ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠤᠯᠠᠭ᠋ᠠᠨᠬᠠᠳᠠ ᠬᠣᠲᠠ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠨ ᠬᠦᠬᠢᠭᠦᠯᠬᠦ ᠵᠢ ᠬᠡᠷᠡᠭᠵᠢᠭᠦᠯᠬᠦ ᠵᠢᠨ ᠨᠠᠷᠢᠨ ᠲᠦᠷᠢᠮ᠎ᠢ ᠨᠡᠢ᠌ᠳᠡᠯᠡᠪᠡ
ᠨᠡᠶ᠋ᠢᠲᠡᠯᠡᠭᠰᠡᠨ ᠴᠠᠭ᠄ 2022-12-05

      ᠠᠮᠢ ᠠᠬᠤᠶ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ᠎ᠳᠤ ᠣᠯᠠᠨ ᠨᠡᠶ᠋ᠢᠲᠡ ᠵᠢᠨ ᠢᠳᠡᠪᠬᠢᠲᠡᠶ ᠣᠷᠣᠯᠴᠠᠬᠤ ᠵᠢ ᠵᠤᠷᠢᠭᠵᠢᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠦᠭᠬᠦ ᠵᠢᠨ ᠲᠤᠰᠠᠳᠠ᠂ ᠣᠶ᠋ᠢᠷ᠎ᠠ᠎ᠳᠤ᠂ ᠤᠯᠠᠭ᠋ᠠᠨᠬᠠᠳᠠ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠨᠢ ᠬᠣᠲᠠ ᠵᠢᠨ ᠡᠳ᠋᠎ᠤᠨ ᠵᠠᠰᠠᠭ᠎ᠤᠨ ᠲᠣᠪᠴᠢᠶ᠎ᠠ᠎ᠲᠠᠢ ᠬᠠᠮᠲᠤᠷᠠᠨ 《ᠤᠯᠠᠭ᠋ᠠᠨᠬᠠᠳᠠ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠨ ᠬᠥᠬᠢᠭᠦᠯᠬᠦ ᠵᠢ ᠬᠡᠷᠡᠭᠵᠢᠭᠦᠯᠬᠦ ᠵᠢᠨ ᠨᠠᠷᠢᠨ ᠲᠦᠷᠢᠮ (ᠲᠤᠷᠰᠢᠨ ᠬᠡᠷᠡᠭᠵᠢᠭᠦᠯᠬᠦ)》 (ᠳᠣᠷᠣᠭᠰᠢ 《ᠨᠠᠷᠢᠨ ᠲᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠪᠥᠬᠥ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠱᠠᠩᠨᠠᠯ᠎ᠲᠠᠢ ᠢᠯᠡᠴᠢᠯᠡᠨ ᠮᠡᠳᠡᠭᠦᠯᠬᠦ ᠵᠢ ᠬᠡᠷᠡᠭᠵᠢᠭᠦᠯᠵᠦ᠂ ᠬᠠᠮᠤᠭ᠎ᠤᠨ ᠥᠨᠳᠥᠷ᠎ᠲᠤ᠎ᠪᠠᠨ ᠢᠯᠡᠴᠢᠯᠡᠨ ᠮᠡᠳᠡᠭᠦᠯᠦᠭᠰᠡᠳ᠎ᠲᠤ 10 ᠲᠦᠮᠡᠨ ᠲᠥᠭᠥᠷᠢᠭ᠎ᠤᠨ ᠱᠠᠩᠨᠠᠯ ᠣᠯᠭᠣᠵᠤ ᠪᠣᠯᠤᠨ᠎ᠠ᠃ 《ᠨᠠᠷᠢᠨ ᠲᠦᠷᠢᠮ》᠎ᠳᠤ ᠬᠡᠷᠡᠭᠯᠡᠬᠦ ᠬᠡᠪᠴᠢᠶ᠎ᠡ᠂ ᠢᠯᠡᠴᠢᠯᠡᠨ ᠮᠡᠳᠡᠭᠦᠯᠬᠦ ᠠᠷᠭ᠎ᠠ ᠵᠠᠮ᠂ ᠭᠥᠯᠢᠶᠡᠨ ᠠᠪᠴᠤ ᠰᠢᠢ᠍ᠳᠪᠦᠷᠢᠯᠡᠬᠦ ᠲᠠᠰ ᠳᠠᠷᠠᠭ᠋ᠠᠯᠠᠯ᠂ ᠱᠠᠩᠨᠠᠨ ᠬᠥᠬᠢᠭᠦᠯᠬᠦ ᠪᠠᠷᠢᠮᠵᠢᠶ᠎ᠠ᠂ ᠱᠠᠩᠨᠠᠨ ᠬᠥᠬᠢᠭᠦᠯᠬᠦ ᠡᠲᠡᠭᠡᠳ ᠵᠡᠷᠭᠡ ᠠᠭᠤᠯᠭ᠎ᠠ ᠵᠢ ᠲᠣᠳᠣᠷᠬᠠᠶ ᠲᠣᠭᠲᠠᠭ᠋ᠠᠵᠠᠶ᠃ 《ᠨᠠᠷᠢᠨ ᠲᠦᠷᠢᠮ》᠎ᠢ ᠦᠨᠳᠦᠰᠦᠯᠡᠪᠡᠯ᠂ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠬᠡᠪᠴᠢᠶ᠎ᠡ᠎ᠳᠤ ᠪᠣᠬᠢᠷᠲᠤᠯ ᠪᠤᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠤᠭᠰᠠᠨ ᠥᠬᠡᠶ᠎ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠡᠯᠡᠳᠭᠡᠮᠵᠢ ᠵᠢ ᠬᠡᠪ᠎ᠤᠨ ᠪᠤᠰᠤ᠎ᠪᠠᠷ   ᠠᠵᠢᠯᠯᠠᠭᠤᠯᠬᠤ ᠵᠡᠷᠭᠡ ᠬᠢᠨᠠᠯᠳᠠ ᠬᠠᠮᠢᠶᠠᠷᠤᠯᠲᠠ᠎ᠠᠴᠠ ᠵᠠᠢ᠌ᠯᠠᠵᠤ ᠲᠤᠳᠠᠭ᠋ᠠᠬᠤ ᠮᠠᠶᠢᠭ ᠵᠶ᠋ᠠᠷ ᠪᠣᠬᠢᠷᠲᠤᠯ ᠪᠣᠳᠠᠰ ᠭᠠᠳᠠᠭᠰᠢᠯᠠᠭᠤᠯᠬᠤ ᠵᠡᠷᠭᠡ 30 ᠵᠦᠢ᠍ᠯ᠎ᠤᠨ ᠠᠭᠤᠯᠭ᠎ᠠ ᠵᠢ ᠪᠠᠭᠲᠠᠭ᠋ᠠᠨ᠎ᠠ᠃ ᠡᠭᠦᠨ᠎ᠤ ᠬᠠᠮᠲᠤ 《ᠨᠠᠷᠢᠨ ᠲᠦᠷᠢᠮ》᠎ᠳᠤ ᠠᠮᠢ ᠠᠬᠤᠶ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ 5 ᠵᠦᠢ᠍ᠯ᠎ᠤᠨ ᠠᠷᠭ᠎ᠠ ᠵᠠᠮ᠎ᠢ ᠲᠣᠳᠣᠷᠬᠠᠶ ᠲᠣᠭᠲᠠᠭ᠋ᠠᠵᠠᠶ᠂ ᠡᠭᠦᠨ᠎ᠳᠤ 12345 ᠤᠳᠠᠰᠤ ᠪᠠ 12369 ᠤᠲᠠᠰᠤ᠎ᠪᠠᠷ ᠢᠯᠡᠴᠢᠯᠡᠨ ᠮᠡᠳᠡᠭᠦᠯᠬᠦ᠂ ᠪᠥᠬᠥ ᠤᠯᠤᠰ᠎ᠤᠨ ᠠᠮᠢ ᠠᠬᠤᠶ ᠣᠷᠴᠢᠨ ᠲᠣᠭᠣᠷᠢᠨ᠎ᠤ ᠵᠠᠬᠢᠳᠠᠯ ᠰᠤᠷᠪᠤᠯᠵᠢᠯᠠᠯ᠎ᠤᠨ ᠵᠠᠭ᠋ᠠᠯᠳᠤᠯᠭ᠎ᠠ ᠵᠢᠨ ᠢᠯᠡᠴᠢᠯᠡᠨ ᠮᠡᠳᠡᠭᠦᠯᠬᠦ ᠬᠠᠮᠢᠶᠠᠷᠤᠯᠲᠠ ᠵᠢᠨ ᠲᠠᠪᠴᠠᠩ᠎ᠤᠨ ᠸᠢᠴᠠᠲ ᠵᠶ᠋ᠠᠷ ᠢᠯᠡᠴᠢᠯᠡᠨ ᠮᠡᠳᠡᠭᠦᠯᠬᠦ᠂ ᠠᠮᠢ ᠠᠬᠤᠶ ᠣᠷᠴᠢᠨ ᠲᠣᠭᠣᠷᠢᠨ᠎ᠤ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠯᠪᠠᠨ᠎ᠤ ᠰᠦᠯᠵᠢᠶ᠎ᠡ᠎ᠪᠠᠷ ᠢᠯᠡᠴᠢᠯᠡᠨ ᠮᠡᠳᠡᠭᠦᠯᠬᠦ᠂ ᠠᠮᠢ ᠠᠬᠤᠶ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠵᠢᠭ᠋ᠠᠨ ᠲᠣᠭᠲᠠᠭ᠋ᠠᠭᠰᠠᠨ ᠭᠠᠵᠠᠷ᠎ᠲᠤ ᠵᠠᠬᠢᠳᠠᠯ ᠢᠷᠡᠭᠦᠯᠬᠦ᠂ ᠰᠤᠷᠪᠤᠯᠵᠢᠯᠠᠯ ᠵᠶ᠋ᠠᠷ ᠢᠯᠡᠴᠢᠯᠡᠨ ᠮᠡᠳᠡᠭᠦᠯᠬᠦ ᠵᠡᠷᠭᠡ ᠢᠯᠡᠴᠢᠯᠡᠨ ᠮᠡᠳᠡᠭᠦᠯᠬᠦ ᠠᠷᠭ᠎ᠠ ᠵᠠᠮ ᠪᠠᠭᠲᠠᠨ᠎ᠠ᠃ 《ᠨᠠᠷᠢᠨ ᠲᠦᠷᠢᠮ》᠎ᠢ ᠨᠡᠢ᠌ᠳᠡᠯᠡᠭᠰᠡᠨ᠎ᠨᠢ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠶ᠋ᠢᠭᠡᠮ᠎ᠤᠨ ᠬᠠᠮᠲᠤ᠎ᠪᠠᠷ ᠵᠠᠰᠠᠬᠤ ᠶᠡᠬᠡ ᠪᠠᠶ᠋ᠢᠷᠢᠰᠢᠯ᠎ᠢ ᠪᠠᠶ᠋ᠢᠭᠤᠯᠬᠤ ᠵᠢᠨ ᠴᠢᠬᠤᠯᠠ ᠠᠷᠭ᠎ᠠ ᠬᠡᠮᠵᠢᠶ᠎ᠡ ᠮᠥᠨ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠬᠦ ᠵᠢᠨ ᠴᠢᠬᠤᠯᠠ ᠠᠷᠭ᠎ᠠ ᠬᠡᠮᠵᠢᠶ᠎ᠡ ᠮᠥᠨ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠵᠢᠷᠤᠮᠵᠢᠭᠤᠯᠬᠤ ᠵᠢᠨ ᠴᠢᠬᠤᠯᠠ ᠠᠷᠭ᠎ᠠ ᠵᠠᠮ ᠮᠥᠨ᠃ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠰᠦᠪᠡᠭᠴᠢ ᠭᠡᠮᠡᠬᠦ 《ᠠᠯᠲᠠᠨ᠎ᠤ ᠠᠭᠤᠷᠬᠠᠢ》 ᠵᠢ ᠮᠠᠯᠳᠠᠵᠤ᠂ ᠤᠯᠠᠨ ᠲᠦᠮᠡᠨ᠎ᠤ ᠬᠠᠤᠯᠢ ᠶᠣᠰᠣᠭ᠋ᠠᠷ ᠡᠮᠬᠢ ᠵᠢᠷᠤᠮ᠎ᠲᠠᠢ᠎ᠪᠠᠷ ᠣᠷᠣᠯᠴᠠᠬᠤ ᠵᠢ ᠭᠦᠢ᠍ᠴᠡᠳ ᠲᠠᠢ᠍ᠢ᠍ᠴᠢᠯᠠᠵᠦ᠂ ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢᠨ ᠳᠤᠲᠠᠭᠤᠳᠠᠯ ᠪᠠ ᠬᠢᠨᠠᠯᠳᠠ ᠬᠠᠮᠢᠶᠠᠷᠤᠯᠳᠠ ᠵᠢ ᠬᠡᠷᠡᠭᠵᠢᠭᠦᠯᠵᠦ ᠲᠡᠢ᠌ᠯᠦᠭᠡ ᠦᠭᠡᠢ ᠤᠷᠤᠨ᠎ᠢ ᠪᠦᠲᠦᠮᠵᠢᠲᠡᠢ ᠨᠥᠬᠥᠪᠥᠷᠢᠯᠡᠵᠦ᠂ ᠤᠯᠠᠨ ᠲᠦᠮᠡᠨ᠎ᠤ ᠳᠡᠷᠭᠡᠳᠡᠬᠢ ᠲᠤᠪᠤᠢ᠍ᠢ᠍ᠮ᠎ᠠ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠦ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠳᠤᠯᠤᠯᠳᠠ ᠵᠢᠨ ᠳᠠᠶ᠋ᠢᠯᠠᠯᠳᠤᠭ᠋ᠠᠨ᠎ᠤ ᠢᠯᠠᠯᠲᠠ ᠵᠢ ᠤᠯᠬᠤ᠎ᠳᠤ ᠪᠠᠲᠤ ᠴᠢᠩᠭ᠎ᠠ ᠬᠦᠴᠦᠲᠡᠢ ᠪᠠᠲᠤᠯᠠᠭ᠎ᠠ ᠬᠠᠩᠭ᠋ᠠᠬᠤ ᠬᠡᠷᠡᠭᠲᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠦᠨᠳᠦ ᠨᠠᠢ᠌ᠳᠠᠯᠭ᠎ᠠ ᠵᠢ ᠪᠠᠲᠤ ᠴᠡᠭᠡᠵᠢᠯᠡᠨ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠨ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ —  ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠠᠮᠲᠤᠷᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠂ ᠥᠪᠥᠷ ᠮᠣᠩᠭᠣᠯ᠎ᠤᠨ ᠪᠠᠶ᠋ᠢᠳᠠᠯ᠎ᠢ ᠣᠢ᠌ᠯᠠᠭ᠋ᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠴᠢ ᠲᠥᠪ᠎ᠤᠨ ᠣᠨ᠎ᠤ ᠳᠤᠮᠳᠠᠬᠢ ᠬᠢᠨᠠᠨ ᠰᠢᠯᠭ᠋ᠠᠯᠲᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠭᠣᠣᠯ ᠰᠡᠳᠦᠪᠲᠦ ᠬᠥᠮᠦᠵᠢᠯ᠎ᠤᠨ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠠᠬᠢᠭᠤᠯᠪᠠ
ᠣᠷᠣᠨ ᠨᠤᠲᠤᠭ᠎ᠲᠤ ᠦᠢ᠍ᠯᠡᠴᠢᠯᠡᠵᠦ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠢ᠌ᠨ ᠡᠭᠦᠳᠰᠦᠭᠡᠢ — ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ᠎ᠳᠤ 《40 ᠳ᠋ᠦ᠍ᠭᠡᠷ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ》 ᠵᠢᠨ ᠰᠢᠷᠢᠰ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ
 
             蒙ICP备05000248号