ᠠᠵᠢᠯᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠲᠥᠪ (ᠬᠡᠯᠲᠡᠰ ᠲᠠᠰᠤᠭ)᠎ᠤᠨ ᠠᠵᠢᠯ᠎ᠤᠨ ᠪᠣᠳᠠᠲᠤ ᠠᠮᠵᠢᠯᠲᠠ ᠵᠢ ᠪᠤᠰᠤᠳᠴᠢ᠎ᠪᠠᠷ ᠦᠨᠡᠯᠡᠵᠦ᠂ ᠬᠢᠨᠠᠨ ᠰᠢᠯᠭ᠋ᠠᠬᠤ ᠲᠣᠭᠲᠠᠴᠠ ᠵᠢᠨ ᠤᠳᠤᠷᠢᠳᠤᠮᠵᠢ᠂ ᠬᠢᠨᠠᠯᠲᠠ ᠪᠠ ᠤᠷᠮᠠᠰᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠣᠨ᠎ᠤ ᠳᠤᠮᠳᠠᠬᠢ ᠬᠢᠨᠠᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ ᠵᠢᠨ ᠬᠠᠮᠢᠶ᠎ᠠ ᠪᠦᠬᠦᠢ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠬᠣᠷᠢᠶ᠎ᠠ 8 ᠰᠠᠷ᠎ᠠ ᠵᠢᠨ 8᠎ᠤ ᠡᠳᠦᠷ 2023 ᠣᠨ᠎ᠤ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢᠴᠢ ᠲᠥᠪ (ᠬᠡᠯᠲᠡᠰ ᠲᠠᠰᠤᠭ)᠎ᠤᠨ ᠣᠨ᠎ᠤ ᠳᠤᠮᠳᠠᠬᠢ ᠬᠢᠨᠠᠨ ᠰᠢᠯᠭ᠋ᠠᠬᠤ ᠬᠤᠷᠠᠯ᠎ᠢ ᠬᠤᠷᠠᠯᠳᠤᠭᠤᠯᠵᠤ᠂ ᠪᠥᠬᠥ ᠺᠠᠳ᠋ᠷ ᠠᠵᠢᠯᠲᠠᠨ ᠬᠠᠮᠲᠤ᠎ᠪᠠᠷ ᠬᠤᠷᠠᠯ᠎ᠳᠤ ᠣᠷᠣᠯᠴᠠᠪᠠ᠃
ᠬᠤᠷᠠᠯ᠎ᠠᠴᠠ 11 ᠲᠥᠪ (ᠬᠡᠯᠲᠡᠰ ᠲᠠᠰᠤᠭ)᠎ᠤᠨ ᠳᠡᠭᠡᠷ᠎ᠡ ᠬᠠᠭ᠋ᠠᠰ ᠵᠢᠯ᠎ᠤᠨ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠢᠦᠢ ᠰᠢᠶᠣᠣ ᠳ᠋ᠦᠩ ᠱᠦᠵᠢ᠂ ᠡᠾᠦᠧᠧ ᠰᠢᠶᠣᠣ ᠵᠢᠶᠦ᠋ᠨ ᠳᠡᠳ᠋ ᠬᠣᠷᠢᠶᠠᠨ ᠳᠠᠷᠤᠭ᠎ᠠ᠂ ᠬᠤ᠌ ᠱᠧᠩ ᠷᠥᠩ ᠳᠡᠳ᠋ ᠬᠣᠷᠢᠶᠠᠨ ᠳᠠᠷᠤᠭ᠎ᠠ ᠤᠷᠢᠳ ᠬᠣᠵᠢᠳ ᠬᠠᠷᠢᠭᠤ ᠮᠡᠳᠡᠭᠦᠯᠦᠯᠲᠡ ᠵᠢᠨ ᠠᠭᠤᠯᠭ᠎ᠠ᠎ᠳᠤ ᠪᠣᠳᠠᠲᠠᠢ ᠦᠨᠡᠯᠡᠯᠲᠡ ᠬᠢᠵᠡᠢ᠃ ᠲᠤᠰ ᠬᠣᠷᠢᠶᠠᠨ᠎ᠤ ᠪᠦᠬᠦ ᠺᠠᠳ᠋ᠷ ᠠᠵᠢᠯᠲᠠᠨ᠎ᠤ ᠬᠠᠷᠢᠭᠤ ᠮᠡᠳᠡᠭᠦᠯᠦᠯᠲᠡ ᠳᠠᠭᠤᠰᠤᠭᠰᠠᠨ᠎ᠤ ᠳᠠᠷᠠᠭ᠎ᠠ᠂ ᠡᠯ᠎ᠡ ᠰᠠᠯᠠᠭ᠎ᠠ ᠮᠥᠴᠢᠷ᠎ᠤᠨ ᠤᠯᠤᠰ ᠲᠥᠷᠥ ᠦᠵᠡᠯ ᠰᠠᠨᠠᠭ᠋ᠠᠨ᠎ᠤ ᠪᠠᠢ᠌ᠭᠤᠯᠤᠯᠲᠠ᠂ ᠲᠤᠰᠬᠠᠢ ᠮᠡᠷᠭᠡᠵᠢᠯ᠎ᠤᠨ ᠬᠢᠷᠢ ᠲᠦᠪᠰᠢᠨ᠂ ᠠᠵᠢᠯ᠎ᠤᠨ ᠪᠣᠳᠠᠲᠤ ᠪᠦᠲᠦᠮᠵᠢ᠂ ᠠᠵᠢᠯ᠎ᠤᠨ ᠰᠤᠷᠲᠠᠯ ᠬᠢᠭᠡᠳ ᠪᠦᠯᠬᠦᠮᠳᠡᠨ ᠬᠠᠮᠵᠢᠯᠴᠠᠬᠤ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠡᠷᠭᠡ ᠲᠠᠪᠤᠨ ᠲᠠᠯ᠎ᠠ ᠵᠢᠨ ᠪᠣᠳᠠᠲᠠᠢ ᠠᠵᠢᠯ᠎ᠤᠨ ᠢᠯᠡᠷᠡᠯ᠎ᠢ ᠦᠨᠳᠦᠰᠦᠯᠡᠨ ᠰᠢᠯᠭ᠋ᠠᠨ ᠦᠨᠡᠯᠡᠵᠦ ᠬᠤᠪᠢ ᠣᠯᠭᠣᠨ᠎ᠠ᠃
ᠲᠣᠰ ᠤᠳᠠᠭ᠋ᠠᠨ᠎ᠤ ᠬᠢᠨᠠᠨ ᠰᠢᠯᠭ᠋ᠠᠬᠤ ᠬᠤᠷᠠᠯ᠎ᠢ ᠡᠷᠭᠢᠯᠡᠭᠰᠡᠨ᠎ᠨᠢ ᠡᠯ᠎ᠡ ᠰᠠᠯᠠᠭ᠎ᠠ ᠮᠥᠴᠢᠷ᠎ᠤᠨ ᠲᠦᠷᠦᠭᠦᠸ᠋ ᠬᠠᠭ᠋ᠠᠰ ᠵᠢᠯ᠎ᠤᠨ ᠠᠵᠢᠯ᠎ᠤᠨ ᠠᠮᠵᠢᠯᠲᠠ ᠪᠦᠲᠦᠮᠵᠢ ᠵᠢ ᠬᠠᠷᠠᠭᠤᠯᠤᠭᠰᠠᠨ ᠵᠶ᠋ᠠᠷ ᠪᠠᠷᠠᠬᠤ ᠦᠭᠡᠢ᠂ ᠪᠠᠰᠠ ᠡᠯ᠎ᠡ ᠲᠥᠪ (ᠬᠡᠯᠲᠡᠰ ᠲᠠᠰᠤᠭ)᠎ᠤᠨ ᠬᠣᠭᠤᠷᠤᠨᠳᠤᠬᠢ ᠣᠢ᠌ᠯᠠᠭ᠋ᠠᠯᠴᠠᠭ᠎ᠠ ᠵᠢ ᠤᠯᠠᠮ ᠨᠢᠭᠡ ᠠᠯᠬᠤᠮ ᠨᠡᠮᠡᠭᠳᠡᠭᠦᠯᠦᠭᠰᠡᠨ᠎ᠤ ᠬᠠᠮᠲᠤ ᠮᠠᠨ᠎ᠤ ᠬᠣᠷᠢᠶᠠᠨ᠎ᠤ ᠳᠣᠣᠷ᠎ᠠ ᠬᠠᠭ᠋ᠠᠰ ᠵᠢᠯ᠎ᠤᠨ ᠠᠵᠢᠯ ᠵᠶ᠋ᠠᠨ ᠨᠠᠩ ᠰᠠᠶ᠋ᠢᠨ ᠥᠷᠨᠢᠭᠦᠯᠬᠦ᠎ᠳᠤ ᠰᠠᠶ᠋ᠢᠨ ᠰᠠᠭᠤᠷᠢ ᠲᠠᠯᠪᠢᠵᠤ ᠥᠭᠭᠦᠭᠰᠡᠨ ᠪᠠᠢ᠌ᠨ᠎ᠠ᠃