠢ ᠲᠣᠭ᠎ᠠ ᠪᠠᠷᠢᠮᠲᠠ᠎ᠶᠢᠨ ᠪᠠᠷᠢᠮᠵᠢᠶ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠤᠯᠤᠰ᠎ᠤᠨ ᠭᠠᠵᠠᠷ ᠰᠢᠷᠣᠢ᠎ᠶᠢᠨ ᠣᠷᠣᠨ ᠵᠠᠢ᠎ᠶᠢᠨ ᠲᠥᠯᠦᠪᠵᠢᠭᠦᠯᠭᠡ᠎ᠶᠢᠨ 《 ᠨᠢᠭᠡ ᠯᠡ ᠵᠢᠷᠤᠭ 》᠎ᠲᠤ ᠣᠷᠣᠭᠤᠯᠬᠤ ᠰᠢᠢᠳᠪᠦᠷᠢᠲᠦ ᠪᠣᠳᠣᠯᠭ᠎ᠠ᠎ᠶᠢᠨ ᠪᠠᠢᠷᠢᠯᠠᠭᠤᠯᠤᠯᠲᠠ᠎ᠳᠦ ᠨᠢᠭᠡᠳᠦᠯᠲᠡᠢ ᠲᠥᠯᠥᠪᠯᠡᠨ ᠣᠷᠣᠭᠤᠯᠵᠤ ᠂ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠬᠦᠴᠦᠨ ᠴᠢᠳᠠᠪᠤᠷᠢ᠎ᠶᠢ ᠳᠡᠭᠡᠭᠰᠢᠯᠡᠭᠦᠯᠦᠨ᠂ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ᠎ᠶᠢᠨ ᠪᠣᠬᠢᠷᠲᠤᠯ᠎ᠤᠨ ᠲᠦᠭᠰᠢᠭᠦᠷᠢ᠎ᠶᠢ ᠰᠡᠷᠭᠡᠢᠯᠡᠵᠦ ᠂ ᠮᠠᠨ᠎ᠤ ᠣᠷᠣᠨ᠎ᠤ ᠭᠣᠣᠯᠳᠠᠯᠭ᠎ᠠ᠎ᠲᠠᠢ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠠᠮᠤᠷ ᠲᠦᠪᠰᠢᠨ᠎ᠦ ᠠᠰᠢᠭ᠍ᠯᠠᠯᠲᠠ᠎ᠶᠢᠨ ᠨᠣᠷᠮ᠎ᠠ᠎ᠶᠢ ᠪᠦᠲᠦᠮᠵᠢᠲᠡᠶ ᠪᠠᠲᠤᠯᠠᠭ᠎ᠠ᠎ᠶᠢ ᠦᠨᠡᠨ ᠬᠦ᠌ ᠪᠠᠲᠤᠯᠠᠬᠤ᠎ᠶᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠬᠢᠭᠡᠳ ᠬᠥᠷᠥᠰᠥ ᠰᠢᠷᠣᠢ᠎ᠶᠢᠨ ᠠᠮᠢ ᠠᠬᠤᠢ ᠣᠷᠴᠢᠨ ᠲᠣᠭᠣᠷᠢᠨ᠎ᠤ ᠮᠡᠷᠭᠡᠵᠢᠯ᠎ᠦᠨ ᠲᠥᠪ ᠨᠢ ᠲᠣᠭ᠎ᠠ ᠪᠠᠷᠢᠮᠲᠠ᠎ᠶᠢᠨ ᠪᠠᠷᠢᠮᠵᠢᠶ᠎ᠠ᠎ᠶᠢ ᠴᠢᠩᠭ᠎ᠠ ᠬᠡᠷᠡᠭᠵᠢᠭᠦᠯᠬᠦ ᠂ ᠬᠢᠨᠠᠨ ᠬᠠᠷᠭᠤᠭᠤᠯᠬᠤ ᠶᠠᠪᠤᠴᠠ᠎ᠶᠢ ᠵᠢᠷᠤᠮᠵᠢᠭᠤᠯᠬᠤ ᠂ ᠰᠠᠯᠠᠭ᠎ᠠ ᠮᠥᠴᠢᠷ᠎ᠦᠨ ᠬᠠᠮᠵᠢᠯᠴᠠᠬᠤ ᠠᠷᠭ᠎ᠠ ᠮᠠᠶᠢᠭ᠋᠎ᠢ ᠴᠢᠩᠭᠠᠷᠠᠭᠤᠯᠬᠤ᠎ᠪᠠᠷ ᠳᠠᠮᠵᠢᠭᠤᠯᠤᠨ ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ ᠳ᠋ᠦ᠍ᠨᠢ ᠬᠡᠷᠡᠭᠯᠡᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠰᠢᠷᠣᠢ᠎ᠶᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠣᠭ᠎ᠠ ᠪᠠᠷᠢᠮᠲᠠ᠎ᠶᠢ ᠡᠮᠬᠢᠯᠡᠨ ᠨᠡᠢᠯᠡᠭᠦᠯᠬᠦ ᠠᠵᠢᠯ᠎ᠢ ᠠᠬᠢᠭᠤᠯᠵᠤ ᠂ ᠲᠣᠭ᠎ᠠ ᠪᠠᠷᠢᠮᠲᠠ᠎ᠶᠢᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ᠎ᠢ ᠦᠨᠡᠨ ᠬᠦ᠌ ᠪᠠᠲᠤᠯᠠᠪᠠ ᠃ ᠨᠢᠭᠡ᠎ᠳᠦ ᠂ ᠰᠢᠰᠲᠧᠮᠲᠦ ᠬᠠᠮᠢᠶᠠᠷᠤᠯᠲᠠ᠎ᠶᠢ ᠴᠢᠩᠭᠠᠳᠬᠠᠨ᠎ᠠ᠃ 《 〈 ᠪᠥᠬᠥ ᠤᠯᠤᠰ᠎ᠤᠨ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ᠎ᠶᠢᠨ ᠣᠷᠴᠢᠨ ᠲᠣᠭᠣᠷᠢᠨ᠎ᠤ ᠬᠠᠮᠢᠶᠠᠷᠤᠯᠲᠠ᠎ᠶᠢᠨ ᠮᠡᠳᠡᠭᠡ ᠵᠠᠩᠭᠢ᠎ᠶᠢᠨ ᠰᠢᠰᠲᠧᠮ ︱ ᠬᠡᠰᠡᠭ ᠭᠠᠵᠠᠷ᠎ᠢ ᠨᠡᠭᠡᠭᠡᠨ ᠠᠰᠢᠭ᠍ᠯᠠᠬᠤ ᠬᠡᠰᠡᠭ 〉᠎ᠤᠨ ᠬᠠᠮᠢᠶᠠᠷᠤᠯᠲᠠ ᠬᠡᠷᠡᠭᠯᠡᠯᠲᠡ᠎ᠶᠢ ᠴᠢᠩᠭᠠᠳᠬᠠᠬᠤ ᠲᠤᠬᠠᠢ ᠮᠡᠳᠡᠭᠳᠡᠯ 》᠎ᠢ ᠲᠣᠭᠲᠠᠭᠠᠵᠤ ᠂ ᠰᠢᠰᠲᠧᠮ᠎ᠦᠨ ᠠᠵᠢᠯᠯᠠᠭᠠᠨ᠎ᠤ ᠶᠠᠪᠤᠴᠠ᠎ᠶᠢ ᠵᠢᠷᠤᠮᠵᠢᠭᠤᠯᠤᠨ ᠂ ᠠᠢᠮᠠᠭ ᠬᠣᠲᠠ᠎ᠶᠢᠨ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠦᠨ ᠲᠣᠭ᠎ᠠ ᠪᠠᠷᠢᠮᠲᠠ ᠣᠷᠣᠭᠤᠯᠬᠤ ᠬᠠᠷᠢᠭᠤᠴᠠᠯᠭ᠎ᠠ᠎ᠶᠢ ᠲᠣᠳᠣᠷᠬᠠᠢᠯᠠᠵᠤ ᠂ 《 ᠨᠢᠭᠡ ᠭᠠᠵᠠᠷ ᠨᠢᠭᠡ ᠲᠠᠩᠰᠠ ᠡᠪᠬᠡᠮᠡᠯ 》᠎ᠤᠨ ᠨᠠᠷᠢᠯᠢᠭ᠋ ᠣᠨᠣᠴᠠᠲᠠᠢ ᠬᠠᠮᠢᠶᠠᠷᠤᠯᠲᠠ᠎ᠶᠢ ᠦᠨᠡᠨ ᠬᠦ᠌ ᠪᠠᠲᠤᠯᠠᠨ᠎ᠠ ᠃ ᠬᠣᠶᠠᠷ᠎ᠲᠤ ᠂ ᠲᠣᠭ᠎ᠠ ᠪᠠᠷᠢᠮᠲᠠ᠎ᠶᠢ ᠬᠢᠨᠠᠨ ᠬᠠᠷᠭᠤᠭᠤᠯᠬᠤ᠎ᠶᠢ ᠴᠢᠩᠭᠠᠳᠬᠠᠨ᠎ᠠ᠃ 《 ᠭᠠᠵᠠᠷ ᠰᠢᠷᠣᠢ᠎ᠶᠢ ᠨᠡᠭᠡᠭᠡᠨ ᠠᠰᠢᠭ᠍ᠯᠠᠬᠤ ᠬᠡᠰᠡᠭ᠎ᠦᠨ ᠪᠣᠶ ᠪᠦᠬᠦᠢ ᠲᠣᠭ᠎ᠠ ᠪᠠᠷᠢᠮᠲᠠ᠎ᠶᠢ ᠪᠥᠬᠥ ᠲᠠᠯ᠎ᠠ᠎ᠪᠠᠷ ᠬᠢᠨᠠᠨ ᠬᠠᠷᠭᠤᠭᠤᠯᠵᠤ ᠬᠠᠷᠭᠤᠭᠤᠯᠤᠨ ᠰᠢᠯᠭᠠᠬᠤ ᠠᠵᠢᠯ᠎ᠢ ᠥᠷᠨᠢᠭᠦᠯᠬᠦ ᠲᠤᠬᠠᠢ ᠮᠡᠳᠡᠭᠳᠡᠯ 》᠎ᠢ ᠲᠣᠭᠲᠠᠭᠠᠵᠤ ᠂ 《 ᠠᠢᠮᠠᠭ ᠬᠣᠲᠠ᠎ᠶᠢᠨ ᠥᠪᠡᠰᠦᠪᠡᠨ ᠪᠠᠢᠴᠠᠭᠠᠬᠤ ︱ ᠥᠪᠡᠷᠲᠡᠭᠡᠨ ᠵᠠᠰᠠᠬᠤ ᠣᠷᠣᠨ᠎ᠤ ᠳᠠᠬᠢᠨ ᠬᠢᠨᠠᠬᠤ 》 ᠬᠣᠣᠰ ᠲᠠᠰ᠎ᠤᠨ ᠬᠠᠷᠭᠤᠭᠤᠯᠤᠨ ᠰᠢᠯᠭᠠᠬᠤ ᠲᠣᠭᠲᠠᠴᠠ ᠪᠠ ᠲᠣᠭ᠎ᠠ ᠪᠠᠷᠢᠮᠲᠠ᠎ᠶᠢ ᠤᠯᠠᠷᠢᠯ᠎ᠢᠶᠠᠷ ᠰᠢᠨᠡᠳᠬᠡᠬᠦ ᠲᠣᠭᠲᠠᠴᠠ᠎ᠶᠢ ᠪᠠᠢᠭᠤᠯᠤᠨ᠎ᠠ ᠃ ᠣᠲᠣ᠌ ᠪᠣᠯᠲᠠᠯ᠎ᠠ ᠂ ᠨᠡᠶ᠋ᠢᠲᠡ 3 ᠡᠭᠡᠯᠵᠢ᠎ᠶᠢᠨ ᠲᠣᠭ᠎ᠠ ᠪᠠᠷᠢᠮᠲᠠ᠎ᠶᠢᠨ ᠬᠠᠷᠢᠴᠠᠭᠤᠯᠤᠯ᠎ᠢ ᠥᠷᠨᠢᠭᠦᠯᠵᠦ ᠂ ᠵᠥᠷᠢᠶ᠎ᠡ᠎ᠶᠢᠨ ᠣᠷᠣᠨ ᠵᠠᠢ᠎ᠶᠢᠨ ᠴᠢᠭᠯᠡᠯᠲᠦ ᠬᠡᠮᠵᠢᠭᠳᠡᠬᠦᠨ᠎ᠳᠦ ᠵᠠᠰᠠᠪᠤᠷᠢ ᠣᠷᠣᠭᠤᠯᠵᠤ ᠂ ᠲᠦᠭᠰᠢᠭᠦᠷᠢ᠎ᠶᠢ ᠬᠠᠮᠢᠶᠠᠷᠤᠨ ᠡᠵᠡᠮᠳᠡᠬᠦ ᠮᠡᠳᠡᠭᠡ ᠵᠠᠩᠭᠢ᠎ᠶᠢ ᠲᠡᠭᠦᠯᠳᠡᠷᠵᠢᠭᠦᠯᠦᠨ ᠂ ᠲᠣᠭ᠎ᠠ ᠪᠠᠷᠢᠮᠲᠠ᠎ᠶᠢᠨ ᠦᠨᠡᠨ ᠪᠣᠳᠠᠲᠠᠢ ᠪᠥᠭᠡᠳ ᠨᠠᠢᠳᠠᠪᠤᠷᠢᠲᠠᠢ ᠪᠠᠢᠬᠤ᠎ᠶᠢ ᠦᠨᠡᠨ ᠬᠦ᠌ ᠪᠠᠲᠤᠯᠠᠪᠠ ᠃ ᠭᠤᠷᠪᠠ᠎ᠳᠤ᠂ ᠰᠠᠯᠠᠭ᠎ᠠ ᠮᠥᠴᠢᠷ᠎ᠦᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠨ᠎ᠠ᠃ ᠲᠤᠰᠬᠠᠢ ᠱᠤᠭᠤᠮ᠎ᠢᠶᠠᠷ ᠵᠣᠯᠭᠠᠭᠤᠯᠬᠤ ᠠᠷᠭ᠎ᠠ ᠮᠠᠶᠢᠭ᠋᠎ᠢᠶᠠᠷ ᠳᠠᠮᠵᠢᠭᠤᠯᠤᠨ ᠪᠠᠢᠭᠠᠯᠢ᠎ᠶᠢᠨ ᠡᠬᠢ ᠪᠠᠶᠠᠯᠢᠭ᠋᠎ᠤᠨ ᠰᠠᠯᠠᠭ᠎ᠠ ᠮᠥᠴᠢᠷ ᠯᠦ᠍ᠭᠡ ᠲᠣᠭ᠎ᠠ ᠪᠠᠷᠢᠮᠲᠠ᠎ᠶᠢᠨ ᠰᠣᠯᠢᠯᠴᠠᠭᠠᠨ᠎ᠤ ᠨᠡᠪᠲᠡᠷᠡᠬᠦ ᠵᠠᠮ᠎ᠢ ᠪᠠᠢᠭᠤᠯᠵᠤ ᠂ ᠣᠳᠣᠬᠠᠨ᠎ᠳᠤ ᠨᠢᠭᠡᠨᠲᠡ ᠪᠥᠬᠥ ᠣᠷᠣᠨ᠎ᠤ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ᠎ᠤᠨ ᠬᠥᠷᠥᠰᠥ ᠰᠢᠷᠣᠢ᠎ᠶᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠣᠭ᠎ᠠ ᠪᠠᠷᠢᠮᠲᠠ᠎ᠶᠢ ᠬᠦᠷᠭᠡᠬᠦ ᠠᠵᠢᠯ᠎ᠢ ᠤᠷᠤᠭᠰᠢᠲᠠᠢ ᠪᠡᠶᠡᠯᠡᠭᠦᠯᠵᠦ ᠂ ᠬᠣᠢᠰᠢᠳᠠ ᠲᠣᠭ᠎ᠠ ᠪᠠᠷᠢᠮᠲᠠ᠎ᠶᠢ ᠬᠦᠷᠭᠡᠵᠦ ᠬᠠᠷᠢᠭᠤ ᠲᠤᠰᠬᠠᠬᠤ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠠᠯᠬᠤᠮ ᠠᠯᠬᠤᠮ᠎ᠢᠶᠠᠷ ᠪᠠᠢᠭᠤᠯᠤᠨ᠎ᠠ ᠃
ᠳᠠᠷᠠᠭᠠᠴᠢ᠎ᠶᠢᠨ ᠠᠯᠬᠤᠮ᠎ᠳᠤ ᠂ ᠮᠠᠨ᠎ᠤ ᠲᠥᠪ᠎ᠦᠨ ᠬᠢᠨ ᠲᠤᠰ ᠤᠳᠠᠭᠠᠨ᠎ᠤ ᠲᠣᠭ᠎ᠠ ᠪᠠᠷᠢᠮᠲᠠ᠎ᠶᠢ ᠡᠮᠬᠢᠯᠡᠨ ᠨᠡᠢᠯᠡᠭᠦᠯᠬᠦ᠎ᠪᠡᠷ ᠠᠵᠠ ᠲᠣᠬᠢᠶᠠᠯ ᠪᠣᠯᠭᠠᠵᠤ ᠂ ᠬᠥᠷᠥᠰᠥ ᠰᠢᠷᠣᠢ᠎ᠶᠢᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠢ ᠨᠠᠷᠢᠯᠢᠭ᠍ᠵᠢᠭᠤᠯᠬᠤ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ ᠂ ᠲᠡᠷᠢᠭᠦᠨ᠎ᠦ ᠭᠠᠵᠠᠷ ᠣᠷᠣᠨ᠎ᠤ ᠲᠤᠷᠰᠢᠯᠭ᠎ᠠ᠎ᠪᠠᠷ ᠲᠣᠯᠢ ᠪᠣᠯᠭᠠᠵᠤ ᠂ ᠲᠣᠭ᠎ᠠ ᠪᠠᠷᠢᠮᠲᠠ᠎ᠶᠢ ᠴᠠᠭ ᠲᠤᠬᠠᠢ ᠳ᠋ᠤᠨᠢ ᠰᠣᠯᠢᠯᠴᠠᠬᠤ᠎ᠶᠢ ᠰᠦᠪᠡᠭᠴᠢᠯᠡᠨ ᠪᠡᠶᠡᠯᠡᠭᠦᠯᠵᠦ ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠲᠠᠪᠴᠠᠩ ᠯᠤᠭ᠎ᠠ ᠵᠣᠯᠭᠠᠭᠤᠯᠬᠤ᠎ᠶᠢ ᠠᠬᠢᠭᠤᠯᠤᠨ ᠂ ᠪᠥᠬᠥ ᠣᠷᠣᠨ᠎ᠢ ᠬᠠᠮᠤᠷᠤᠭᠰᠠᠨ ᠬᠥᠷᠥᠰᠥ ᠰᠢᠷᠣᠢ᠎ᠶᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠲᠣᠭ᠎ᠠ ᠪᠠᠷᠢᠮᠲᠠ᠎ᠶᠢ ᠬᠥᠳᠡᠯᠦᠩᠭᠦᠢ᠎ᠪᠡᠷ ᠰᠢᠨᠡᠳᠬᠡᠬᠦ ᠰᠢᠰᠲᠧᠮᠵᠢ᠎ᠶᠢ ᠪᠠᠢᠭᠤᠯᠵᠤ ᠂ ᠰᠢᠨᠵᠢᠯᠡᠬᠦ ᠤᠬᠠᠭᠠᠨᠴᠢ ᠪᠥᠭᠡᠳ ᠨᠠᠢᠳᠠᠪᠤᠷᠢᠲᠠᠢ ᠮᠡᠷᠭᠡᠵᠢᠯ᠎ᠦᠨ ᠲᠤᠯᠭᠠᠭᠤᠷᠢᠯᠠᠯ᠎ᠢᠶᠠᠷ ᠥᠪᠡᠷᠲᠡᠭᠡᠨ ᠵᠠᠰᠠᠬᠤ ᠣᠷᠣᠨ᠎ᠤ ᠬᠥᠷᠥᠰᠥ ᠰᠢᠷᠣᠢ᠎ᠶᠢᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯ᠎ᠳᠤ ᠬᠦᠴᠦᠨ ᠨᠡᠮᠡᠷᠢᠯᠡᠵᠦ ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠡᠬᠢᠵᠢᠭᠦᠯᠬᠦ᠎ᠳᠦ ᠬᠦᠴᠦᠨ ᠴᠢᠳᠠᠯ᠎ᠢᠶᠠᠨ ᠡᠷᠭᠦᠨ᠎ᠡ ᠃