ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠬᠦᠨᠳᠦ ᠨᠠᠢ᠌ᠳᠠᠯᠭ᠎ᠠ ᠵᠢ ᠪᠠᠲᠤ ᠴᠡᠭᠡᠵᠢᠯᠡᠨ ᠠᠴᠢ ᠡᠨᠡᠷᠢᠯ᠎ᠳᠤ ᠲᠠᠯᠠᠷᠬᠠᠨ ᠡᠷᠡᠯᠬᠡᠭᠯᠡᠨ ᠤᠷᠤᠭᠰᠢᠯᠠᠨ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ —  ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠬᠠᠮᠲᠤᠷᠠᠨ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠂ ᠥᠪᠥᠷ ᠮᠣᠩᠭᠣᠯ᠎ᠤᠨ ᠪᠠᠶ᠋ᠢᠳᠠᠯ᠎ᠢ ᠣᠢ᠌ᠯᠠᠭ᠋ᠠᠬᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ
ᠨᠡᠶ᠋ᠢᠲᠡᠯᠡᠭᠰᠡᠨ ᠴᠠᠭ᠄ 2023-09-11

      ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮ ᠨᠢᠭᠡ ᠠᠯᠬᠤᠮ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠳᠠᠯ᠎ᠢ ᠭᠦᠨᠵᠡᠭᠡᠢ ᠣᠢ᠌ᠯᠠᠭ᠋ᠠᠬᠤ ᠵᠢᠨ ᠲᠥᠯᠥᠭᠡ᠂ 7 ᠰᠠᠷ᠎ᠠ ᠵᠢᠨ 7᠎ᠤ ᠦᠳᠡ ᠵᠢᠨ ᠬᠣᠢ᠌ᠨ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠨᠠᠮ᠎ᠤᠨ ᠶᠡᠷᠦᠩᠬᠡᠢ ᠡᠭᠦᠷ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠠᠵᠢᠯᠲᠠᠨ᠎ᠤ ᠶᠠᠪᠤᠳᠠᠯ᠎ᠤᠨ ᠭᠠᠵᠠᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠣᠯᠣᠨ ᠡᠳ᠋᠎ᠤᠨ ᠶᠠᠪᠤᠳᠠᠯ᠎ᠤᠨ ᠭᠠᠵᠠᠷ ᠪᠣᠯᠣᠨ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠ ᠭᠠᠳᠠᠭᠰᠢᠯᠠᠭᠤᠯᠬᠤ ᠵᠢ ᠬᠠᠮᠢᠶᠠᠷᠬᠤ ᠭᠠᠵᠠᠷ᠎ᠤᠨ ᠨᠠᠮ᠎ᠤᠨ ᠡᠭᠦᠷ ᠬᠠᠮᠲᠤᠪᠠᠷ ᠥᠪᠥᠷ ᠮᠣᠩᠭᠣᠯ᠎ᠤᠨ ᠪᠠᠶ᠋ᠢᠭ᠋ᠠᠯᠢ ᠵᠢᠨ ᠮᠦᠽᠧᠢ᠎ᠳᠤ ᠬᠦᠷᠴᠦ 《ᠬᠦᠨᠳᠦ ᠨᠠᠢ᠌ᠳᠠᠯᠭ᠎ᠠ ᠵᠢ ᠪᠠᠲᠤ ᠴᠡᠭᠡᠵᠢᠯᠡᠨ ᠠᠴᠢ ᠡᠨᠡᠷᠢᠯ᠎ᠳᠤ  ᠲᠠᠯᠠᠷᠬᠠᠨ ᠡᠷᠡᠯᠬᠡᠭᠯᠡᠨ ᠤᠷᠤᠭᠰᠢᠯᠠᠨ ᠡᠬᠡ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠨ᠎ᠠ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠡᠢ᠃ ᠪᠦᠬᠦ ᠨᠠᠮ᠎ᠤᠨ ᠭᠡᠰᠢᠭᠦᠨ ᠵᠢᠴᠢ ᠬᠡᠰᠡᠭ ᠨᠠᠮ᠎ᠤᠨ ᠭᠡᠰᠢᠭᠦᠨ ᠪᠤᠰᠤ ᠨᠥᠬᠥᠳ ᠣᠷᠣᠯᠴᠠᠵᠠᠢ᠃

      ᠡᠨᠡ ᠤᠳᠠᠭ᠋ᠠᠨ᠎ᠤ ᠠᠵᠢᠯᠯᠠᠭ᠎ᠠ᠎ᠨᠢ ᠪᠦᠬᠦ ᠨᠠᠮ᠎ᠤᠨ ᠭᠡᠰᠢᠭᠦᠨ ᠺᠠᠳ᠋ᠷ ᠠᠵᠢᠯᠲᠠᠳ᠎ᠲᠤ ᠰᠦᠷᠯᠢᠭ ᠰᠠᠢ᠌ᠬᠠᠨ ᠥᠪᠥᠷ ᠮᠣᠩᠭᠣᠯ᠎ᠢ ᠤᠯᠠᠮ ᠨᠢᠭᠡ ᠠᠯᠬᠤᠮ ᠣᠢ᠌ᠯᠠᠭ᠋ᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠪᠣᠯᠭ᠋ᠠᠨ ᠪᠦᠲᠦᠭᠡᠨ ᠪᠠᠢ᠌ᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠢ᠌ᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠪᠦᠲᠦᠭᠡᠨ ᠪᠠᠢ᠌ᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠴᠣᠭᠴᠠᠯᠠᠬᠤ》 ᠪᠠᠢ᠌ᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠳᠠᠬᠢᠨᠲᠠ ᠭᠦᠨᠵᠡᠭᠡᠢ ᠣᠢ᠌ᠯᠠᠭ᠋ᠠᠪᠠ᠃

      ᠲᠣᠰ ᠤᠳᠠᠭ᠋ᠠᠨ᠎ᠤ ᠠᠵᠢᠯᠯᠠᠭ᠎ᠠ᠎ᠨᠢ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ ᠵᠶ᠋ᠠᠨ ᠬᠠᠢ᠌ᠷᠠᠯᠠᠵᠤ ᠤᠯᠤᠰ ᠵᠶ᠋ᠠᠨ ᠬᠠᠢ᠌ᠷᠠᠯᠠᠵᠤ ᠨᠤᠲᠤᠭ ᠤᠰᠤ᠎ᠪᠠᠨ ᠬᠠᠢ᠌ᠷᠠᠯᠠᠬᠤ ᠰᠡᠳᠬᠢᠯᠭᠡ ᠵᠢ ᠤᠯᠠᠮ ᠨᠢᠭᠡ ᠠᠯᠬᠤᠮ ᠬᠥᠭᠵᠢᠭᠡᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠨᠠᠩ ᠣᠷᠭᠢᠯᠤᠮ᠎ᠠ ᠬᠠᠯᠠᠭᠤᠨ ᠰᠡᠳᠬᠢᠯᠭᠡ᠎ᠪᠠᠷ ᠠᠵᠢᠯ᠎ᠳᠠᠭᠠᠨ ᠣᠷᠣᠯᠴᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭ᠋ᠠᠨ᠂ ᠡᠨᠡ ᠬᠦ᠌ ᠬᠥᠬᠡᠮᠳᠦᠭ ᠨᠣᠭᠣᠭ᠋ᠠᠨ᠂ ᠡᠨᠡ ᠬᠦ᠌ ᠠᠷᠢᠭᠤᠨ ᠴᠡᠪᠡᠷ᠎ᠢ ᠰᠠᠬᠢᠨ ᠬᠠᠮᠠᠭ᠋ᠠᠯᠠᠵᠤ᠂ ᠬᠥᠮᠥᠨ ᠪᠠᠶ᠋ᠢᠭ᠋ᠠᠯᠢ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠢ᠌ᠬᠠᠨ ᠭᠡᠷ ᠣᠷᠣᠨ᠎ᠢ ᠴᠢᠷᠮᠠᠢ᠌ᠨ ᠪᠦᠲᠦᠭᠡᠨ ᠪᠠᠢ᠌ᠭᠤᠯᠬᠤ ᠵᠢ ᠵᠣᠷᠢᠭᠵᠢᠭᠤᠯᠵᠠᠢ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠬᠦᠷᠢᠶᠡᠯᠡᠩ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠴᠢ ᠲᠥᠪ᠎ᠤᠨ ᠣᠨ᠎ᠤ ᠳᠤᠮᠳᠠᠬᠢ ᠬᠢᠨᠠᠨ ᠰᠢᠯᠭ᠋ᠠᠯᠲᠠ ᠵᠢᠨ ᠬᠤᠷᠠᠯ ᠬᠤᠷᠠᠯᠳᠤᠭᠤᠯᠪᠠ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠭᠣᠣᠯ ᠰᠡᠳᠦᠪᠲᠦ ᠬᠥᠮᠦᠵᠢᠯ᠎ᠤᠨ ᠪᠠᠢ᠌ᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠠᠬᠢᠭᠤᠯᠪᠠ
ᠣᠷᠣᠨ ᠨᠤᠲᠤᠭ᠎ᠲᠤ ᠦᠢ᠍ᠯᠡᠴᠢᠯᠡᠵᠦ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠢᠨ᠎ᠡ ᠪᠠᠶ᠋ᠢᠳᠠᠯ᠎ᠢ ᠴᠢᠷᠮᠠᠢ᠌ᠨ ᠡᠭᠦᠳᠰᠦᠭᠡᠢ — ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠥᠬᠡᠬᠣᠲᠠ ᠵᠢᠨ ᠬᠤᠪᠢᠶᠠᠷᠢ ᠥᠷᠲᠡᠭᠡ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠪᠤᠭᠤᠲᠤ ᠵᠢᠨ ᠬᠤᠪᠢᠶᠠᠷᠢ ᠥᠷᠲᠡᠭᠡ᠎ᠳᠤ 《40 ᠳ᠋ᠦ᠍ᠭᠡᠷ ᠪᠥᠬᠥ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ》 ᠵᠢᠨ ᠰᠢᠷᠢᠰ ᠠᠵᠢᠯᠯᠠᠭ᠎ᠠ ᠵᠢ ᠢᠳᠡᠪᠬᠢᠲᠡᠢ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ᠄ ᠦᠷ ᠦᠳᠡᠰᠢ᠎ᠲᠠᠢ ᠲᠡᠮᠡᠴᠡᠨ ᠰᠢᠮᠳᠠᠨ ᠰᠤᠷᠤᠯᠴᠠᠵᠤ ᠴᠢᠳᠠᠪᠤᠷᠢ᠎ᠪᠠᠨ ᠳᠡᠬᠡᠭᠰᠢᠯᠡᠬᠦᠯᠦᠨ᠎ᠡ
 
             蒙ICP备05000248号