7 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠨᠠᠮ᠎ᠤᠨ ᠬᠣᠷᠢᠶ᠎ᠠ ᠵᠢᠨ ᠤᠨᠤᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ (ᠥᠷᠭᠡᠳᠬᠡᠭᠰᠡᠨ)᠎ᠤᠨ 12 ᠳ᠋ᠤᠭ᠋ᠠᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠵᠢᠴᠢ ᠭᠣᠣᠯ ᠰᠡᠳᠦᠪᠲᠦ ᠬᠥᠮᠦᠵᠢᠯ᠎ᠤᠨ ᠤᠳᠤᠷᠢᠳᠬᠤ ᠳᠤᠭᠤᠢ᠌ᠯᠠᠩ᠎ᠤᠨ 4 ᠳ᠋ᠦ᠍ᠭᠡᠷ ᠤᠳᠠᠭ᠎ᠠ ᠵᠢᠨ ᠠᠵᠢᠯ᠎ᠤᠨ ᠬᠤᠷᠠᠯ᠎ᠢ ᠬᠤᠷᠠᠯᠳᠤᠭᠤᠯᠪᠠ᠃ ᠬᠤᠷᠠᠯ᠎ᠠᠴᠠ 《ᠶᠡᠷᠦᠩᠬᠡᠢ ᠱᠦᠵᠢ ᠵᠢᠨ ᠵᠢᠶᠠᠩᠰᠤ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ》 ᠵᠡᠷᠭᠡ ᠠᠭᠤᠯᠭ᠎ᠠ ᠵᠢ ᠤᠯᠠᠮᠵᠢᠯᠠᠨ ᠰᠤᠷᠤᠯᠴᠠᠵᠤ᠂ ᠭᠣᠣᠯ ᠰᠡᠳᠦᠪᠲᠦ ᠬᠥᠮᠦᠵᠢᠯ᠎ᠤᠨ ᠵᠢᠷᠭᠤᠭ᠋ᠠᠨ ᠪᠠᠢ᠌ᠴᠠᠭ᠋ᠠᠨ ᠰᠤᠳᠤᠯᠬᠤ ᠰᠡᠳᠦᠪ᠎ᠤᠨ ᠠᠬᠢᠴᠠ ᠵᠢ ᠠᠬᠢᠭᠤᠯᠵᠤ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠲᠣᠬᠢᠷᠠᠭᠤᠯᠪᠠ᠃
ᠶᠡᠷᠦᠩᠬᠡᠢ ᠥᠷᠲᠡᠭᠡᠨ᠎ᠤ ᠤᠳᠤᠷᠢᠳᠬᠤ ᠪᠠᠭ ᠲᠣᠰ ᠲᠣᠰ᠎ᠤᠨ ᠬᠠᠷᠢᠭᠤᠴᠠᠵᠤ ᠪᠠᠢ᠌ᠭ᠎ᠠ ᠪᠠᠢ᠌ᠴᠠᠭ᠋ᠠᠨ ᠰᠤᠳᠤᠯᠤᠯᠲᠠ ᠵᠢᠨ ᠰᠡᠳᠦᠪ᠎ᠤᠨ ᠠᠬᠢᠴᠠ ᠵᠢᠨ ᠲᠤᠬᠠᠢ ᠬᠤᠷᠠᠯ᠎ᠳᠤ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠪᠠᠢ᠌ᠴᠠᠭ᠋ᠠᠨ ᠰᠤᠳᠤᠯᠤᠯᠲᠠ ᠬᠢᠬᠦ ᠵᠢᠨ ᠳᠠᠭ᠋ᠠᠤ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠤᠭᠰᠠᠨ ᠠᠬᠢᠴᠠ ᠵᠢ ᠲᠠᠨᠢᠯᠴᠠᠭᠤᠯᠪᠠ᠃ 《ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠬᠢᠭᠡᠳ ᠵᠠᠳᠠᠯᠤᠯᠲᠠ ᠵᠢᠨ ᠠᠵᠢᠯ᠎ᠤᠨ ᠪᠠᠶ᠋ᠢᠷᠢ ᠵᠢᠨ ᠠᠭᠤᠰᠤᠯᠴᠠᠯ᠎ᠢ ᠠᠬᠢᠭᠤᠯᠬᠤ》 ᠪᠠᠢ᠌ᠴᠠᠭ᠋ᠠᠨ ᠰᠤᠳᠤᠯᠤᠯᠲᠠ ᠵᠢᠨ ᠰᠡᠳᠦᠪ᠂ 《ᠳᠣᠷᠣᠭᠰᠢ ᠰᠠᠭᠤᠬᠤ᠂ ᠭᠠᠷᠴᠤ ᠶᠠᠪᠤᠬᠤ》 ᠠᠷᠭ᠎ᠠ᠎ᠪᠠᠷ ᠣᠷᠣᠨ ᠪᠠᠶ᠋ᠢᠷᠢ᠂ ᠬᠡᠪᠴᠢᠶ᠎ᠡ᠂ ᠴᠢᠳᠠᠪᠤᠷᠢ᠎ᠪᠠᠷ᠎ᠨᠢ ᠲᠥᠯᠥᠭᠡᠯᠡᠭᠴᠢ ᠵᠢ ᠰᠣᠩᠭᠣᠨ ᠥᠷᠲᠡᠭᠡ ᠬᠤᠪᠢᠶᠠᠨ ᠲᠥᠷᠥᠯ ᠬᠤᠪᠢᠶᠠᠨ ᠪᠠᠢ᠌ᠴᠠᠭ᠋ᠠᠵᠤ᠂ ᠣᠳᠣᠬᠠᠨ᠎ᠤ ᠶᠡᠷᠦᠩᠬᠡᠢ ᠥᠷᠲᠡᠭᠡᠨ᠎ᠤ ᠰᠢᠰᠲ᠋ᠧᠮ᠂ ᠬᠤᠪᠢᠶᠠᠷᠢ ᠥᠷᠲᠡᠭᠡᠨ᠎ᠤ ᠲᠤᠰ ᠪᠡᠶ᠎ᠡ ᠵᠢᠴᠢ ᠲᠢᠩᠬᠢᠮ᠎ᠤᠨ ᠰᠢᠰᠲ᠋ᠧᠮ᠎ᠤᠨ ᠬᠢᠨᠠᠨ ᠬᠡᠮᠵᠢᠬᠦ ᠬᠦᠷᠢᠶᠡᠨ᠎ᠳᠠᠬᠢ ᠠᠵᠢᠯ᠎ᠤᠨ ᠪᠠᠶ᠋ᠢᠷᠢ ᠵᠢᠨ ᠠᠭᠤᠰᠤᠯᠴᠠᠭᠰᠠᠨ ᠪᠠᠶ᠋ᠢᠳᠠᠯ᠎ᠢ ᠦᠨᠳᠦᠰᠦᠨ᠎ᠳᠡᠭᠡᠨ ᠲᠣᠳᠣᠷᠬᠠᠢ ᠣᠢ᠌ᠯᠠᠭ᠋ᠠᠵᠤ᠂ ᠬᠢᠨᠠᠨ ᠬᠡᠮᠵᠢᠬᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠲᠣᠭ᠎ᠠ ᠪᠠᠷᠢᠮᠲᠠ ᠵᠢᠨ ᠵᠠᠳᠠᠯᠤᠯᠲᠠ ᠵᠢᠴᠢ ᠦᠢ᠍ᠯᠡᠴᠢᠯᠡᠭᠡᠨ᠎ᠤ ᠬᠠᠮᠲᠤᠷᠠᠯᠴᠠᠭ᠎ᠠ ᠵᠡᠷᠭᠡ ᠲᠠᠯ᠎ᠠ᠎ᠪᠠᠷ ᠣᠷᠣᠰᠢᠵᠤ ᠪᠠᠢ᠌ᠭ᠎ᠠ ᠠᠰᠠᠭᠤᠳᠠᠯ᠎ᠢ ᠳ᠋ᠦᠩᠨᠡᠨ ᠵᠠᠳᠠᠯᠵᠤ᠂ ᠵᠢᠶᠠᠩᠰᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ᠎ᠤᠨ ᠣᠷᠣᠨ ᠨᠤᠲᠤᠭ᠎ᠤᠨ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠰᠠᠢ᠍ᠢ᠍ᠨ ᠠᠷᠭ᠎ᠠ ᠬᠢᠳᠡᠯ᠎ᠢ ᠰᠤᠷᠤᠯᠴᠠᠨ ᠲᠣᠯᠢᠯᠠᠵᠤ᠂ ᠰᠢᠨᠵᠢᠯᠡᠬᠦ ᠤᠬᠠᠭ᠋ᠠᠨ᠎ᠤ ᠬᠦᠷᠢᠶᠡᠯᠡᠩ ᠭᠠᠵᠠᠷ᠎ᠢ ᠰᠢᠩᠭᠡᠬᠡᠨ ᠠᠪᠬᠤ᠂ 《ᠨᠢᠭᠡ ᠠᠷᠪᠠ ᠵᠠᠭᠤ》 ᠵᠢᠨ ᠴᠢᠳᠠᠪᠤᠷᠢᠲᠠᠨ᠎ᠢ ᠰᠢᠯᠢᠨ ᠰᠣᠩᠭᠣᠬᠤ᠂ ᠭᠤᠯᠳᠤ ᠴᠢᠭᠯᠡᠯ᠎ᠤᠨ ᠦᠢ᠍ᠯᠡᠴᠢᠯᠡᠭᠡ ᠵᠢ ᠥᠷᠨᠢᠭᠦᠯᠬᠦ᠂ 《1+12+N》 ᠨᠡᠭᠡᠭᠡᠯᠲᠡᠲᠤ ᠵᠠᠭᠪᠤᠷ᠎ᠢ ᠪᠠᠢ᠌ᠭᠤᠯᠬᠤ ᠵᠡᠷᠭᠡ ᠠᠷᠭ᠎ᠠ ᠬᠡᠮᠵᠢᠶ᠎ᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠪᠠᠢ᠌ᠴᠠᠭ᠋ᠠᠨ ᠰᠤᠳᠤᠯᠤᠯᠲᠠ ᠵᠢᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠪᠠ᠃
《ᠨᠠᠮ᠎ᠤᠨ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠭᠡᠰᠢᠭᠦᠨ᠎ᠤ ᠦᠢ᠍ᠯᠡᠳᠦᠯ᠎ᠢ ᠪᠠᠳᠠᠷᠠᠭᠤᠯᠬᠤ》 ᠪᠠᠢ᠌ᠴᠠᠭ᠋ᠠᠨ ᠰᠤᠳᠤᠯᠬᠤ ᠰᠡᠳᠦᠪ᠎ᠲᠤ ᠭᠣᠣᠯᠳᠠᠭᠤ ᠦᠨᠳᠦᠰᠦᠨ ᠱᠠᠲᠤᠨ᠎ᠳᠤ ᠭᠦᠨᠵᠡᠭᠡᠢ᠌ᠷᠡᠨ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ᠂ ᠪᠠᠢ᠌ᠴᠠᠭ᠋ᠠᠯᠲᠠ ᠵᠢᠨ ᠠᠰᠠᠭᠤᠯᠲᠠ ᠵᠢᠨ ᠬᠠᠭᠤᠳᠠᠰᠤ ᠲᠠᠷᠬᠠᠭ᠋ᠠᠬᠤ ᠵᠡᠷᠭᠡ ᠪᠠᠢ᠌ᠴᠠᠭ᠋ᠠᠨ ᠰᠤᠳᠤᠯᠬᠤ ᠠᠷᠭ᠎ᠠ ᠮᠠᠶᠢᠭ᠎ᠢ ᠠᠪᠴᠤ᠂ ᠪᠠᠢ᠌ᠴᠠᠭ᠋ᠠᠨ ᠰᠤᠳᠤᠯᠬᠤ ᠳᠤᠮᠳᠠ ᠢᠯᠡᠷᠡᠭᠦᠯᠦᠭᠰᠡᠨ ᠨᠠᠮ᠎ᠤᠨ ᠰᠠᠬᠢᠯᠭ᠎ᠠ ᠪᠠᠲᠤ ᠬᠠᠤᠯᠢ ᠲᠣᠭᠲᠠᠭ᠋ᠠᠯ᠎ᠢ ᠠᠩᠬᠠᠷᠤᠭᠰᠠᠨ ᠵᠶ᠋ᠠᠷ ᠬᠦᠷᠦᠯᠴᠡᠬᠦ ᠦᠭᠡᠢ᠂ ᠰᠤᠷᠤᠯᠴᠠᠭᠰᠠᠨ ᠵᠶ᠋ᠠᠷ ᠬᠦᠷᠦᠯᠴᠡᠬᠦ ᠦᠭᠡᠢ᠂ ᠡᠭᠦᠷᠭᠡ ᠬᠠᠷᠢᠭᠤᠴᠠᠯᠭ᠎ᠠ ᠵᠢᠨ ᠪᠠᠶ᠋ᠢᠷᠢ ᠲᠣᠭᠲᠠᠭ᠋ᠠᠯᠲᠠ ᠪᠠᠯᠠᠷᠬᠠᠢ ᠵᠡᠷᠭᠡ ᠠᠰᠠᠭᠤᠳᠠᠯ᠎ᠳᠤ 《ᠨᠠᠮ᠎ᠤᠨ ᠡᠭᠦᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠨᠠᠨ ᠬᠡᠮᠵᠢᠬᠦ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠵᠢᠯᠤᠭᠣᠳᠬᠤ ᠰᠠᠨᠠᠯ》᠎ᠢ ᠰᠤᠳᠤᠯᠤᠨ ᠲᠣᠭᠲᠠᠭ᠋ᠠᠬᠤ᠎ᠪᠠᠷ ᠪᠤᠢ᠃ 《ᠣᠢ ᠰᠢᠭᠤᠢ᠂ ᠡᠯᠡᠰᠦ ᠮᠠᠩᠬᠠᠨ᠎ᠤ ᠠᠮᠢ ᠠᠬᠤᠢ ᠵᠢᠨ ᠰᠢᠰᠲ᠋ᠧᠮ᠎ᠤᠨ ᠬᠢᠨᠠᠨ ᠬᠡᠮᠵᠢᠯᠲᠡ ᠵᠢ ᠠᠬᠢᠭᠤᠯᠬᠤ》 ᠪᠠᠢ᠌ᠴᠠᠭ᠋ᠠᠨ ᠰᠤᠳᠤᠯᠬᠤ ᠰᠡᠳᠦᠪ᠎ᠨᠢ ᠠᠯᠠᠱ᠌ᠠᠨ ᠠᠭᠤᠯᠠ ᠵᠢᠨ ᠣᠢ ᠰᠢᠭᠤᠢ ᠪᠠ ᠡᠯᠡᠰᠦ ᠮᠠᠩᠬᠠᠨ᠎ᠤ ᠥᠷᠲᠡᠭᠡ ᠴᠡᠭ᠎ᠲᠠᠢ ᠤᠶᠠᠯᠳᠤᠭᠤᠯᠤᠨ ᠪᠣᠳᠠᠲᠠᠢ ᠭᠠᠵᠠᠷ᠎ᠲᠤᠨᠢ ᠠᠵᠢᠭᠯᠠᠨ ᠬᠡᠮᠵᠢᠵᠦ᠂ 《ᠨᠢᠭᠡ ᠥᠷᠲᠡᠭᠡ ᠤᠯᠠᠨ ᠴᠡᠭ》᠎ᠤᠨ ᠠᠮᠢ ᠠᠬᠤᠢ ᠵᠢᠨ ᠬᠢᠨᠠᠨ ᠬᠡᠮᠵᠢᠯᠲᠡ ᠵᠢᠨ ᠲᠣᠣᠷ ᠰᠦᠯᠵᠢᠶ᠎ᠡ ᠵᠢᠨ ᠠᠵᠢᠯᠯᠠᠭ᠋ᠠᠨ᠎ᠳᠤ ᠣᠷᠣᠰᠢᠵᠤ ᠪᠠᠢ᠌ᠭ᠎ᠠ ᠬᠢᠨᠠᠨ ᠬᠡᠮᠵᠢᠬᠦ ᠠᠷᠭ᠎ᠠ᠎ᠨᠢ ᠨᠢᠭᠡᠳᠦᠯ ᠦᠭᠡᠢ᠂ ᠶᠠᠰᠤ ᠴᠢᠨᠠᠷ᠎ᠤᠨ ᠡᠵᠡᠮᠳᠡᠯ᠎ᠤᠨ ᠰᠢᠰᠲ᠋ᠧᠮ᠎ᠨᠢ ᠲᠡᠭᠦᠯᠳᠡᠷ ᠪᠤᠰᠤ ᠵᠡᠷᠭᠡ ᠠᠰᠠᠭᠤᠳᠠᠯ᠎ᠳᠤ᠂ 《ᠥᠪᠥᠷ ᠮᠣᠩᠭᠣᠯ᠎ᠤᠨ ᠠᠮᠢ ᠠᠬᠤᠢ ᠵᠢᠨ ᠬᠢᠨᠠᠨ ᠬᠡᠮᠵᠢᠯᠲᠡ ᠵᠢᠨ ᠲᠣᠣᠷ ᠰᠦᠯᠵᠢᠶ᠎ᠡ ᠵᠢᠨ ᠬᠢᠨᠠᠨ ᠬᠡᠮᠵᠢᠬᠦ ᠮᠡᠷᠭᠡᠵᠢᠯ᠎ᠤᠨ ᠵᠢᠷᠤᠮᠵᠢᠯ》᠂ 《ᠥᠪᠥᠷ ᠮᠣᠩᠭᠣᠯ᠎ᠤᠨ ᠠᠮᠢ ᠠᠬᠤᠢ ᠵᠢᠨ ᠬᠢᠨᠠᠨ ᠬᠡᠮᠵᠢᠯᠲᠡ ᠵᠢᠨ ᠲᠣᠣᠷ ᠰᠦᠯᠵᠢᠶ᠎ᠡ ᠵᠢᠨ ᠶᠠᠰᠤ ᠴᠢᠨᠠᠷ᠎ᠢ ᠡᠵᠡᠮᠳᠡᠬᠦ ᠲᠥᠰᠥᠯ》 ᠵᠡᠷᠭᠡ ᠵᠢᠯᠤᠭᠣᠳᠬᠤ ᠴᠢᠨᠠᠷᠲᠠᠢ ᠪᠢᠴᠢᠭ ᠮᠠᠲ᠋ᠧᠷᠢᠶᠠᠯ᠎ᠢ ᠰᠤᠳᠤᠯᠤᠨ ᠨᠡᠢ᠌ᠲᠡᠯᠡᠵᠦ᠂ ᠪᠥᠬᠥ ᠣᠷᠣᠨ᠎ᠤ ᠠᠮᠢ ᠠᠬᠤᠢ ᠵᠢᠨ ᠲᠣᠣᠷ ᠰᠦᠯᠵᠢᠶ᠎ᠡ ᠵᠢᠨ ᠪᠠᠢ᠌ᠭᠤᠯᠤᠯᠲᠠ ᠵᠢᠨ ᠠᠵᠢᠯᠯᠠᠭ᠋ᠠᠨ᠎ᠳᠤ ᠦᠨᠳᠦᠰᠦᠯᠡᠯ ᠪᠠ ᠵᠢᠯᠣᠭᠣᠳᠤᠯᠭ᠎ᠠ ᠬᠠᠩᠭ᠋ᠠᠪᠠ᠃ 《ᠬᠦᠯᠡᠮᠵᠢ ᠵᠢᠨ ᠬᠡᠢ ᠪᠡᠶᠡᠲᠦ ᠵᠢᠨ ᠭᠠᠵᠠᠷ᠎ᠤᠨ ᠲᠡᠮᠳᠡᠭ᠎ᠢ ᠲᠣᠭᠲᠠᠭ᠋ᠠᠬᠤ》 ᠪᠠᠢ᠌ᠴᠠᠭ᠋ᠠᠨ ᠰᠤᠳᠤᠯᠤᠯᠲᠠ ᠵᠢᠨ ᠰᠡᠳᠦᠪ᠎ᠲᠤ᠂ ᠲᠤᠬᠠᠢ ᠵᠢᠨ ᠭᠠᠵᠠᠷ᠎ᠲᠤᠨᠢ ᠰᠢᠨᠵᠢᠯᠡᠨ ᠪᠠᠢ᠌ᠴᠠᠭ᠋ᠠᠬᠤ᠂ ᠲᠤᠬᠠᠢ ᠵᠢᠨ ᠲᠠᠯᠠᠪᠤᠷᠲᠤᠨᠢ ᠶᠠᠷᠢᠯᠴᠠᠬᠤ ᠳᠤᠮᠳᠠ ᠢᠯᠡᠷᠡᠭᠦᠯᠦᠭᠰᠡᠨ ᠲᠣᠭ᠎ᠠ ᠪᠠᠷᠢᠮᠲᠠ ᠵᠢᠨ ᠳᠠᠮᠵᠢᠭᠤᠯᠭ᠎ᠠ ᠰᠢᠯᠤᠭᠤᠨ ᠪᠤᠰᠤ᠂ ᠠᠵᠢᠯᠯᠠᠭᠤᠯᠵᠤ ᠪᠠᠲᠤᠯᠠᠬᠤ ᠰᠢᠰᠲ᠋ᠧᠮ ᠲᠡᠭᠦᠯᠳᠡᠷ ᠪᠤᠰᠤ᠂ ᠬᠢᠨᠠᠨ ᠡᠵᠡᠮᠳᠡᠬᠦ ᠲᠥᠬᠦᠭᠡᠷᠦᠮᠵᠢ ᠳᠤᠲᠠᠭᠳᠠᠵᠤ ᠪᠠᠶ᠋ᠢᠬᠤ ᠵᠡᠷᠭᠡ ᠠᠰᠠᠭᠤᠳᠠᠯ᠎ᠳᠤ ᠴᠡᠭᠴᠡᠯᠡᠨ ᠰᠠᠢ᠌ᠵᠢᠷᠠᠭᠤᠯᠬᠤ ᠠᠷᠭ᠎ᠠ ᠪᠣᠳᠣᠯᠭ᠎ᠠ ᠵᠢ ᠰᠤᠳᠤᠯᠤᠨ ᠳᠤᠷᠠᠳᠴᠤ᠂ ᠭᠠᠵᠠᠷ᠎ᠤᠨ ᠲᠡᠮᠳᠡᠭ᠎ᠢ ᠨᠠᠢ᠌ᠳᠠᠪᠤᠷᠢᠵᠢᠭᠤᠯᠬᠤ᠎ᠳᠤ ᠪᠠᠲᠤᠯᠠᠭ᠎ᠠ ᠵᠢᠨ ᠲᠤᠯᠭ᠋ᠠᠭᠤᠷᠢᠯᠠᠯ ᠬᠠᠩᠭ᠋ᠠᠪᠠ᠃ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠴᠢᠳᠠᠪᠤᠷᠢ》 ᠵᠢᠨ ᠪᠠᠢ᠌ᠴᠠᠭ᠋ᠠᠨ ᠰᠤᠳᠤᠯᠬᠤ ᠰᠡᠳᠦᠪ᠎ᠨᠢ ᠥᠷᠲᠡᠭᠡ ᠬᠤᠪᠢᠶᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ ᠵᠢ ᠦᠨᠡᠯᠡᠨ ᠵᠢᠱ᠌ᠢᠵᠦ᠂ 《ᠲᠡᠭᠷᠢ᠂ ᠭᠠᠵᠠᠷ᠂ ᠤᠰᠤ》 ᠵᠢ ᠨᠢᠭᠡ ᠴᠣᠭᠴᠠᠵᠢᠭᠤᠯᠤᠭᠰᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠣᠷᠢᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠣᠷᠣᠰᠢᠵᠤ ᠪᠠᠢ᠌ᠭ᠎ᠠ ᠲᠤᠰᠬᠠᠢ ᠮᠡᠷᠭᠡᠵᠢᠯ᠎ᠤᠨ ᠪᠤᠯᠪᠠᠰᠤᠷᠠᠯ ᠵᠶ᠋ᠠᠷ ᠳᠤᠲᠠᠮᠠᠭ᠂ ᠠᠵᠢᠯ᠎ᠤᠨ ᠬᠤᠪᠢᠶᠠᠷᠢᠯᠠᠯ᠎ᠨᠢ ᠲᠣᠳᠣᠷᠬᠠᠢ ᠦᠭᠡᠢ᠂ ᠵᠢᠯᠤᠭᠣᠳᠬᠤ ᠴᠢᠨᠠᠷᠲᠠᠢ ᠪᠢᠴᠢᠭ ᠮᠠᠲ᠋ᠧᠷᠢᠶᠠᠯ᠎ᠨᠢ ᠳᠤᠲᠠᠭᠳᠠᠵᠤ ᠪᠠᠶ᠋ᠢᠬᠤ ᠵᠡᠷᠭᠡ ᠠᠰᠠᠭᠤᠳᠠᠯ᠎ᠳᠤ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ ᠲᠣᠭᠲᠠᠭ᠋ᠠᠬᠤ ᠵᠢᠨ ᠬᠠᠮᠲᠤ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠮᠥᠷᠥᠢ᠌ᠴᠡᠭᠡᠨ》 ᠵᠡᠷᠭᠡ ᠬᠠᠮᠢᠶ᠎ᠠ ᠪᠦᠬᠦᠢ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠪᠥᠬᠥ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠠᠶ᠋ᠢᠴᠢᠯᠠᠨ ᠳᠡᠭᠡᠭᠰᠢᠯᠡᠭᠦᠯᠪᠡ᠃ 《ᠳᠠᠭᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠦᠯᠵᠢᠶᠡᠨ᠎ᠤ ᠪᠠᠢ᠌ᠭᠤᠯᠤᠯᠲᠠ》 ᠵᠢᠨ ᠪᠠᠢ᠌ᠴᠠᠭ᠋ᠠᠨ ᠰᠤᠳᠤᠯᠬᠤ ᠰᠡᠳᠦᠪ᠎ᠨᠢ ᠨᠢᠭᠡᠨᠲᠡ ᠬᠥᠬᠡᠬᠣᠲᠠ ᠵᠢᠨ ᠣᠲᠣ ᠪᠠᠢ᠌ᠭ᠎ᠠ 15 ᠴᠢᠳᠠᠮᠵᠢᠲᠤ ᠣᠷᠣᠨ᠎ᠤ ᠲᠠᠭᠤᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠴᠡᠭ᠎ᠤᠨ ᠪᠠᠶ᠋ᠢᠷᠢ ᠵᠢ ᠲᠤᠬᠠᠢ ᠵᠢᠨ ᠭᠠᠵᠠᠷ᠎ᠲᠤᠨᠢ ᠰᠤᠷᠪᠤᠯᠵᠢᠯᠠᠬᠤ ᠵᠢᠴᠢ ᠮᠠᠲ᠋ᠧᠷᠢᠶᠠᠯ᠎ᠢ ᠰᠢᠯᠵᠢᠭᠦᠯᠦᠨ ᠦᠵᠡᠬᠦ ᠠᠵᠢᠯ᠎ᠢ ᠥᠷᠨᠢᠭᠦᠯᠵᠦ᠂ ᠢᠯᠡᠷᠡᠭᠦᠯᠦᠭᠰᠡᠨ ᠴᠡᠭ᠎ᠤᠨ ᠲᠥᠯᠥᠭᠡᠯᠡᠬᠦ ᠴᠢᠨᠠᠷ ᠵᠶ᠋ᠠᠷ ᠠᠨᠠᠢ᠂ ᠨᠤᠲᠠᠯᠠᠯᠲᠠ ᠪᠦᠷᠢᠨ ᠪᠤᠰᠤ ᠵᠡᠷᠭᠡ ᠠᠰᠠᠭᠤᠳᠠᠯ᠎ᠳᠤ ᠰᠢᠨ᠎ᠡ ᠴᠢᠭ᠋᠎ᠤᠨ ᠰᠣᠩᠭᠣᠨ ᠠᠪᠬᠤ ᠮᠡᠷᠭᠡᠵᠢᠯ᠎ᠤᠨ ᠨᠤᠲᠠᠯᠠᠯᠲᠠ ᠵᠢᠨ ᠬᠤᠷᠠᠯ ᠥᠷᠨᠢᠭᠦᠯᠬᠦ ᠵᠢ ᠠᠬᠢᠭᠤᠯᠵᠤ᠂ ᠨᠤᠲᠠᠯᠠᠯᠲᠠ ᠵᠢᠨ ᠮᠡᠳᠡᠭᠦᠯᠦᠯᠲᠡ ᠵᠢ ᠪᠤᠢ ᠪᠣᠯᠭ᠋ᠠᠨ᠂ ᠵᠣᠬᠢᠴᠠᠩᠭᠤᠢ ᠴᠡᠭ᠎ᠤᠨ ᠪᠠᠶ᠋ᠢᠷᠢ᠎ᠳᠤ ᠲᠣᠬᠢᠷᠠᠭᠤᠯᠤᠯᠲᠠ ᠬᠢᠵᠦ᠂ ᠲᠠᠭᠤᠨ᠎ᠤ ᠴᠢᠳᠠᠮᠵᠢᠲᠤ ᠣᠷᠣᠨ᠎ᠤ ᠠᠦ᠋ᠲ᠋ᠣ᠋ ᠬᠢᠨᠠᠨ ᠬᠡᠮᠵᠢᠯᠲᠡ ᠵᠢᠨ ᠲᠣᠣᠷ ᠰᠦᠯᠵᠢᠶ᠎ᠡ ᠵᠢᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠢ᠌ᠨ᠎ᠠ᠃ ᠳᠠᠷᠠᠭ᠋ᠠᠴᠢ ᠵᠢᠨ ᠠᠯᠬᠤᠮ᠎ᠳᠤ᠂ ᠬᠢᠨᠠᠨ ᠬᠡᠮᠵᠢᠬᠦ ᠶᠡᠷᠦᠩᠬᠡᠢ ᠥᠷᠲᠡᠭᠡ ᠦᠷᠭᠦᠯᠵᠢᠯᠡᠨ 《ᠲᠠᠪᠤᠨ ᠶᠡᠬᠡ ᠡᠭᠦᠷᠭᠡ》 ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠠᠢ᠌ᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ ᠪᠠᠢ᠌ᠴᠠᠭ᠋ᠠᠨ ᠰᠤᠳᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠮᠵᠢᠯᠠᠯᠲᠤ ᠡᠷᠳᠡᠨᠢ ᠵᠢ ᠰᠠᠶ᠋ᠢᠲᠤᠷ ᠬᠡᠷᠡᠭᠯᠡᠵᠦ᠂ ᠦᠨᠳᠦᠰᠦᠨ ᠴᠢᠳᠠᠪᠤᠷᠢ ᠵᠢ ᠰᠠᠶ᠋ᠢᠲᠤᠷ ᠪᠣᠯᠪᠠᠰᠤᠷᠠᠭᠤᠯᠵᠤ᠂ 《ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ》 ᠳᠤᠮᠳᠠ ᠦᠨᠡᠨ ᠪᠣᠳᠠᠲᠠᠢ ᠦᠷ᠎ᠡ ᠪᠦᠲᠦᠮᠵᠢ ᠣᠯᠬᠤ᠎ᠪᠠᠷ ᠴᠢᠷᠮᠠᠢ᠌ᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠠ ᠥᠨᠳᠥᠷ ᠲᠦᠪᠰᠢᠨ ᠪᠦᠬᠦᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠦᠢ᠍ᠯᠡᠴᠢᠯᠡᠬᠦ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠪᠠ᠃