ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠲᠣᠭᠲᠠᠴᠠ᠎ᠳᠤ ᠤᠯᠠᠮ ᠨᠢᠭᠡ ᠠᠯᠬᠤᠮ ᠰᠢᠨ᠎ᠡ ᠵᠢ ᠡᠭᠦᠳᠴᠦ᠂ ᠠᠵᠤ ᠠᠬᠤᠶ᠋ᠢᠯᠠᠯ᠎ᠳᠤ ᠨᠡᠩ ᠰᠠᠢ᠌ᠨ ᠦᠢ᠍ᠯᠡᠴᠢᠯᠡᠬᠦ ᠵᠢᠨ ᠲᠤᠰᠠᠳᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠲᠣᠪᠴᠢᠶ᠎ᠠ ᠰᠦᠯᠵᠢᠶᠡᠨ᠎ᠳᠠᠬᠢ ᠠᠯᠤᠰ᠎ᠠᠴᠠ ᠬᠢᠨᠠᠨ ᠡᠵᠡᠮᠳᠡᠬᠦ᠂ ᠰᠦᠯᠵᠢᠶᠡᠨ᠎ᠠᠴᠠ ᠭᠠᠳᠠᠭᠤᠷ ᠬᠠᠤᠯᠢ ᠬᠡᠷᠡᠭᠵᠢᠭᠦᠯᠬᠦ ᠵᠢ ᠬᠣᠯᠪᠣᠯᠳᠤᠭᠤᠯᠤᠭᠰᠠᠨ ᠲᠤᠢ᠌ᠯ᠎ᠤᠨ ᠤᠨᠤᠪᠴᠢᠳᠠᠢ᠎ᠪᠠᠷ ᠬᠢᠨᠠᠨ ᠬᠠᠮᠢᠶᠠᠷᠬᠤ ᠠᠷᠭ᠎ᠠ ᠮᠠᠶᠢᠭ᠎ᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ 《ᠢᠨᠲᠸᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠵᠠᠭᠪᠤᠷ᠎ᠢ ᠳᠥᠯᠭᠢᠨ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠷᠭ᠎ᠠ ᠪᠠᠷᠢᠯ᠎ᠢ ᠠᠰᠢᠭᠯᠠᠨ ᠬᠠᠤᠯᠢ᠎ᠠᠴᠠ ᠵᠥᠷᠢᠴᠡᠭᠰᠡᠨ ᠰᠡᠵᠢᠭᠯᠡᠯᠲᠡᠶ ᠠᠰᠠᠭᠤᠳᠠᠯ᠎ᠢ ᠣᠨᠣᠪᠴᠢᠲᠠᠶ ᠢᠯᠡᠷᠡᠭᠦᠯᠵᠦ᠂ ᠪᠣᠬᠢᠷᠲᠤᠯ ᠭᠠᠳᠠᠭᠰᠢᠯᠠᠭᠤᠯᠬᠤ ᠭᠣᠤᠯᠳᠠᠯᠭ᠎ᠠ᠎ᠲᠠᠢ ᠨᠢᠭᠡᠴᠢ ᠵᠢᠨ ᠪᠣᠬᠢᠷᠲᠤᠯ᠎ᠤᠨ ᠡᠬᠢ ᠡᠭᠦᠰᠦᠯ᠎ᠢ ᠠᠦ᠋ᠲ᠋ᠣ᠋ ᠬᠢᠨᠠᠨ ᠡᠵᠡᠮᠳᠡᠬᠦ ᠰᠢᠰᠲ᠋ᠧᠮ ᠵᠶ᠋ᠠᠷ ᠰᠠᠭᠤᠷᠢ ᠪᠣᠯᠭ᠋ᠠᠭᠰᠠᠨ ᠠᠬᠤᠢ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠵᠢᠨ ᠠᠯᠤᠰ᠎ᠠᠴᠠ ᠬᠠᠤᠯᠢ ᠬᠡᠷᠡᠭᠵᠢᠭᠦᠯᠬᠦ ᠰᠢᠰᠲ᠋ᠧᠮᠵᠢ ᠵᠢ ᠪᠠᠶ᠋ᠢᠭᠤᠯᠵᠤ᠂ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢᠨ ᠬᠠᠨᠳᠤᠯᠭ᠋ᠠᠲᠤ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠂ ᠬᠤᠭᠤᠴᠠᠭ᠋ᠠᠲᠤ ᠴᠢᠨᠠᠷ᠎ᠢ ᠳᠡᠭᠡᠭᠰᠢᠯᠡᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨᠰᠢ ᠪᠠᠷᠠᠭᠤᠨᠰᠢ ᠠᠯᠤᠰᠯᠠᠭᠰᠠᠨ ᠤᠷᠤᠨ ᠵᠠᠶ ᠦᠷᠭᠡᠨ ᠪᠠᠢ᠌ᠵᠤ᠂ ᠪᠣᠬᠢᠷᠲᠤᠯ᠎ᠤᠨ ᠡᠬᠢ ᠡᠭᠦᠰᠦᠯ᠎ᠲᠠᠢ ᠠᠵᠤ ᠠᠬᠤᠶ᠋ᠢᠯᠠᠯ᠎ᠤᠨ ᠲᠠᠷᠬᠠᠯᠲᠠ ᠵᠢᠨ ᠪᠠᠢ᠌ᠳᠠᠯ᠎ᠨᠢ ᠲᠦᠪᠯᠡᠷᠡᠩᠭᠦᠢ ᠪᠤᠰᠤ ᠪᠠᠢ᠌ᠭ᠎ᠠ ᠣᠷᠣᠨ ᠪᠦᠰᠡ ᠵᠢᠨ ᠪᠤᠳᠠᠳᠠᠢ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠭᠣᠤᠯᠳᠠᠯᠭ᠎ᠠ᠎ᠲᠠᠢ ᠨᠢᠭᠡᠴᠢ ᠵᠢᠨ ᠠᠬᠤᠢ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠵᠢᠯᠣᠭᠣᠳᠤᠮᠵᠢ (ᠲᠤᠷᠰᠢᠨ ᠬᠡᠷᠡᠭᠵᠢᠭᠦᠯᠬᠦ)》 ᠵᠢ ᠳᠠᠷᠤᠮᠠᠯᠯᠠᠨ ᠲᠠᠷᠬᠠᠭ᠋ᠠᠵᠤ᠂ ᠪᠣᠬᠢᠷᠲᠤᠯ ᠭᠠᠳᠠᠭᠰᠢᠯᠠᠭᠤᠯᠬᠤ ᠭᠣᠤᠯᠳᠠᠯᠭ᠎ᠠ᠎ᠲᠠᠢ ᠨᠢᠭᠡᠴᠢ ᠵᠢᠨ ᠠᠦ᠋ᠲ᠋ᠣ᠋ ᠬᠢᠨᠠᠨ ᠡᠵᠡᠮᠳᠡᠬᠦ ᠪᠡᠯᠡᠳᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠸᠢᠳᠢᠤ᠋᠎ᠪᠠᠷ ᠬᠢᠨᠠᠨ ᠡᠵᠡᠮᠳᠡᠬᠦ᠂ ᠠᠵᠢᠯ᠎ᠤᠨ ᠪᠠᠶ᠋ᠢᠳᠠᠯ᠎ᠢ ᠬᠢᠨᠠᠨ ᠡᠵᠡᠮᠳᠡᠬᠦ᠂ ᠤᠰᠤ ᠴᠠᠬᠢᠯᠭ᠋ᠠᠨ ᠬᠡᠷᠡᠭᠯᠡᠬᠦ ᠵᠢ ᠬᠢᠨᠠᠨ ᠡᠵᠡᠮᠳᠡᠬᠦ ᠵᠡᠷᠭᠡ ᠠᠯᠤᠰ᠎ᠠᠴᠠ ᠬᠢᠨᠠᠨ ᠬᠠᠮᠢᠶᠠᠷᠬᠤ ᠠᠷᠭ᠎ᠠ ᠮᠠᠶᠢᠭᠲᠠᠢ ᠤᠶᠠᠯᠳᠤᠭᠤᠯᠤᠨ᠂ ᠬᠠᠤᠯᠢ᠎ᠠᠴᠠ ᠵᠦᠷᠢᠴᠡᠨ ᠲᠤᠭᠳᠠᠭ᠋ᠠᠯ᠎ᠠᠴᠠ ᠵᠥᠷᠢᠴᠡᠭᠰᠡᠨ ᠪᠣᠬᠢᠷᠲᠤᠯ᠎ᠤᠨ ᠡᠬᠢ ᠡᠭᠦᠰᠦᠯ᠎ᠢ ᠭᠠᠳᠠᠭᠰᠢᠯᠠᠭᠤᠯᠬᠤ ᠪᠠᠶ᠋ᠢᠳᠠᠯ᠎ᠢ ᠴᠠᠭ ᠲᠤᠬᠠᠶ᠎ᠳᠤᠨᠢ ᠡᠵᠡᠮᠳᠡᠬᠦ᠎ᠪᠠᠷ ᠵᠤᠷᠢᠯᠳᠠ᠎ᠪᠠᠨ ᠪᠣᠯᠭ᠋ᠠᠭᠰᠠᠨ ᠪᠠᠶ᠋ᠢᠨ᠎ᠠ᠃ ᠠᠬᠤᠢ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠢ ᠬᠡᠷᠡᠭᠵᠢᠭᠦᠯᠬᠦ᠎ᠳᠤ᠂ 《ᠬᠡᠷᠡᠭ᠎ᠤᠨ ᠡᠮᠦᠨ᠎ᠡ ᠤᠷᠢᠳᠴᠢᠯᠠᠨ ᠰᠡᠷᠡᠮᠵᠢᠯᠡᠭᠦᠯᠬᠦ᠂ ᠬᠡᠷᠡᠭ᠎ᠤᠨ ᠳᠤᠮᠳᠠ ᠬᠢᠨᠠᠨ ᠬᠠᠮᠢᠶᠠᠷᠬᠤ᠂ ᠬᠡᠷᠡᠭ᠎ᠤᠨ ᠳᠠᠷᠠᠭ᠎ᠠ ᠬᠠᠤᠯᠢ ᠬᠡᠷᠡᠭᠵᠢᠭᠦᠯᠬᠦ》 ᠬᠢᠨᠠᠯᠲᠠ ᠬᠠᠮᠢᠶᠠᠷᠤᠯᠲᠠ ᠵᠢᠨ ᠣᠨᠣᠯᠵᠢᠬᠤᠨ ᠶᠣᠰᠣᠭ᠋ᠠᠷ᠂ ᠠᠬᠤᠢ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ᠎ᠢ ᠲᠣᠳᠣᠷᠬᠠᠶ᠋ᠢᠯᠠᠵᠤ᠂ ᠡᠯᠧᠺᠲᠷᠣᠨ ᠵᠶ᠋ᠠᠷ ᠰᠢᠮᠳᠠᠭᠤᠯᠤᠨ ᠰᠢᠢ᠍ᠳᠪᠦᠷᠢᠯᠡᠬᠦ ᠲᠠᠪᠴᠠᠩ᠎ᠳᠤ ᠲᠦᠰᠢᠭᠯᠡᠨ᠂ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠠᠵᠢᠯ᠎ᠤᠨ ᠠᠭᠤᠯᠭ᠎ᠠ ᠵᠢ ᠴᠤᠪᠤᠷᠠᠭᠤᠯᠤᠨ ᠵᠢᠷᠤᠮᠵᠢᠭᠤᠯᠵᠤ᠂ ᠡᠯᠧᠺᠲᠷᠣᠨ ᠵᠶ᠋ᠠᠷ ᠰᠢᠮᠳᠠᠭᠤᠯᠤᠨ ᠰᠢᠢ᠍ᠳᠪᠦᠷᠢᠯᠡᠭᠦᠯᠵᠦ᠂ ᠴᠤᠪᠤᠷᠠᠯ᠎ᠢ ᠵᠢᠷᠤᠮᠵᠢᠭᠤᠯᠬᠤ ᠵᠢ ᠬᠡᠷᠡᠭᠵᠢᠭᠦᠯᠦᠨ᠎ᠡ᠃ ᠠᠬᠤᠢ ᠲᠠᠯᠠᠪᠠᠢ ᠵᠢᠨ ᠪᠤᠰᠤ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠲᠠᠰ ᠳᠠᠷᠠᠭ᠋ᠠᠯᠠᠯ᠎ᠢ ᠪᠥᠬᠥ ᠶᠠᠪᠤᠴᠠ᠎ᠳᠤ ᠡᠯᠧᠺᠲᠷᠣᠨ ᠵᠶ᠋ᠠᠷ ᠰᠢᠮᠳᠠᠭᠤᠯᠤᠨ ᠭᠦᠢ᠍ᠴᠡᠳᠭᠡᠬᠦ ᠵᠢ ᠬᠡᠷᠡᠭᠵᠢᠭᠦᠯᠵᠦ᠂ ᠣᠬᠣᠷ ᠮᠡᠳᠡᠭᠡ᠂ ᠸᠢᠴᠠᠲ᠂ APP ᠠᠵᠤ ᠠᠬᠤᠶ᠋ᠢᠯᠠᠯ᠎ᠤᠨ ᠦᠵᠦᠭᠦᠷ ᠮᠡᠷᠭᠡᠵᠢᠯ ᠵᠡᠷᠭᠡ ᠠᠷᠭ᠎ᠠ ᠮᠠᠶᠢᠭ ᠵᠶ᠋ᠠᠷ ᠪᠣᠬᠢᠷᠲᠤᠯ ᠭᠠᠳᠠᠭᠰᠢᠯᠠᠭᠤᠯᠬᠤ ᠨᠢᠭᠡᠴᠢ ᠪᠠ ᠠᠮᠢ ᠠᠬᠤᠶ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠡᠯᠧᠺᠲᠷᠣᠨ ᠵᠶ᠋ᠠᠷ ᠰᠢᠮᠳᠠᠭᠤᠯᠤᠨ ᠭᠦᠢ᠍ᠴᠡᠳᠭᠡᠬᠦ ᠬᠠᠭᠤᠳᠠᠰᠤ ᠵᠢ ᠶᠠᠪᠤᠭᠤᠯᠤᠨ᠎ᠠ᠃ ᠪᠣᠬᠢᠷᠲᠤᠯ ᠭᠠᠳᠠᠭᠰᠢᠯᠠᠭᠤᠯᠬᠤ ᠨᠢᠭᠡᠴᠢ ᠬᠢᠨᠠᠨ ᠬᠡᠮᠵᠢᠭᠰᠡᠨ ᠠᠦ᠋ᠲ᠋ᠣ᠋ ᠲᠣᠭ᠎ᠠ ᠪᠠᠷᠢᠮᠲᠠ ᠵᠢᠨ ᠪᠠᠷᠢᠮᠵᠢᠶ᠎ᠠ᠎ᠠᠴᠠ ᠬᠡᠲᠦᠷᠡᠭᠰᠡᠨ᠂ ᠬᠡᠪ᠎ᠤᠨ ᠪᠤᠰᠤ ᠪᠣᠯᠤᠭᠰᠠᠨ ᠵᠡᠷᠭᠡ ᠪᠠᠶ᠋ᠢᠳᠠᠯ᠎ᠢ ᠴᠠᠭ ᠲᠤᠬᠠᠶ᠎ᠳᠤᠨᠢ ᠬᠢᠨᠠᠨ ᠬᠠᠷᠭᠤᠭᠤᠯᠬᠤ ᠵᠢᠨ ᠬᠠᠮᠲᠤ ᠦᠨᠡᠨ ᠮᠥᠨ ᠵᠶ᠋ᠠᠷ᠎ᠨᠢ ᠬᠠᠷᠢᠭᠤ ᠲᠤᠰᠬᠠᠵᠤ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠰᠡᠵᠢᠭᠯᠡᠯᠲᠡᠶ ᠠᠵᠢᠯᠯᠠᠭ᠎ᠠ᠎ᠳᠤ ᠭᠡᠷᠡᠴᠢ ᠳᠤᠷᠠᠳᠴᠤ ᠵᠦᠪᠳᠡᠭᠡᠨ ᠲᠣᠳᠣᠷᠬᠠᠶ᠋ᠢᠯᠠᠬᠤ ᠪᠠ ᠨᠤᠲᠠᠯᠠᠬᠤ ᠪᠤᠯᠤᠨ᠎ᠠ; ᠠᠶ᠋ᠢᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠢᠨᠠᠨ ᠡᠵᠡᠮᠳᠡᠬᠦ ᠰᠠᠯᠠᠭ᠎ᠠ ᠮᠥᠴᠢᠷ᠎ᠨᠢ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠵᠠᠷᠴᠢᠮ ᠶᠣᠰᠣᠭ᠋ᠠᠷ ᠠᠵᠤ ᠠᠬᠤᠶ᠋ᠢᠯᠠᠯ᠎ᠤᠨ ᠬᠠᠷᠢᠭᠤ ᠲᠤᠰᠬᠠᠭᠰᠠᠨ ᠪᠠᠶ᠋ᠢᠳᠠᠯ᠎ᠢ ᠬᠢᠨᠠᠨ ᠬᠠᠷᠭᠤᠭᠤᠯᠵᠤ᠂ ᠠᠶ᠋ᠢᠮᠠᠭ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠨᠢ ᠬᠢᠨᠠᠨ ᠬᠠᠷᠭᠤᠭᠤᠯᠤᠭᠰᠠᠨ᠎ᠤ ᠳᠠᠷᠠᠭ᠋ᠠᠬᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠰᠡᠵᠢᠭᠯᠡᠯᠲᠡᠶ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢᠨ ᠬᠠᠮᠲᠤ᠂ ᠡᠯᠧᠺᠲᠷᠣᠨ ᠰᠢᠮᠳᠠᠭᠤᠯᠤᠨ ᠭᠦᠢ᠍ᠴᠡᠳᠭᠡᠬᠦ ᠲᠠᠪᠴᠠᠩ᠎ᠳᠤ ᠰᠢᠢ᠍ᠳᠪᠦᠷᠢᠯᠡᠵᠦ ᠲᠣᠷᠭ᠋ᠠᠬᠤ ᠵᠡᠷᠭᠡ ᠬᠠᠮᠢᠶ᠎ᠠ ᠪᠥᠬᠥᠶ ᠮᠡᠳᠡᠭᠡ ᠵᠠᠩᠭᠢ ᠵᠢ ᠲᠤᠰᠢᠶᠠᠨ᠎ᠠ᠃
ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠬᠠᠤᠯᠢ ᠵᠢ ᠰᠠᠬᠢᠬᠤ ᠠᠵᠤ ᠠᠬᠤᠶ᠋ᠢᠯᠠᠯ᠎ᠳᠤ 《ᠤᠴᠢᠷ ᠶᠠᠪᠤᠳᠠᠯ ᠥᠬᠡᠶ ᠪᠣᠯ ᠬᠠᠷᠰᠢ ᠪᠤᠯᠬᠤ ᠥᠬᠡᠶ》 ᠪᠠᠶ᠋ᠢᠬᠤ ᠵᠢ ᠪᠡᠶᠡᠯᠡᠭᠦᠯᠵᠦ ᠪᠣᠯᠬᠤ ᠮᠥᠷᠲᠡᠭᠡᠨ ᠪᠠᠰᠠ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠣᠷᠴᠢᠨ ᠲᠤᠭᠤᠷᠢᠨ᠎ᠤ ᠬᠠᠤᠯᠢ ᠵᠢ ᠵᠥᠷᠢᠴᠡᠭᠰᠡᠨ ᠠᠰᠠᠭᠤᠳᠠᠯ᠎ᠢ ᠲᠤᠢ᠌ᠯ᠎ᠤᠨ ᠤᠨᠤᠪᠴᠢᠳᠠᠢ᠎ᠪᠠᠷ ᠢᠯᠡᠷᠡᠭᠦᠯᠬᠦ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠪᠣᠯᠤᠨ᠎ᠠ᠃ ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠣᠪᠴᠢᠶ᠎ᠠ ᠰᠦᠯᠵᠢᠶᠡᠨ ᠲᠡᠭᠡᠷᠡᠬᠢ ᠬᠢᠨᠠᠨ ᠬᠠᠮᠢᠶᠠᠷᠬᠤ ᠠᠷᠭ᠎ᠠ ᠮᠠᠶᠢᠭ᠎ᠲᠤ ᠦᠷᠭᠦᠯᠵᠢᠯᠡᠨ ᠰᠢᠨ᠎ᠡ ᠵᠢ ᠡᠭᠦᠳᠴᠦ᠂ ᠰᠦᠯᠵᠢᠶᠡᠨ ᠳᠡᠭᠡᠷ᠎ᠡ ᠭᠡᠷᠡᠴᠢ ᠠᠪᠬᠤ (ᠡᠯᠧᠺᠲᠷᠣᠨ ᠭᠡᠷᠡᠴᠢ ᠪᠠᠷᠢᠮᠲᠠ) ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠠᠬᠤᠢ ᠲᠠᠯᠠᠪᠠᠢ ᠵᠢᠨ ᠪᠤᠰᠤ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠬᠤᠢ ᠲᠠᠯᠠᠪᠠᠢ ᠵᠢᠨ ᠪᠤᠰᠤ ᠬᠢᠨᠠᠨ ᠬᠠᠮᠢᠶᠠᠷᠬᠤ ᠠᠷᠭ᠎ᠠ ᠪᠠᠷᠢᠯ᠎ᠤᠨ ᠬᠡᠷᠡᠭᠯᠡᠯᠲᠡ ᠵᠢ ᠣᠷᠴᠢᠨ ᠲᠤᠭᠤᠷᠢᠨ᠎ᠤ ᠬᠠᠤᠯᠢ ᠬᠡᠷᠡᠭᠵᠢᠭᠦᠯᠬᠦ ᠠᠵᠢᠯ᠎ᠳᠤ ᠪᠤᠳᠠᠳᠠᠢ ᠦᠨᠳᠦᠰᠦ ᠪᠠᠷᠢᠮᠲᠠ ᠬᠠᠩᠭ᠋ᠠᠬᠤ ᠪᠤᠶᠤ ᠭᠡᠷᠡᠴᠢ ᠪᠠᠷᠢᠮᠲᠠ ᠵᠢᠨ ᠬᠡᠯᠬᠢᠶ᠎ᠡ ᠵᠢ ᠪᠦᠷᠢᠯᠳᠦᠭᠦᠯᠦᠨ ᠦᠢ᠍ᠯᠡᠳᠦᠯ᠎ᠢ᠎ᠨᠢ ᠪᠦᠲᠦᠮᠵᠢᠲᠡᠶ ᠪᠠᠳᠠᠷᠠᠭᠤᠯᠤᠨ᠎ᠠ᠃