ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠬᠥᠷᠥᠰᠥ᠍ ᠰᠢᠷᠣᠢ ᠪᠠ ᠰᠠᠴᠤᠷᠠᠭ
《 ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠭᠰᠠᠨ ᠦᠷ᠎ᠡ ᠪᠦᠲᠦᠮᠵᠢ᠎ᠶᠢ ᠦᠨᠡᠯᠡᠨ ᠲᠣᠭᠲᠠᠭᠠᠬᠤ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) ( ᠰᠠᠨᠠᠯ ᠬᠤᠷᠢᠶᠠᠬᠤ ᠨᠣᠣᠷᠠᠭ )》᠎ᠳᠤ ᠰᠠᠨᠠᠯ ᠬᠤᠷᠢᠶᠠᠬᠤ ᠲᠤᠬᠠᠢ ᠵᠠᠬᠢᠳᠠᠯ
ᠨᠡᠶ᠋ᠢᠲᠡᠯᠡᠭᠰᠡᠨ ᠴᠠᠭ᠄ 2025-08-29

ᠡᠯ᠎ᠡ ᠬᠠᠮᠢᠶ᠎ᠠ ᠪᠦᠬᠦᠢ ᠨᠢᠭᠡᠴᠢ᠄
      ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠬᠤ ᠦᠷ᠎ᠡ ᠪᠦᠲᠦᠮᠵᠢ᠎ᠶᠢ ᠦᠨᠡᠯᠡᠨ ᠵᠢᠱ᠌ᠢᠬᠦ᠎ᠶᠢ ᠵᠢᠷᠤᠮᠵᠢᠭᠤᠯᠵᠤ᠂ ᠲᠠᠷᠢᠶᠠᠯᠠᠩ᠎ᠤᠨ ᠪᠣᠬᠢᠷᠲᠤᠯ ᠦᠭᠡᠢ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠲᠥᠯᠥᠭᠡ᠂ ᠮᠠᠨ᠎ᠤ ᠲᠢᠩᠬᠢᠮ᠎ᠡᠴᠡ 《 ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠭᠰᠠᠨ ᠦᠷ᠎ᠡ ᠪᠦᠲᠦᠮᠵᠢ᠎ᠶᠢ ᠦᠨᠡᠯᠡᠨ ᠲᠣᠭᠲᠠᠭᠠᠬᠤ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) ( ᠰᠠᠨᠠᠯ ᠬᠤᠷᠢᠶᠠᠬᠤ ᠨᠣᠣᠷᠠᠭ ) 》᠎ᠢ ᠵᠣᠬᠢᠶᠠᠨ ᠪᠠᠢᠭᠤᠯᠤᠨ ᠲᠤᠭᠤᠷᠪᠢᠵᠤ ᠂ ᠣᠷᠣᠨ ᠨᠤᠲᠤᠭ᠎ᠤᠨ ᠪᠠᠷᠢᠮᠵᠢᠶ᠎ᠠ᠎ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ᠎ᠤᠨ ᠵᠢᠷᠤᠮ᠎ᠤᠨ ᠱᠠᠭᠠᠷᠳᠠᠯᠭ᠎ᠠ᠎ᠶᠢ ᠦᠨᠳᠦᠰᠦᠯᠡᠨ᠂ ᠡᠳᠦᠭᠡ ᠬᠠᠮᠢᠶ᠎ᠠ ᠪᠦᠬᠦᠢ ᠨᠢᠭᠡᠴᠢ᠎ᠡᠴᠡ ᠢᠯᠡ᠎ᠪᠡᠷ ᠰᠠᠨᠠᠯ ᠬᠤᠷᠢᠶᠠᠵᠤ ᠪᠠᠢᠨ᠎ᠠ᠂ 2025 ᠣᠨ᠎ᠤ 9 ᠰᠠᠷ᠎ᠠ᠎ᠶᠢᠨ 30᠎ᠤ ᠡᠳᠦᠷ᠎ᠡᠴᠡ ᠡᠮᠦᠨ᠎ᠡ ᠵᠠᠰᠠᠪᠤᠷᠢ ᠣᠷᠣᠭᠤᠯᠤᠭᠰᠠᠨ ᠰᠠᠨᠠᠯ᠎ᠢᠶᠠᠨ ᠮᠠᠨ᠎ᠤ ᠲᠢᠩᠬᠢᠮ᠎ᠦᠨ ᠬᠥᠷᠥᠰᠥ ᠰᠢᠷᠣᠢ᠎ᠶᠢᠨ ᠠᠮᠢ ᠠᠬᠤᠢ ᠣᠷᠴᠢᠨ ᠲᠣᠭᠣᠷᠢᠨ᠎ᠤ ᠭᠠᠵᠠᠷ᠎ᠲᠤ ᠬᠠᠷᠢᠭᠤ ᠲᠤᠰᠬᠠᠵᠤ᠂ ᠡᠯᠧᠺᠲᠷᠣᠨ ᠬᠡᠪᠯᠡᠯ᠎ᠢ ᠬᠠᠷᠢᠯᠴᠠᠬᠤ ᠬᠥᠮᠥᠨ᠎ᠦ ᠢᠮᠧᠯ᠎ᠳᠦ ᠵᠡᠷᠭᠡ᠎ᠪᠡᠷ ᠶᠠᠪᠤᠭᠤᠯᠤᠭᠠᠷᠠᠢ᠂ ᠬᠤᠭᠤᠴᠠᠭ᠎ᠠ᠎ᠠᠴᠠ ᠬᠡᠲᠦᠷᠡᠪᠡᠯ ᠰᠠᠨᠠᠯ ᠦᠭᠡᠢ᠎ᠪᠡᠷ ᠦᠵᠡᠨ᠎ᠡ᠃
      ᠬᠠᠷᠢᠯᠴᠠᠬᠤ ᠬᠥᠮᠥᠨ ᠄ ᠦ᠋ ᠽᠧ ᠮᠢᠩ
      ᠬᠠᠷᠢᠯᠴᠠᠬᠤ ᠬᠡᠯᠪᠡᠷᠢ ᠄ 0471-4632463
      ᠢᠮᠧᠯ ᠄ nmgsthjttrc@163.com
      ᠳᠠᠭᠠᠯᠳᠤᠭᠤᠯᠤᠯ ᠄ 1. ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠢᠯᠡᠨ ᠵᠠᠰᠠᠭᠰᠠᠨ ᠦᠷ᠎ᠡ ᠪᠦᠲᠦᠮᠵᠢ᠎ᠶᠢ ᠦᠨᠡᠯᠡᠨ ᠲᠣᠭᠲᠠᠭᠠᠬᠤ ᠮᠡᠷᠭᠡᠵᠢᠯ᠎ᠦᠨ ᠵᠢᠷᠤᠮᠵᠢᠯ ( ᠲᠤᠷᠰᠢᠨ ᠬᠡᠷᠡᠭᠵᠢᠭᠦᠯᠬᠦ ) ( ᠰᠠᠨᠠᠯ ᠬᠤᠷᠢᠶᠠᠬᠤ ᠨᠣᠣᠷᠠᠭ )
                       2 . ᠣᠷᠣᠨ ᠲᠣᠭᠠᠨ᠎ᠤ ᠲᠣᠳᠣᠷᠬᠠᠢᠯᠠᠯᠲᠠ

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ
                        2025 ᠣᠨ᠎ᠤ 8 ᠰᠠᠷ᠎ᠠ᠎ᠶᠢᠨ 29᠎ᠤ ᠡᠳᠦᠷ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号