ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠣᠷᠣᠨ ᠨᠤᠲᠤᠭ᠎ᠲᠤ ᠦᠢ᠍ᠯᠡᠴᠢᠯᠡᠵᠦ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠢ᠌ᠨ ᠡᠭᠦᠳᠰᠦᠭᠡᠢ — ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ
ᠨᠡᠶ᠋ᠢᠲᠡᠯᠡᠭᠰᠡᠨ ᠴᠠᠭ᠄ 2023-12-18

      ᠬᠢᠨᠠᠨ ᠬᠡᠮᠵᠢᠬᠦ᠎ᠨᠢ ᠣᠷᠣᠨ ᠨᠤᠲᠤᠭ᠎ᠲᠤ ᠦᠢ᠍ᠯᠡᠴᠢᠯᠡᠬᠦ᠂ ᠪᠥᠬᠥ ᠲᠠᠯ᠎ᠠ᠎ᠳᠤ ᠦᠢ᠍ᠯᠡᠴᠢᠯᠡᠬᠦ ᠲᠤᠬᠠᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠤᠰᠠᠳᠠ᠂ ᠲᠣᠪᠴᠢᠶ᠎ᠠ᠂ ᠥᠷᠲᠡᠭᠡ ᠵᠢᠨ ᠬᠣᠭᠤᠷᠤᠨᠳᠤᠬᠢ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠶ᠃ 11 ᠳ᠋ᠦᠭᠡᠷ ᠰᠠᠷ᠎ᠠ ᠵᠢᠨ 2᠎ᠤᠨ ᠡᠳᠦᠷ᠎ᠤᠨ ᠦᠳᠡ ᠵᠢᠨ ᠡᠮᠦᠨ᠎ᠡ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ ᠳᠥᠷᠪᠡᠭᠦᠯᠡ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ᠎ᠳᠤ ᠬᠦᠷᠴᠦ ᠶᠠᠷᠢᠯᠴᠠᠬᠤ ᠬᠤᠷᠠᠯ ᠬᠢᠪᠡ᠃

      ᠬᠤᠷᠠᠯ ᠳᠡᠭᠡᠷ᠎ᠡ᠂ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠮᠢᠶ᠎ᠠ ᠪᠦᠬᠦᠢ ᠠᠵᠢᠯᠲᠠᠨ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ᠂ ᠲᠣᠭ᠎ᠠ ᠪᠠᠷᠢᠮᠲᠠ ᠣᠯᠬᠤ᠂ ᠮᠡᠷᠭᠡᠵᠢᠯ᠎ᠤᠨ ᠳᠡᠮᠵᠢᠯᠭᠡ ᠦᠵᠡᠭᠦᠯᠬᠦ᠂ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠡᠷᠭᠡ ᠲᠠᠯ᠎ᠠ᠎ᠪᠠᠷ ᠬᠠᠮᠢᠶ᠎ᠠ ᠪᠦᠬᠦᠢ ᠱᠠᠭ᠋ᠠᠷᠳᠠᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ᠎ᠳᠤ ᠬᠦᠴᠦᠲᠡᠢ ᠳᠡᠮᠵᠢᠯᠭᠡ ᠪᠠ ᠬᠠᠮᠵᠢᠯᠴᠠᠭ᠎ᠠ ᠦᠵᠡᠭᠦᠯᠬᠦ ᠵᠢ ᠬᠦᠰᠡᠵᠦ ᠪᠠᠢ᠌ᠨ᠎ᠠ ᠭᠡᠪᠡ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ ᠵᠢᠨ ᠰᠦᠨ ᠸᠸᠨ ᠵᠢᠩ᠄ ᠣᠷᠣᠨ ᠨᠤᠲᠤᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠯᠤᠭ᠎ᠠ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠣᠷᠣᠨ ᠨᠤᠲᠤᠭ᠎ᠤᠨ ᠠᠮᠢ ᠠᠬᠤᠢ ᠣᠷᠴᠢᠨ ᠲᠣᠭᠣᠷᠢᠨ᠎ᠳᠤ ᠲᠤᠯᠭ᠋ᠠᠭᠤᠷᠢᠯᠠᠯ ᠬᠠᠩᠭ᠋ᠠᠬᠤ ᠪᠣᠯ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠵᠠᠢ᠌ᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠂ ᠮᠠᠨ᠎ᠤ ᠥᠷᠲᠡᠭᠡ ᠡᠭᠦᠨ᠎ᠢ ᠢᠮᠠᠭᠲᠠ ᠪᠠᠷᠢᠮᠲᠠᠯᠠᠨ᠎ᠠ᠃ ᠲᠡᠷᠡ ᠳᠤᠷᠠᠳᠤᠭᠰᠠᠨ ᠱᠠᠭ᠋ᠠᠷᠳᠠᠯᠭ᠎ᠠ᠎ᠳᠤ ᠨᠢᠭᠡᠳ ᠨᠢᠭᠡ᠎ᠪᠠᠷ ᠬᠠᠷᠢᠭᠤᠯᠲᠠ ᠥᠭᠴᠦ᠂ ᠳᠠᠷᠠᠭ᠎ᠠ᠎ᠨᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠢᠨᠠᠨ ᠬᠡᠮᠵᠢᠬᠦ ᠰᠠᠯᠠᠭ᠎ᠠ᠂ ᠤᠰᠤᠨ᠎ᠤ ᠰᠢᠨᠵᠢᠯᠡᠬᠦ ᠤᠬᠠᠭ᠋ᠠᠨ᠎ᠤ ᠰᠠᠯᠠᠭ᠎ᠠ ᠵᠢᠨ ᠨᠥᠬᠥᠳ ᠪᠣᠯᠣᠨ ᠬᠥᠬᠡᠬᠣᠲᠠ ᠵᠢᠨ ᠬᠤᠪᠢᠶᠠᠷᠢ ᠥᠷᠲᠡᠭᠡ ᠵᠢᠨ ᠳᠡᠳ᠋ ᠳᠠᠷᠤᠭ᠎ᠠ ᠯᠢ ᠭᠥᠸᠧ ᠴᠢᠩ᠂ ᠱ᠌ᠢ ᠰᠢᠶᠣᠣ ᠯᠦᠩ ᠵᠢᠴᠢ ᠬᠣᠯᠪᠣᠭᠳᠠᠯ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠨᠠᠷ ᠣᠷᠣᠨ ᠨᠤᠲᠤᠭ᠎ᠤᠨ ᠠᠵᠢᠯ ᠶᠠᠪᠤᠳᠠᠯ᠎ᠤᠨ ᠡᠷᠬᠡ ᠵᠢ ᠬᠢᠨᠠᠨ ᠬᠡᠮᠵᠢᠬᠦ ᠠᠵᠢᠯ᠎ᠤᠨ ᠪᠣᠳᠠᠲᠠᠢ ᠠᠰᠠᠭᠤᠳᠠᠯ᠎ᠢ ᠤᠯᠠᠮ ᠨᠢᠭᠡ ᠠᠯᠬᠤᠮ ᠰᠣᠯᠢᠯᠴᠠᠨ ᠶᠠᠷᠢᠯᠴᠠᠪᠠ᠃

      ᠬᠠᠮᠤᠭ ᠰᠡᠭᠦᠯ᠎ᠳᠤ᠂ ᠰᠦᠨ ᠸᠧᠨ ᠵᠢᠩ ᠥᠷᠲᠡᠭᠡᠨ ᠳᠠᠷᠤᠭ᠎ᠠ ᠪᠣᠯᠣᠨ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ ᠲᠤᠰᠪᠦᠷᠢ ᠳ᠋ᠦᠩᠨᠡᠯᠲᠡ ᠵᠢᠨ ᠶᠠᠷᠢᠶ᠎ᠠ ᠲᠠᠯᠪᠢᠵᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠬᠠᠮᠲᠤᠷᠠᠯᠴᠠᠭ᠋ᠠᠨ᠎ᠤ ᠶᠠᠪᠤᠳᠠᠯ᠎ᠤᠨ ᠲᠤᠬᠠᠢ ᠰᠡᠳᠬᠢᠴᠡ᠎ᠪᠠᠨ ᠳᠤᠷᠠᠳᠴᠠᠢ᠃ ᠨᠢᠭᠡ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ᠎ᠨᠢ ᠲᠣᠰ ᠪᠡᠶ᠎ᠡ ᠵᠢᠨ ᠠᠵᠢᠯ᠎ᠤᠨ ᠪᠣᠳᠠᠲᠠᠢ᠎ᠪᠠᠨ ᠦᠨᠳᠦᠰᠦᠯᠡᠨ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢ ᠪᠥᠬᠥ ᠬᠦᠴᠦᠨ ᠵᠶ᠋ᠡᠷ ᠵᠶ᠋ᠡᠨ ᠬᠠᠮᠵᠢᠨ ᠬᠠᠮᠢᠶ᠎ᠠ ᠪᠦᠬᠦᠢ ᠠᠵᠢᠯ᠎ᠢ ᠥᠷᠨᠢᠭᠦᠯᠪᠡ᠃ ᠬᠣᠶᠠᠷ᠎ᠲᠤ᠂ ᠨᠢᠭᠤᠴᠠ ᠪᠤᠰᠤ ᠲᠣᠭ᠎ᠠ ᠪᠠᠷᠢᠮᠲᠠ ᠵᠢ ᠬᠣᠶᠠᠷ ᠲᠠᠯ᠎ᠠ᠎ᠪᠠᠷ ᠵᠶ᠋ᠠᠨ ᠬᠠᠮᠲᠤᠪᠠᠷ ᠡᠳ᠋ᠯᠡᠵᠦ᠂ ᠲᠣᠭ᠎ᠠ ᠪᠠᠷᠢᠮᠲᠠ ᠵᠢ ᠵᠣᠬᠢᠰᠲᠠᠢ ᠬᠡᠷᠡᠭᠯᠡᠵᠦ᠂ ᠲᠣᠭ᠎ᠠ ᠪᠠᠷᠢᠮᠲᠠ ᠵᠢᠨ ᠠᠷᠢᠭᠤᠨ ᠴᠢᠬᠡᠴᠢ᠂ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ; ᠭᠤᠷᠪᠠ᠎ᠳᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ᠎ᠠᠴᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠭᠤᠷᠪᠠᠳᠤᠭ᠋ᠠᠷ ᠳᠡᠰ᠎ᠤᠨ ᠥᠷᠲᠡᠭᠡ᠎ᠳᠤ ᠮᠡᠷᠭᠡᠵᠢᠯ᠎ᠤᠨ ᠳᠡᠮᠵᠢᠯᠭᠡ᠂ ᠠᠵᠢᠯᠲᠠᠨ᠎ᠤ ᠪᠣᠯᠪᠠᠰᠤᠷᠠᠯ ᠬᠠᠩᠭ᠋ᠠᠨ᠎ᠠ; ᠳᠥᠷᠪᠡ᠎ᠳᠤ ᠬᠢᠨᠠᠨ ᠬᠡᠮᠵᠢᠬᠦ ᠰᠢᠨ᠎ᠡ ᠬᠦᠷᠢᠶ᠎ᠡ ᠴᠠᠷᠠᠭ᠎ᠠ᠂ ᠰᠤᠳᠤᠯᠭ᠋ᠠᠨ᠎ᠤ ᠰᠡᠳᠦᠪ᠎ᠤᠨ ᠰᠤᠳᠤᠯᠭ᠋ᠠᠨ᠎ᠤ ᠲᠠᠯ᠎ᠠ᠎ᠪᠠᠷ᠂ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ᠎ᠳᠤ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠨ᠎ᠡ ᠭᠡᠪᠡ᠃

      ᠲᠣᠰ ᠤᠳᠠᠭ᠋ᠠᠨ᠎ᠤ ᠶᠠᠷᠢᠯᠴᠠᠭ᠎ᠠ ᠰᠣᠯᠢᠯᠴᠠᠭ᠎ᠠ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ ᠬᠢᠭᠡᠳ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠮᠲᠤᠷᠠᠯᠴᠠᠭ᠎ᠠ᠎ᠳᠤ ᠰᠠᠭᠤᠷᠢ ᠲᠠᠯᠪᠢᠵᠤ᠂ ᠬᠥᠬᠡᠬᠣᠲᠠ ᠵᠢᠨ ᠬᠤᠪᠢᠶᠠᠷᠢ ᠥᠷᠲᠡᠭᠡ ᠦᠷᠭᠦᠯᠵᠢᠯᠡᠨ ᠮᠡᠷᠭᠡᠵᠢᠯ᠎ᠤᠨ ᠳᠠᠪᠠᠭᠤᠯᠢᠭ ᠵᠶ᠋ᠠᠨ ᠪᠠᠳᠠᠷᠠᠭᠤᠯᠵᠤ᠂ ᠳᠠᠯᠳᠠ ᠬᠦᠴᠦᠨ ᠵᠶ᠋ᠡᠨ ᠠᠭᠤᠳᠠᠯᠤᠨ᠂ ᠬᠥᠳᠡᠯᠭᠡᠬᠦ ᠬᠦᠴᠦᠨ ᠵᠶ᠋ᠡᠨ ᠳᠡᠭᠡᠭᠰᠢᠯᠡᠭᠦᠯᠵᠦ᠂ ᠪᠥᠬᠥ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠲᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠬᠦ ᠪᠣᠯᠣᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ᠎ᠳᠤ 《40 ᠳ᠋ᠦ᠍ᠭᠡᠷ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ》 ᠵᠢᠨ ᠰᠢᠷᠢᠰ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠄ ᠦᠷ ᠦᠳᠡᠰᠢ᠎ᠲᠠᠢ ᠲᠡᠮᠡᠴᠡᠨ ᠰᠢᠮᠳᠠᠨ ᠰᠤᠷᠤᠯᠴᠠᠵᠤ ᠴᠢᠳᠠᠪᠤᠷᠢ᠎ᠪᠠᠨ ᠳᠡᠬᠡᠭᠰᠢᠯᠡᠬᠦᠯᠦᠨ᠎ᠡ
2023 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠳ᠋ᠦᠩᠨᠡᠯᠲᠡ ᠵᠢᠨ ᠬᠤᠷᠠᠯ ᠤᠷᠤᠭᠰᠢᠲᠠᠢ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠱᠦᠵᠢ  ᠥᠷᠲᠡᠭᠡᠨ ᠳᠠᠷᠤᠭ᠎ᠠ ᠲᠢᠶᠠᠨ ᠶᠦᠩ ᠯᠢ ᠨᠠᠷ ᠲᠦᠩᠯᠢᠶᠣᠣ ᠵᠢᠨ ᠬᠤᠪᠢᠶᠠᠷᠢ ᠥᠷᠲᠡᠭᠡ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠠᠵᠢᠯ᠎ᠤᠨ ᠬᠤᠷᠠᠯ ᠬᠤᠷᠠᠯᠳᠤᠭᠤᠯᠪᠠ
 
             蒙ICP备05000248号