ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ᠎ᠳᠤ 《40 ᠳ᠋ᠦ᠍ᠭᠡᠷ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ》 ᠵᠢᠨ ᠰᠢᠷᠢᠰ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ
ᠨᠡᠶ᠋ᠢᠲᠡᠯᠡᠭᠰᠡᠨ ᠴᠠᠭ᠄ 2023-12-26

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠎ᠤᠨ 《ᠳᠥᠴᠢᠳᠡᠬᠢ ᠪᠦᠬᠦ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠠᠵᠢᠯ᠎ᠤᠨ ᠲᠥᠰᠥᠯ》᠎ᠤᠨ ᠮᠡᠳᠡᠭᠳᠡᠯ᠎ᠤᠨ ᠱᠠᠭ᠋ᠠᠷᠳᠠᠯᠭ᠎ᠠ ᠶᠣᠰᠣᠭ᠋ᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠶᠡᠬᠡᠪᠡᠷ ᠪᠠᠳᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠪᠤᠭᠤᠲᠤ ᠵᠢᠨ ᠬᠤᠪᠢᠶᠠᠷᠢ ᠥᠷᠲᠡᠭᠡ᠎ᠳᠤ 《ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠨᠠᠮ ᠵᠶ᠋ᠠᠨ ᠲᠠᠭ᠋ᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠢ᠌ᠭᠤᠯᠬᠤ ᠲᠠᠯ᠎ᠠ᠎ᠪᠠᠷ ᠵᠢᠱ᠌ᠢᠶ᠎ᠡ ᠦᠵᠡᠭᠦᠯᠬᠦ》 ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠰᠢᠷᠢᠰ ᠠᠵᠢᠯᠯᠠᠭ᠎ᠠ ᠵᠢ ᠥᠷᠨᠢᠭᠦᠯᠵᠡᠢ᠃

      ᠨᠢᠭᠡ᠎ᠳᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ》᠎ᠢ ᠲᠤᠰᠬᠠᠢ ᠰᠡᠳᠦᠪ ᠵᠶ᠋ᠡᠷ 《ᠲᠣᠭᠲᠠᠭ᠋ᠠᠯ》᠎ᠢ 2023 ᠣᠨ᠎ᠤ 7 ᠰᠠᠷ᠎ᠠ ᠵᠢᠨ 5᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠵᠢᠷᠭᠤᠳᠤᠭ᠋ᠠᠷ ᠪᠥᠬᠥᠳᠡ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ᠎ᠳᠤ ᠰᠢᠨ᠎ᠡ ᠵᠠᠮ᠎ᠢ ᠨᠡᠭᠡᠭᠡᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠲᠤᠬᠠᠢ ᠭᠠᠷᠭ᠋ᠠᠭᠰᠠᠨ ᠲᠣᠭᠲᠠᠭ᠋ᠠᠯ ᠪᠣᠯᠣᠨ᠎ᠠ᠃

      ᠪᠥᠬᠥ ᠥᠷᠲᠡᠭᠡᠨ᠎ᠤ ᠺᠠᠳ᠋ᠷ ᠠᠵᠢᠯᠲᠠᠳ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠲᠣᠭᠲᠠᠭ᠋ᠠᠯ》᠎ᠤᠨ ᠭᠦᠨ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠬᠤ ᠵᠢᠨ ᠵᠡᠷᠭᠡ᠎ᠪᠠᠷ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠎ᠠ᠃ ᠡᠭᠦᠨ᠎ᠤ ᠬᠠᠮᠲᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠡᠨᠡ ᠬᠣᠶᠠᠷ ᠶᠡᠬᠡ ᠡᠭᠦᠷᠭᠡ ᠵᠢ ᠴᠢᠩᠭ᠎ᠠ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠥᠭᠭᠦᠭᠰᠡᠨ ᠰᠢᠨ᠎ᠡ ᠴᠠᠭ ᠦᠶ᠎ᠡ᠎ᠳᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ ᠲᠤᠬᠠᠢ ᠴᠢᠬᠤᠯᠠ ᠵᠢᠭ᠋ᠠᠪᠤᠷᠢ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠢ᠌ᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠬᠢᠨᠠᠨ ᠬᠡᠮᠵᠢᠬᠦ ᠬᠦᠴᠦᠨ ᠴᠢᠳᠠᠯ ᠵᠶ᠋ᠠᠨ ᠡᠷᠭᠦᠨ᠎ᠡ᠃

      ᠬᠣᠶᠠᠷ᠎ᠲᠤ᠂ ᠦᠨᠳᠦᠰᠦᠲᠡᠨ᠎ᠤ ᠪᠦᠯᠬᠦᠮᠳᠡᠯ᠎ᠤᠨ ᠮᠡᠳᠡᠯᠭᠡ ᠵᠢᠨ ᠰᠢᠯᠭ᠋ᠠᠯᠲᠠ ᠬᠢᠪᠡ᠃ ᠮᠡᠳᠡᠯᠭᠡ ᠵᠢᠨ ᠰᠢᠯᠭ᠋ᠠᠯᠲᠠ ᠵᠢᠨ ᠠᠵᠢᠯᠯᠠᠭ᠎ᠠ᠎ᠨᠢ ᠬᠥᠮᠥᠨ ᠪᠦᠬᠦᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠣᠢ᠌ᠯᠠᠭ᠋ᠠᠬᠤ᠂ ᠨᠢᠭᠡ ᠨᠢᠭᠡ᠎ᠪᠠᠷ ᠵᠶ᠋ᠡᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ᠎ᠳᠤ ᠣᠷᠣᠯᠴᠠᠬᠤ ᠰᠠᠢ᠍ᠢ᠍ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠵᠤ᠂ 《ᠭᠤᠷᠪᠠᠨ ᠰᠠᠯᠵᠤ ᠴᠢᠳᠠᠬᠤ ᠦᠭᠡᠢ》 《ᠳᠥᠷᠪᠡ ᠵᠢ ᠬᠠᠮᠲᠤᠳᠬᠠᠬᠤ》 《ᠲᠠᠪᠤᠨ ᠬᠠᠮᠲᠤ ᠵᠢᠨ ᠲᠠᠨᠢᠯᠲᠠ》 ᠪᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢ ᠪᠠᠲᠤ ᠴᠣᠭᠴᠠᠯᠠᠬᠤ ᠤᠬᠠᠮᠰᠠᠷ᠎ᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠵᠢᠨ ᠲᠥᠯᠥᠭᠡ ᠶᠤᠮ᠃ ᠰᠣᠷᠢᠯᠲᠠ ᠵᠢᠨ ᠠᠭᠤᠯᠭ᠎ᠠ᠎ᠳᠤ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠢ᠌ᠭᠤᠯᠬᠤ ᠵᠡᠷᠭᠡ ᠮᠡᠳᠡᠯᠭᠡ ᠵᠢ ᠬᠠᠮᠤᠷᠴᠤ᠂ ᠪᠥᠬᠥ ᠥᠷᠲᠡᠭᠡᠨ᠎ᠤ ᠠᠵᠢᠯᠲᠠᠨ ᠠᠵᠢᠯᠴᠢᠨ᠎ᠤ ᠤᠯᠤᠰ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠲᠤᠬᠠᠢ ᠣᠢ᠌ᠯᠠᠭ᠋ᠠᠯᠲᠠ ᠵᠢ ᠭᠦᠨᠵᠡᠭᠡᠢ᠌ᠷᠡᠭᠦᠯᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ ᠵᠢ ᠪᠦᠲᠦᠮᠵᠢᠲᠡᠢ ᠰᠢᠯᠭ᠋ᠠᠨ ᠪᠠᠢ᠌ᠴᠠᠭ᠋ᠠᠭᠰᠠᠨ ᠪᠠᠢ᠌ᠨ᠎ᠠ᠃

      ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠂ ᠤᠯᠠᠨ ᠲᠦᠮᠡᠨ᠎ᠤ ᠠᠵᠢᠯᠲᠠᠨ ᠠᠵᠢᠯᠴᠢᠨ ᠬᠣᠶ᠋ᠢᠰᠢᠳᠠ ᠵᠢᠨ ᠠᠵᠢᠯ᠎ᠤᠨ ᠳᠤᠮᠳᠠ᠎ᠪᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠡᠨᠡᠬᠦ ᠭᠣᠣᠯ ᠰᠢᠵᠢᠮ᠎ᠢ ᠴᠢᠩᠭ᠎ᠠ ᠠᠳᠬᠤᠵᠤ᠂ ᠴᠢᠷᠮᠠᠢ᠌ᠨ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠡᠳᠦᠷ ᠲᠤᠲᠤᠮ᠎ᠤᠨ ᠠᠵᠢᠯ᠎ᠤᠨ ᠲᠠᠯ᠎ᠠ ᠪᠦᠬᠦᠨ᠎ᠳᠤ ᠲᠤᠭᠤᠰᠢᠯᠠᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠨᠢᠳᠦᠨ᠎ᠤ ᠴᠡᠴᠡᠭᠡᠢ ᠰᠢᠭ ᠬᠠᠢ᠌ᠷᠠᠯᠠᠵᠤ᠂ ᠥᠪᠡᠷ᠎ᠤᠨ ᠠᠮᠢ ᠨᠠᠰᠤ᠎ᠪᠠᠨ ᠰᠢᠭ᠋ ᠨᠠᠨᠳᠢᠩᠨᠠᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠵᠥᠪ ᠣᠨᠣᠪᠴᠢᠲᠠᠢ ᠤᠯᠤᠰ᠎ᠤᠨ ᠦᠵᠡᠯᠲᠡ᠂ ᠦᠨᠳᠦᠰᠦᠲᠡᠨ᠎ᠤ ᠦᠵᠡᠯᠲᠡ ᠵᠢ ᠪᠠᠲᠤ ᠪᠤᠢ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠠᠮᠠᠭ᠋ᠠᠯᠠᠭᠴᠢ᠂ ᠣᠷᠣᠯᠴᠠᠭᠴᠢ᠂ ᠠᠬᠢᠭᠤᠯᠤᠭᠴᠢ ᠪᠣᠯᠬᠤ᠎ᠪᠠᠷ ᠴᠢᠷᠮᠠᠢ᠌ᠵᠤ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠥᠨ ᠮᠡᠲᠦ ᠳᠣᠲᠣᠨᠣ ᠪᠠᠢ᠌ᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠬᠠᠮᠲᠤᠪᠠᠷ ᠲᠡᠷᠭᠡᠯᠰᠢᠭᠦᠯᠬᠦ》 ᠵᠢ ᠪᠢᠴᠢᠭᠯᠡᠬᠦ᠎ᠳᠤ ᠢᠳᠡᠪᠬᠢᠲᠡᠢ ᠦᠢ᠍ᠯᠡᠳᠦᠯ ᠦᠵᠡᠭᠦᠯᠬᠦ ᠬᠡᠷᠡᠭᠲᠡᠢ᠃

      ᠭᠤᠷᠪᠠ᠎ᠳᠤ᠂ ᠦᠨᠳᠦᠰᠦᠲᠡᠨ᠎ᠤ ᠪᠦᠯᠬᠦᠮᠳᠡᠯ᠎ᠤᠨ ᠭᠣᠣᠯ ᠰᠡᠳᠦᠪᠲᠦ ᠺᠢᠨᠣ᠋ 《ᠰᠦᠨ ᠲᠡᠯᠡᠢ ᠵᠢᠨ ᠵᠡᠷᠭᠡᠯᠭᠡᠨ》᠎ᠢ ᠰᠣᠨᠢᠷᠬᠠᠪᠠ᠃ ᠺᠢᠨᠣ᠋᠎ᠳᠤ 《ᠭᠤᠷᠪᠠᠨ ᠮᠢᠩᠭ᠋ᠠᠨ ᠥᠨᠥᠴᠢᠨ ᠬᠡᠦᠬᠡᠳ ᠥᠪᠥᠷ ᠮᠣᠩᠭᠣᠯ᠎ᠳᠤ ᠦᠷᠡᠴᠢᠯᠡᠨ ᠲᠡᠵᠢᠭᠡᠭᠰᠡᠨ᠎ᠨᠢ》 ᠭᠡᠬᠦ ᠦᠨᠡᠨ ᠪᠣᠳᠠᠲᠠᠢ ᠲᠡᠦᠬᠡᠨ ᠬᠡᠷᠡᠭ ᠶᠠᠪᠤᠳᠠᠯ᠎ᠢ ᠶᠠᠷᠢᠵᠤ᠂ ᠲᠠᠯ᠎ᠠ ᠨᠤᠲᠤᠭ᠎ᠤᠨ ᠡᠵᠢ ᠬᠢᠭᠡᠳ ᠤᠯᠤᠰ᠎ᠤᠨ ᠬᠡᠦᠬᠡᠳ᠎ᠤᠨ ᠣᠨᠴᠠᠭ᠋ᠠᠢ ᠣᠨ ᠰᠠᠷ᠎ᠠ᠎ᠳᠤ ᠭᠠᠵᠠᠷ ᠣᠷᠣᠨ᠂ ᠦᠨᠳᠦᠰᠦᠲᠡᠨ ᠠᠯᠤᠰᠯᠠᠭᠰᠠᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠎ᠤᠨ ᠰᠡᠳᠬᠢᠯᠭᠡ ᠵᠢ ᠪᠥᠬᠥ ᠲᠠᠯ᠎ᠠ᠎ᠪᠠᠷ ᠳᠡᠯᠭᠡᠨ ᠦᠵᠡᠭᠦᠯᠵᠡᠢ᠃ ᠲᠣᠭᠣᠷᠢᠨ ᠦᠵᠡᠬᠦ ᠶᠠᠪᠤᠴᠠ᠎ᠳᠤ᠂ ᠪᠦᠬᠦ ᠨᠥᠬᠥᠳ ᠡᠨᠡᠬᠦ ᠣᠷᠭᠢᠯᠤᠮ᠎ᠠ ᠬᠠᠯᠠᠭᠤᠨ ᠬᠠᠢ᠌ᠷ᠎ᠠ ᠰᠡᠳᠬᠢᠯᠭᠡ᠎ᠲᠠᠢ ᠣᠨ ᠰᠠᠷ᠎ᠠ᠎ᠳᠤ ᠰᠣᠭᠲᠣᠭᠤᠷᠠᠵᠤ᠂ ᠲᠠᠯ᠎ᠠ ᠨᠤᠲᠤᠭ᠎ᠤᠨ ᠠᠷᠠᠳ ᠲᠦᠮᠡᠨ᠎ᠤ ᠠᠰᠪᠤᠷ ᠴᠠᠭ᠋ᠠᠪᠤᠷ ᠵᠠᠩ᠎ᠢ ᠮᠡᠳᠡᠷᠡᠵᠦ᠂ ᠭᠠᠵᠠᠷ ᠣᠷᠣᠨ᠂ ᠦᠨᠳᠦᠰᠦᠲᠡᠨ ᠠᠯᠤᠰᠯᠠᠭᠰᠠᠨ᠂ ᠴᠢᠰᠤᠨ ᠤᠳᠤᠮ ᠠᠯᠤᠰᠯᠠᠭᠰᠠᠨ᠂ ᠴᠠᠭ ᠣᠷᠣᠨ ᠵᠠᠢ ᠠᠯᠤᠰᠯᠠᠭᠰᠠᠨ ᠦᠨᠳᠦᠰᠦᠲᠡᠨ᠎ᠤ ᠶᠡᠬᠡ ᠬᠠᠶ᠋ᠢᠷ᠎ᠠ ᠵᠢ ᠮᠡᠳᠡᠷᠡᠵᠦ᠂ ᠡᠨᠡᠬᠦ ᠲᠡᠯᠡᠢ᠎ᠠᠴᠠ ᠭᠦᠨ ᠡᠨᠡᠷᠢᠯ ᠬᠠᠶ᠋ᠢᠷ᠎ᠠ᠂ ᠲᠠᠯ᠎ᠠ ᠨᠤᠲᠤᠭ᠎ᠠᠴᠠ ᠥᠷᠭᠡᠨ ᠠᠭᠤᠳᠠᠮ ᠳᠦᠷᠦᠯ ᠰᠠᠳᠤᠨ᠎ᠤ ᠬᠠᠶ᠋ᠢᠷ᠎ᠠ ᠰᠡᠳᠬᠢᠯᠭᠡ᠎ᠳᠤ ᠰᠡᠳᠬᠢᠯ ᠬᠥᠳᠡᠯᠵᠦ᠂ ᠡᠷᠬᠡ ᠦᠭᠡᠢ ᠨᠢᠯᠪᠤᠰᠤ ᠤᠨᠠᠭ᠋ᠠᠪᠠ᠃

      ᠺᠢᠨᠣ᠋ ᠵᠢ ᠦᠵᠡᠭᠰᠡᠨ᠎ᠤ ᠳᠠᠷᠠᠭ᠎ᠠ ᠤᠯᠠᠨ ᠵᠶ᠋ᠠᠷ ᠵᠶ᠋ᠠᠨ᠄ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠡᠨᠡᠬᠦ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ᠎ᠤᠨ ᠲᠣᠭᠣᠷᠢᠨ᠎ᠳᠤ᠂ ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠬᠣᠶ᠋ᠢᠰᠢᠳᠠ ᠵᠢᠨ ᠠᠵᠢᠯ᠎ᠳᠠᠭᠠᠨ ᠲᠤᠭᠤᠰᠢᠯᠠᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠲᠠᠪᠤᠨ ᠶᠡᠬᠡ ᠡᠭᠦᠷᠭᠡ》᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠳᠤ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠪᠡ᠃

      ᠳᠥᠷᠪᠡ᠎ᠳᠤ ᠤᠬᠠᠭᠤᠯᠭ᠎ᠠ ᠵᠢᠨ ᠰᠠᠮᠪᠠᠷ᠎ᠠ ᠵᠣᠬᠢᠶᠠᠵᠤ᠂ ᠪᠥᠬᠥ ᠥᠷᠲᠡᠭᠡᠨ᠎ᠤ ᠠᠵᠢᠯᠲᠠᠳ᠎ᠲᠤ ᠬᠠᠮᠢᠶ᠎ᠠ ᠪᠦᠬᠦᠢ ᠵᠣᠷᠢᠭ ᠰᠠᠨᠠᠭ᠎ᠠ ᠵᠢ ᠤᠬᠠᠭᠤᠯᠪᠠ᠃ ᠦᠵᠡᠭᠦᠯᠭᠡ ᠵᠢᠨ ᠰᠠᠮᠪᠠᠷ᠎ᠠ ᠵᠢᠨ ᠬᠡᠯᠪᠡᠷᠢ᠎ᠪᠠᠷ ᠳᠠᠮᠵᠢᠭᠤᠯᠤᠨ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠎ᠳᠤ 《ᠲᠠᠪᠤᠨ ᠶᠡᠬᠡ ᠡᠭᠦᠷᠭᠡ》 ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠬᠠᠮᠢᠶ᠎ᠠ ᠪᠦᠬᠦᠢ ᠮᠡᠳᠡᠯᠭᠡ ᠵᠢ ᠤᠬᠠᠭᠤᠯᠵᠤ᠂ ᠰᠠᠶ᠋ᠢᠨ ᠰᠠᠢ᠌ᠬᠠᠨ ᠰᠤᠷᠤᠯᠴᠠᠬᠤ ᠠᠭᠤᠷ ᠠᠮᠢᠰᠬᠤᠯ᠎ᠢ ᠪᠤᠢ ᠪᠣᠯᠭ᠋ᠠᠵᠤ᠂ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠵᠥᠪ ᠣᠢ᠌ᠯᠠᠭ᠋ᠠᠭᠤᠯᠵᠤ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠴᠢᠩᠭ᠋ᠠᠳᠬᠠᠨ᠂ ᠦᠨᠳᠦᠰᠦᠲᠡᠨ᠎ᠤ ᠪᠦᠯᠬᠦᠮᠳᠡᠯ᠎ᠤᠨ ᠦᠵᠡᠯ ᠰᠠᠨᠠᠭ᠎ᠠ ᠵᠢ ᠠᠵᠢᠯᠲᠠᠨ ᠠᠵᠢᠯᠴᠢᠨ ᠨᠢᠭᠡᠪᠦᠷᠢ ᠵᠢᠨ ᠰᠡᠳᠬᠢᠯ᠎ᠳᠤ ᠦᠨᠳᠦᠰᠦᠯᠡᠭᠦᠯᠦᠨ᠎ᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠄ ᠦᠷ ᠦᠳᠡᠰᠢ᠎ᠲᠠᠢ ᠲᠡᠮᠡᠴᠡᠨ ᠰᠢᠮᠳᠠᠨ ᠰᠤᠷᠤᠯᠴᠠᠵᠤ ᠴᠢᠳᠠᠪᠤᠷᠢ᠎ᠪᠠᠨ ᠳᠡᠬᠡᠭᠰᠢᠯᠡᠬᠦᠯᠦᠨ᠎ᠡ
2023 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠳ᠋ᠦᠩᠨᠡᠯᠲᠡ ᠵᠢᠨ ᠬᠤᠷᠠᠯ ᠤᠷᠤᠭᠰᠢᠲᠠᠢ ᠬᠤᠷᠠᠯᠳᠤᠪᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠱᠦᠵᠢ  ᠥᠷᠲᠡᠭᠡᠨ ᠳᠠᠷᠤᠭ᠎ᠠ ᠲᠢᠶᠠᠨ ᠶᠦᠩ ᠯᠢ ᠨᠠᠷ ᠲᠦᠩᠯᠢᠶᠣᠣ ᠵᠢᠨ ᠬᠤᠪᠢᠶᠠᠷᠢ ᠥᠷᠲᠡᠭᠡ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠠᠵᠢᠯ᠎ᠤᠨ ᠬᠤᠷᠠᠯ ᠬᠤᠷᠠᠯᠳᠤᠭᠤᠯᠪᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠨᠢᠭᠤᠴᠠ ᠵᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》 ᠵᠢ ᠲᠥᠪᠯᠡᠷᠡᠭᠦᠯᠦᠨ ᠰᠤᠷᠤᠯᠴᠠᠪᠠ
 
             蒙ICP备05000248号