ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ᠎ᠤ ᠨᠡᠶ᠋ᠢᠲᠡᠯᠡᠭᠰᠡᠨ 《ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠪᠠᠷᠢᠮᠵᠢᠶ᠎ᠠ》 (GB 3095-2012)᠎ᠳᠤ ᠵᠠᠰᠠᠪᠤᠷᠢ ᠣᠷᠣᠭᠤᠯᠤᠭᠰᠠᠨ ᠬᠠᠭᠤᠳᠠᠰᠤ ᠵᠢ ᠤᠯᠠᠮᠵᠢᠯᠠᠨ ᠲᠠᠷᠬᠠᠭ᠋ᠠᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2018-09-20

      《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠤᠯᠢ》 ᠪᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》᠎ᠢ ᠲᠤᠭᠤᠰᠢᠯᠠᠭᠤᠯᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠵᠤ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠨ ᠰᠠᠶ᠋ᠢᠵᠢᠷᠠᠭᠤᠯᠵᠤ᠂ ᠬᠥᠮᠦᠨ᠎ᠤ ᠪᠡᠶ᠎ᠡ ᠵᠢᠨ ᠡᠷᠡᠭᠦᠯ ᠮᠡᠨᠳᠦ ᠵᠢ ᠪᠠᠲᠤᠯᠠᠵᠤ᠂ ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠷᠢᠮᠵᠢᠶ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠬᠦ ᠵᠢᠨ ᠲᠥᠯᠥᠭᠡ᠂ ᠡᠳᠦᠭᠡ 《ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠪᠠᠷᠢᠮᠵᠢᠶ᠎ᠠ》 (GB 3095-2012) ᠵᠢᠨ ᠵᠠᠰᠠᠪᠤᠷᠢ ᠣᠷᠣᠭᠤᠯᠤᠭᠰᠠᠨ ᠬᠠᠭᠤᠳᠠᠰᠤ ᠵᠢ ᠵᠥᠪᠰᠢᠶᠡᠷᠡᠬᠦ ᠵᠢᠨ ᠬᠠᠮᠲᠤ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠭᠡᠳ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠎ᠠᠴᠠ ᠬᠠᠮᠲᠤᠷᠠᠨ ᠨᠡᠢ᠌ᠲᠡᠯᠡᠪᠡ᠃
      ᠲᠤᠰ ᠪᠠᠷᠢᠮᠵᠢᠶ᠎ᠠ᠎ᠳᠤ ᠵᠠᠰᠠᠪᠤᠷᠢ ᠣᠷᠣᠭᠤᠯᠤᠭᠰᠠᠨ ᠬᠠᠭᠤᠳᠠᠰᠤ ᠵᠢ 2018 ᠣᠨ᠎ᠤ 9 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
      ᠡᠭᠦᠨ᠎ᠤ ᠲᠤᠯᠠ ᠣᠨᠴᠣᠭᠣᠶ᠋ᠢᠯᠠᠨ ᠵᠠᠷᠯᠠᠪᠠ᠃
     (ᠲᠤᠰ ᠠᠯᠪᠠᠨ ᠵᠠᠷ᠎ᠲᠤ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠲᠢᠶᠠᠨ ᠱ᠌ᠢ ᠬᠣᠩ᠎ᠯᠤᠭ᠎ᠠ ᠬᠠᠮᠲᠤᠷᠠᠨ ᠭᠠᠷ᠎ᠤᠨ ᠦᠰᠦᠭ ᠵᠢᠷᠤᠪᠠ)
      ᠳᠠᠭ᠋ᠠᠯᠳᠤᠭᠤᠯᠤᠯ᠄ 《ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠪᠠᠷᠢᠮᠵᠢᠶ᠎ᠠ》 (GB 3095-2012) ᠵᠢᠨ ᠵᠠᠰᠠᠪᠤᠷᠢ ᠣᠷᠣᠭᠤᠯᠤᠭᠰᠠᠨ ᠬᠠᠭᠤᠳᠠᠰᠤ

      ᠠᠮᠢ ᠠᠬᠤᠶ ᠣᠷᠴᠢᠨ ᠲᠣᠭᠣᠷᠢᠨ᠎ᠤ ᠶᠠᠮᠤᠨ
     2018 ᠣᠨ᠎ᠤ 8 ᠰᠠᠷ᠎ᠠ ᠵᠢᠨ 13᠎ᠤ ᠡᠳᠦᠷ

      ᠬᠠᠭᠤᠯᠤᠨ ᠬᠦᠷᠭᠡᠬᠦ᠄ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠲᠢᠩᠬᠢᠮ (ᠲᠣᠪᠴᠢᠶ᠎ᠠ)᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠯᠲᠠ ᠬᠡᠮᠵᠢᠯᠲᠡ ᠵᠢᠨ ᠶᠡᠷᠦᠩᠬᠡᠶ ᠥᠷᠲᠡᠭᠡ᠂ ᠣᠷᠴᠢᠨ ᠠᠬᠤᠶ ᠵᠢᠨ ᠪᠠᠷᠢᠮᠵᠢᠶ᠎ᠠ ᠰᠤᠳᠤᠯᠬᠤ ᠭᠠᠵᠠᠷ᠃
      ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠠᠯᠪᠠᠨ ᠲᠢᠩᠬᠢᠮ 2018 ᠣᠨ᠎ᠤ 8 ᠳ᠋ᠤᠭ᠋ᠠᠷ ᠰᠠᠷ᠎ᠠ 14᠎ᠤ ᠡᠳᠦᠷ ᠳᠠᠷᠤᠮᠠᠯᠯᠠᠨ ᠲᠠᠷᠬᠠᠭ᠋ᠠᠪᠠ

      ᠳᠠᠭ᠋ᠠᠯᠳᠤᠭᠤᠯᠤᠯ᠄

     《ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠪᠠᠷᠢᠮᠵᠢᠶ᠎ᠠ》 (GB 3095-2012) ᠵᠢᠨ ᠵᠠᠰᠠᠪᠤᠷᠢ ᠣᠷᠣᠭᠤᠯᠤᠭᠰᠠᠨ ᠬᠠᠭᠤᠳᠠᠰᠤ
     3.14 《ᠪᠠᠷᠢᠮᠵᠢᠶᠠᠲᠤ ᠪᠠᠢ᠌ᠳᠠᠯ standard state ᠵᠢᠨ ᠳᠤᠯᠠᠭ᠋ᠠᠨ᠎ᠤ ᠬᠡᠮᠵᠢᠶ᠎ᠡ ᠭᠡᠳᠡᠭ᠎ᠨᠢ 273K ᠳᠤᠯᠠᠭ᠋ᠠᠨ᠎ᠤ ᠬᠡᠮᠵᠢᠶ᠎ᠡ᠎ᠲᠠᠢ᠂ ᠳᠠᠷᠤᠯᠲᠠ᠎ᠨᠢ 101.325 kPa ᠦᠶ᠎ᠡ ᠵᠢᠨ ᠪᠠᠶ᠋ᠢᠳᠠᠯ᠎ᠢ ᠵᠢᠭ᠋ᠠᠵᠤ ᠪᠣᠢ᠃ ᠲᠤᠰ ᠪᠠᠷᠢᠮᠵᠢᠶ᠎ᠠ ᠳᠣᠲᠣᠷᠠᠬᠢ ᠪᠣᠬᠢᠷᠲᠤᠭᠤᠯᠬᠤ ᠪᠣᠳᠠᠰ᠎ᠤᠨ ᠥᠳᠬᠡᠴᠡ᠎ᠨᠢ ᠴᠥᠮ ᠪᠠᠷᠢᠮᠵᠢᠶᠠᠲᠤ ᠪᠠᠶ᠋ᠢᠳᠠᠯ ᠳᠣᠣᠷᠠᠬᠢ ᠥᠳᠬᠡᠴᠡ ᠪᠣᠯᠣᠨ᠎ᠠ》 ᠭᠡᠰᠡᠨ᠎ᠢ ᠳᠣᠣᠷᠠᠬᠢ ᠮᠡᠲᠦ ᠵᠠᠰᠠᠪᠤᠷᠢ ᠣᠷᠣᠭᠤᠯᠪᠠ᠄ 《ᠬᠠᠷᠢᠴᠠᠭᠤᠯᠬᠤ ᠪᠠᠶ᠋ᠢᠳᠠᠯ reference state   ᠭᠡᠳᠡᠭ᠎ᠨᠢ ᠠᠭ᠋ᠠᠷ ᠮᠠᠨᠳᠠᠯ᠎ᠤᠨ ᠳᠤᠯᠠᠭ᠋ᠠᠨ᠎ᠤ ᠬᠡᠮᠵᠢᠶ᠎ᠡ᠎ᠨᠢ 298.15 K᠂ ᠠᠭ᠋ᠠᠷ ᠮᠠᠨᠳᠠᠯ᠎ᠤᠨ ᠳᠠᠷᠤᠯᠲᠠ᠎ᠨᠢ 1013.25 hPa ᠦᠶ᠎ᠡ ᠵᠢᠨ ᠪᠠᠶ᠋ᠢᠳᠠᠯ᠎ᠢ ᠵᠢᠭ᠋ᠠᠵᠤ ᠪᠣᠢ᠃ ᠲᠤᠰ ᠪᠠᠷᠢᠮᠵᠢᠶ᠎ᠠ ᠳᠣᠲᠣᠷᠠᠬᠢ ᠬᠦᠬᠦᠷ᠎ᠤᠨ ᠳᠠᠪᠬᠤᠷ ᠢᠰᠦᠯ᠂ ᠠᠽᠣᠲ᠎ᠤᠨ ᠳᠠᠪᠬᠤᠷ ᠢᠰᠦᠯ᠂ ᠨᠡᠭᠦᠷᠡᠰᠦᠲᠥ᠋ᠷᠥᠭᠴᠢ ᠵᠢᠨ ᠳᠠᠩ ᠢᠰᠦᠯ᠂ ᠣᠽᠣᠨ᠂ ᠠᠽᠣᠲ᠎ᠤᠨ ᠢᠰᠦᠯ ᠵᠡᠷᠭᠡ ᠬᠡᠢ ᠪᠡᠶᠡᠲᠦ ᠪᠣᠬᠢᠷᠲᠤᠯ ᠪᠣᠳᠠᠰ᠎ᠤᠨ ᠥᠳᠬᠡᠴᠡ᠎ᠨᠢ ᠬᠠᠷᠢᠴᠠᠭᠤᠯᠤᠭᠴᠢ ᠪᠠᠶ᠋ᠢᠳᠠᠯ ᠳᠣᠣᠷᠠᠬᠢ ᠥᠳᠬᠡᠴᠡ ᠪᠣᠯᠣᠨ᠎ᠠ᠃   ᠮᠥᠬᠥᠯᠢᠭᠲᠦ ᠪᠣᠳᠠᠰ (ᠮᠥᠬᠥᠯᠢᠭ᠎ᠤᠨ ᠳ᠋ᠢᠶᠠᠮᠧᠲᠷ᠎ᠨᠢ 10 μm᠎ᠠᠴᠠ ᠪᠠᠭ᠎ᠠ ᠪᠤᠶᠤ ᠲᠡᠩᠴᠡᠭᠦᠦ)᠂   ᠮᠥᠬᠥᠯᠢᠭᠲᠦ ᠪᠣᠳᠠᠰ (ᠮᠥᠬᠥᠯᠢᠭ᠎ᠤᠨ ᠳ᠋ᠢᠶᠠᠮᠧᠲᠷ᠎ᠨᠢ 25μm)᠎ᠠᠴᠠ ᠪᠠᠭ᠎ᠠ᠂ ᠶᠡᠷᠦᠩᠬᠡᠢ ᠬᠥᠪᠦᠮᠡᠯ ᠮᠥᠬᠥᠯᠢᠭ ᠪᠣᠳᠠᠰ ᠵᠢᠴᠢ ᠲᠡᠭᠦᠨ᠎ᠤ ᠪᠦᠷᠢᠯᠳᠦᠬᠦᠨ ᠬᠠᠷ᠎ᠠ ᠲᠤᠭᠤᠯᠭ᠎ᠠ᠂ ᠪᠸᠨ᠋ᠽ [a] ᠫᠢᠷᠸᠨ ᠵᠡᠷᠭᠡ ᠥᠳᠬᠡᠴᠡ ᠭᠡᠳᠡᠭ᠎ᠨᠢ ᠬᠢᠨᠠᠨ ᠬᠡᠮᠵᠢᠬᠦ ᠦᠶᠡᠰ᠎ᠤᠨ ᠠᠭ᠋ᠠᠷ ᠮᠠᠨᠳᠠᠯ᠎ᠤᠨ ᠳᠤᠯᠠᠭ᠋ᠠᠨ᠎ᠤ ᠬᠡᠮᠵᠢᠶ᠎ᠡ ᠪᠠ ᠳᠠᠷᠤᠴᠠ ᠳᠣᠣᠷᠠᠬᠢ ᠥᠳᠬᠡᠴᠡ ᠪᠣᠯᠣᠨ᠎ᠠ》᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠦᠪᠡᠷᠳᠡᠭᠡᠨ ᠵᠠᠰᠠᠬᠤ ᠤᠷᠤᠨ᠎ᠤ ᠪᠠᠶ᠋ᠢᠴᠠᠭ᠋ᠠᠬᠤ ᠬᠣᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠠᠶᠤᠯ᠎ᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠪᠣᠬᠢᠷᠲᠤᠯ ᠭᠠᠳᠠᠭᠰᠢᠯᠠᠭᠤᠯᠬᠤ ᠭᠣᠤᠯᠳᠠᠯᠭ᠎ᠠ᠎ᠲᠠᠢ ᠨᠢᠭᠡᠴᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠤᠬᠢᠯᠳᠠ ᠦᠭᠬᠦ ᠬᠠᠮᠳᠤᠷᠠᠭᠰᠠᠨ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠨ᠂ ᠠᠬᠤᠢ ᠲᠠᠯᠠᠪᠠᠢ ᠵᠢᠨ ᠬᠠᠤᠯᠢ ᠬᠡᠷᠡᠭᠵᠢᠭᠦᠯᠦᠯᠲᠡ᠎ᠯᠦᠭᠡ ᠤᠷᠭ᠋ᠠᠨᠢᠭ ᠵᠶ᠋ᠠᠷ ᠵᠤᠯᠭ᠋ᠠᠭᠤᠯᠤᠨ ᠲᠤᠢ᠌ᠯ᠎ᠤᠨ ᠤᠨᠤᠪᠴᠢᠳᠠᠢ᠎ᠪᠠᠷ ᠬᠠᠤᠯᠢ ᠬᠡᠷᠡᠭᠵᠢᠭᠦᠯᠬᠦ᠎ᠪᠠᠷ ᠴᠢᠷᠮᠠᠢ᠌ᠵᠤ ᠪᠠᠢ᠌ᠨ᠎ᠠ
ᠤᠯᠠᠭ᠋ᠠᠨᠬᠠᠳᠠ ᠬᠣᠲᠠ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠨ ᠬᠦᠬᠢᠭᠦᠯᠬᠦ ᠵᠢ ᠬᠡᠷᠡᠭᠵᠢᠭᠦᠯᠬᠦ ᠵᠢᠨ ᠨᠠᠷᠢᠨ ᠲᠦᠷᠢᠮ᠎ᠢ ᠨᠡᠢ᠌ᠳᠡᠯᠡᠪᠡ
ᠬᠦᠨᠳᠦ ᠨᠠᠢ᠌ᠳᠠᠯᠭ᠎ᠠ ᠵᠢ ᠪᠠᠲᠤ ᠴᠡᠭᠡᠵᠢᠯᠡᠨ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠨ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ —  ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠠᠮᠲᠤᠷᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠂ ᠥᠪᠥᠷ ᠮᠣᠩᠭᠣᠯ᠎ᠤᠨ ᠪᠠᠶ᠋ᠢᠳᠠᠯ᠎ᠢ ᠣᠢ᠌ᠯᠠᠭ᠋ᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠴᠢ ᠲᠥᠪ᠎ᠤᠨ ᠣᠨ᠎ᠤ ᠳᠤᠮᠳᠠᠬᠢ ᠬᠢᠨᠠᠨ ᠰᠢᠯᠭ᠋ᠠᠯᠲᠠ ᠵᠢᠨ ᠬᠤᠷᠠᠯ ᠬᠤᠷᠠᠯᠳᠤᠭᠤᠯᠪᠠ
 
             蒙ICP备05000248号