ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠷᠢᠮᠵᠢᠶ᠎ᠠ 《ᠬᠡᠦᠷᠡᠰᠦ ᠪᠣᠯᠪᠠᠰᠤᠷᠠᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠧᠭᠨᠢᠭ ᠮᠡᠷᠭᠡᠵᠢᠯ᠎ᠤᠨ ᠬᠥᠲᠥᠯᠪᠦᠷᠢ (ᠰᠠᠨᠠᠯ ᠬᠤᠷᠢᠶᠠᠬᠤ ᠡᠬᠡ ᠨᠣᠣᠷᠠᠭ)》 ᠵᠢᠨ ᠲᠤᠬᠠᠶ ᠰᠠᠨᠠᠯ᠎ᠤᠨ ᠵᠠᠬᠢᠳᠠᠯ
ᠨᠡᠶ᠋ᠢᠲᠡᠯᠡᠭᠰᠡᠨ ᠴᠠᠭ᠄ 2018-09-20

ᠡᠯ᠎ᠡ ᠬᠠᠮᠢᠶ᠎ᠠ ᠪᠥᠬᠥᠶ ᠨᠢᠭᠡᠴᠡ᠎ᠳᠤ᠄
     《ᠪᠥᠬᠥᠳᠡ   ᠨᠠᠶ᠋ᠢᠷᠠᠮᠳᠠᠬᠤ   ᠳᠤᠮᠳᠠᠳᠤ   ᠠᠷᠠᠳ   ᠤᠯᠤᠰ᠎ᠤᠨ   ᠣᠷᠴᠢᠨ ᠲᠣᠭᠣᠷᠢᠨ᠎ᠢ ᠬᠠᠮᠠᠭ᠋ᠠᠯᠠᠬᠤ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》 ᠪᠣᠯᠤᠨ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》 ᠵᠡᠷᠭᠡ ᠬᠠᠤᠯᠢ ᠴᠠᠭ᠋ᠠᠵᠠ ᠵᠢ ᠲᠤᠭᠤᠰᠢᠯᠠᠭᠤᠯᠬᠤ ᠵᠢᠨ ᠲᠥᠯᠥᠭᠡ᠂ 《ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠬᠢᠵᠠᠭ᠋ᠠᠷᠯᠠᠬᠤ ᠵᠥᠪᠰᠢᠶᠡᠷᠡᠯ᠎ᠤᠨ ᠲᠦᠷᠢᠮ ᠬᠡᠷᠡᠭᠵᠢᠭᠦᠯᠬᠦ ᠲᠥᠰᠦᠪ᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ》 (ᠲᠥᠷᠥ ᠠᠯᠪᠠᠨ ᠲᠠᠷᠬᠠᠭ᠋ᠠᠭᠰᠠᠨ [2016] 81 ᠳ᠋ᠦ᠍ᠭᠡᠷ ᠲᠣᠭ᠋ᠠᠲᠤ)᠎ᠢ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠭᠠᠳᠠᠭᠰᠢᠯᠠᠭᠤᠯᠬᠤ ᠪᠠᠷᠢᠮᠵᠢᠶ᠎ᠠ᠎ᠳᠤ ᠰᠠᠭᠤᠷᠢᠯᠠᠭᠰᠠᠨ ᠬᠡᠷᠡᠭᠵᠢᠭᠦᠯᠵᠦ ᠪᠣᠯᠬᠤ ᠲᠧᠭᠨᠢᠭ ᠮᠡᠷᠭᠡᠵᠢᠯ᠎ᠤᠨ ᠰᠢᠰᠲ᠋ᠧᠮ᠎ᠢ ᠪᠠᠶ᠋ᠢᠭᠤᠯᠵᠤ᠂ ᠣᠷᠴᠢᠨ ᠠᠬᠤᠶ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠵᠤ᠂ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠤᠨ᠂ ᠬᠡᠦᠷᠡᠰᠦ ᠪᠣᠯᠪᠠᠰᠤᠷᠠᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠧᠭᠨᠢᠭ ᠮᠡᠷᠭᠡᠵᠢᠯ᠎ᠤᠨ ᠳᠠᠪᠰᠢᠯᠲᠠ ᠵᠢ ᠲᠦᠯᠬᠢᠨ ᠠᠬᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ 《ᠬᠡᠦᠷᠡᠰᠦ ᠪᠣᠯᠪᠠᠰᠤᠷᠠᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠮᠡᠷᠭᠡᠵᠢᠯ᠎ᠤᠨ ᠬᠥᠲᠥᠯᠪᠦᠷᠢ》 ᠲᠣᠭᠲᠠᠭ᠋ᠠᠪᠠ᠃
      ᠥᠨᠥ᠂ ᠪᠠᠷᠢᠮᠵᠢᠶ᠎ᠠ ᠨᠠᠶ᠋ᠢᠷᠠᠭᠤᠯᠤᠨ ᠵᠣᠬᠢᠶᠠᠬᠤ ᠨᠢᠭᠡᠴᠢ᠎ᠠᠴᠠ ᠪᠠᠷᠢᠮᠵᠢᠶ᠎ᠠ ᠵᠢᠨ ᠲᠤᠬᠠᠢ ᠰᠠᠨᠠᠯ ᠬᠤᠷᠢᠶᠠᠬᠤ ᠡᠬᠡ ᠨᠣᠣᠷᠠᠭ᠎ᠢ ᠨᠢᠭᠡᠨᠲᠡ ᠪᠡᠶᠡᠯᠡᠭᠦᠯᠵᠦ᠂ 《ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠡᠳᠦᠭᠡ ᠪᠠᠷᠢᠮᠵᠢᠶ᠎ᠠ ᠵᠢᠨ ᠰᠠᠨᠠᠯ ᠬᠤᠷᠢᠶᠠᠬᠤ ᠡᠭᠡ ᠨᠤᠤᠷᠠᠭ᠎ᠢ ᠳᠠᠷᠤᠮᠠᠯᠯᠠᠨ ᠲᠠᠷᠬᠠᠭ᠋ᠠᠪᠠ᠂ ᠰᠤᠳᠤᠯᠵᠤ ᠪᠠᠢ᠌ᠭ᠋ᠠᠳ ᠵᠠᠰᠠᠪᠤᠷᠢ ᠣᠷᠣᠭᠤᠯᠬᠤ ᠰᠠᠨᠠᠯ ᠵᠶ᠋ᠠᠨ ᠪᠢᠴᠢᠭ ᠵᠶ᠋ᠡᠷ ᠳᠤᠷᠠᠳᠤᠨ ᠭᠠᠷᠭ᠋ᠠᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠨᠠᠨ ᠬᠡᠮᠵᠢᠬᠦ ᠭᠠᠵᠠᠷ᠎ᠲᠤ 2018 ᠣᠨ᠎ᠤ 9 ᠳ᠋ᠦ᠍ᠭᠡᠷ ᠰᠠᠷ᠎ᠠ ᠵᠢᠨ 28᠎ᠤ ᠡᠳᠦᠷ᠎ᠠᠴᠠ ᠡᠮᠦᠨ᠎ᠡ ᠬᠠᠷᠢᠭᠤ ᠲᠤᠰᠬᠠᠭ᠋ᠠᠷᠠᠢ᠃
      ᠬᠠᠷᠢᠯᠴᠠᠬᠤ ᠬᠥᠮᠦᠨ᠄ ᠰᠦᠨ ᠮᠧᠩ ᠵᠢᠶᠦ᠋ᠨ
      ᠬᠠᠷᠢᠯᠴᠠᠬᠤ ᠤᠲᠠᠰᠤ᠄ 0471 — 4632061

      ᠳᠠᠭ᠋ᠠᠯᠳᠤᠭᠤᠯᠤᠯ 1 ᠪᠠᠭᠤᠯᠭ᠋ᠠᠬᠤ᠄ ᠬᠡᠦᠷᠡᠰᠦ ᠪᠣᠯᠪᠠᠰᠤᠷᠠᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠧᠭᠨᠢᠭ ᠮᠡᠷᠭᠡᠵᠢᠯ᠎ᠤᠨ ᠬᠥᠲᠥᠯᠪᠦᠷᠢ᠄ http://hbt.nmg.gov.cn/ywgl/kjbz/gjhjbhbj/201809/P020180912610446715448.pdf

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ᠎ᠤ ᠨᠡᠶ᠋ᠢᠲᠡᠯᠡᠭᠰᠡᠨ 《ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠪᠠᠷᠢᠮᠵᠢᠶ᠎ᠠ》 (GB 3095-2012)᠎ᠳᠤ ᠵᠠᠰᠠᠪᠤᠷᠢ ᠣᠷᠣᠭᠤᠯᠤᠭᠰᠠᠨ ᠬᠠᠭᠤᠳᠠᠰᠤ ᠵᠢ ᠤᠯᠠᠮᠵᠢᠯᠠᠨ ᠲᠠᠷᠬᠠᠭ᠋ᠠᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠂ ᠦᠪᠡᠷᠳᠡᠭᠡᠨ ᠵᠠᠰᠠᠬᠤ ᠤᠷᠤᠨ᠎ᠤ ᠪᠠᠶ᠋ᠢᠴᠠᠭ᠋ᠠᠬᠤ ᠬᠣᠷᠢᠶ᠎ᠠ᠂ ᠦᠪᠡᠷᠳᠡᠭᠡᠨ ᠵᠠᠰᠠᠬᠤ ᠤᠷᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ ᠠᠶᠤᠯ᠎ᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠪᠣᠬᠢᠷᠲᠤᠯ ᠭᠠᠳᠠᠭᠰᠢᠯᠠᠭᠤᠯᠬᠤ ᠭᠣᠤᠯᠳᠠᠯᠭ᠎ᠠ᠎ᠲᠠᠢ ᠨᠢᠭᠡᠴᠢ ᠵᠢᠨ ᠠᠦ᠋ᠲ᠋ᠣ᠋ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠳᠠᠯ ᠵᠶ᠋ᠠᠷ ᠵᠣᠬᠢᠶᠠᠨ ᠬᠠᠭᠤᠷᠮᠠᠭ ᠵᠶ᠋ᠠᠷ ᠦᠢ᠍ᠯᠡᠳᠬᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠤᠬᠢᠯᠳᠠ ᠦᠭᠬᠦ ᠬᠠᠮᠳᠤᠷᠠᠭᠰᠠᠨ ᠠᠵᠢᠯᠯᠠᠭ᠎ᠠ ᠦᠷᠨᠢᠭᠦᠯᠪᠡ
ᠥᠪᠥᠷ ᠮᠣᠩᠭᠣᠯ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠨ᠂ ᠠᠬᠤᠢ ᠲᠠᠯᠠᠪᠠᠢ ᠵᠢᠨ ᠬᠠᠤᠯᠢ ᠬᠡᠷᠡᠭᠵᠢᠭᠦᠯᠦᠯᠲᠡ᠎ᠯᠦᠭᠡ ᠤᠷᠭ᠋ᠠᠨᠢᠭ ᠵᠶ᠋ᠠᠷ ᠵᠤᠯᠭ᠋ᠠᠭᠤᠯᠤᠨ ᠲᠤᠢ᠌ᠯ᠎ᠤᠨ ᠤᠨᠤᠪᠴᠢᠳᠠᠢ᠎ᠪᠠᠷ ᠬᠠᠤᠯᠢ ᠬᠡᠷᠡᠭᠵᠢᠭᠦᠯᠬᠦ᠎ᠪᠠᠷ ᠴᠢᠷᠮᠠᠢ᠌ᠵᠤ ᠪᠠᠢ᠌ᠨ᠎ᠠ
ᠤᠯᠠᠭ᠋ᠠᠨᠬᠠᠳᠠ ᠬᠣᠲᠠ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠨ ᠬᠦᠬᠢᠭᠦᠯᠬᠦ ᠵᠢ ᠬᠡᠷᠡᠭᠵᠢᠭᠦᠯᠬᠦ ᠵᠢᠨ ᠨᠠᠷᠢᠨ ᠲᠦᠷᠢᠮ᠎ᠢ ᠨᠡᠢ᠌ᠳᠡᠯᠡᠪᠡ
ᠬᠦᠨᠳᠦ ᠨᠠᠢ᠌ᠳᠠᠯᠭ᠎ᠠ ᠵᠢ ᠪᠠᠲᠤ ᠴᠡᠭᠡᠵᠢᠯᠡᠨ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠨ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ —  ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠠᠮᠲᠤᠷᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠂ ᠥᠪᠥᠷ ᠮᠣᠩᠭᠣᠯ᠎ᠤᠨ ᠪᠠᠶ᠋ᠢᠳᠠᠯ᠎ᠢ ᠣᠢ᠌ᠯᠠᠭ᠋ᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
 
             蒙ICP备05000248号