ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
2023 ᠣᠨ᠎ᠤ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠳ᠋ᠦᠩᠨᠡᠯᠲᠡ ᠵᠢᠨ ᠬᠤᠷᠠᠯ ᠤᠷᠤᠭᠰᠢᠲᠠᠢ ᠬᠤᠷᠠᠯᠳᠤᠪᠠ
ᠨᠡᠶ᠋ᠢᠲᠡᠯᠡᠭᠰᠡᠨ ᠴᠠᠭ᠄ 2024-01-24

      2024 ᠣᠨ᠎ᠤ 1 ᠰᠠᠷ᠎ᠠ ᠵᠢᠨ 9᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠰᠢᠰᠲ᠋ᠧᠮ᠎ᠤᠨ᠎ᠬᠢᠨ 2023 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠳ᠋ᠦᠩᠨᠡᠯᠲᠡ ᠵᠢᠨ ᠬᠤᠷᠠᠯ ᠬᠢᠪᠡ᠃ ᠶᠡᠷᠦᠩᠬᠡᠢ ᠥᠷᠲᠡᠭᠡᠨ᠎ᠤ ᠡᠯ᠎ᠡ ᠲᠤᠬᠠᠢ᠌ᠯᠠᠭᠰᠠᠨ ᠠᠵᠢᠯ᠎ᠤᠨ ᠭᠠᠵᠠᠷ ᠲᠠᠰᠤᠭ ᠵᠢᠴᠢ 12 ᠬᠤᠪᠢᠶᠠᠷᠢ ᠥᠷᠲᠡᠭᠡᠨ᠎ᠤ ᠬᠣᠯᠪᠣᠭᠳᠠᠯ ᠪᠦᠬᠦᠢ ᠤᠳᠤᠷᠢᠳᠤᠯᠭ᠎ᠠ ᠵᠢᠴᠢ ᠮᠡᠷᠭᠡᠵᠢᠯ᠎ᠤᠨ ᠠᠵᠢᠯᠲᠠᠨ ᠨᠠᠢ᠌ᠳᠠ 50 ᠭᠠᠷᠤᠢ ᠬᠥᠮᠥᠨ ᠬᠤᠷᠠᠯ᠎ᠳᠤ ᠣᠷᠣᠯᠴᠠᠵᠠᠢ᠃

      ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡ ᠵᠢᠨ ᠰᠢᠰᠲ᠋ᠧᠮ᠎ᠤᠨ ᠲᠤᠰ ᠤᠳᠠᠭ᠎ᠠ ᠵᠢᠨ ᠰᠢᠯᠭ᠋ᠠᠷᠠᠭᠤᠯᠤᠯᠲᠠ᠎ᠳᠤ ᠣᠯᠣᠭᠰᠠᠨ ᠠᠮᠵᠢᠯᠲᠠ ᠵᠢ ᠭᠦᠢ᠍ᠴᠡᠳ ᠨᠤᠲᠠᠯᠠᠪᠠ᠃ ᠤᠯᠠᠨ ᠵᠶ᠋ᠠᠷ ᠵᠶ᠋ᠠᠨ 2023 ᠣᠨ᠎ᠤ ᠶᠡᠷᠦᠩᠬᠡᠢ ᠥᠷᠲᠡᠭᠡ ᠵᠢᠨ ᠵᠣᠬᠢᠶᠠᠨ ᠪᠠᠢ᠌ᠭᠤᠯᠤᠭᠰᠠᠨ ᠮᠡᠷᠭᠡᠵᠢᠯ ᠵᠶ᠋ᠡᠷ ᠬᠠᠪᠰᠤᠷᠤᠨ ᠲᠡᠳᠬᠦᠬᠦ᠂ ᠳᠤᠲᠠᠭᠤᠳᠠᠯ᠎ᠤᠨ ᠲᠤᠬᠠᠢ ᠪᠤᠯᠪᠠᠰᠤᠷᠠᠯ᠂ ᠬᠠᠷᠢᠯᠴᠠᠨ ᠬᠢᠨᠠᠵᠤ ᠬᠠᠷᠢᠯᠴᠠᠨ ᠦᠨᠡᠯᠡᠬᠦ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠂ ᠦᠷ᠎ᠡ ᠳ᠋ᠦᠩ᠎ᠢ ᠮᠡᠳᠡᠭᠳᠡᠬᠦ ᠵᠡᠷᠭᠡ ᠰᠢᠷᠢᠰ ᠠᠵᠢᠯᠯᠠᠭ᠎ᠠ᠎ᠨᠤᠭᠤᠳ᠎ᠨᠢ ᠬᠤᠪᠢᠶᠠᠷᠢ ᠥᠷᠲᠡᠭᠡ ᠬᠢᠭᠡᠳ ᠬᠣᠲᠠ ᠵᠢᠨ ᠲᠣᠪᠴᠢᠶ᠎ᠠ ᠵᠢᠨ ᠨᠡᠪᠲᠡᠷᠡᠯᠴᠡᠭᠡ ᠵᠣᠬᠢᠴᠠᠭᠤᠯᠭ᠎ᠠ ᠵᠢ ᠴᠢᠩᠭ᠋ᠠᠳᠬᠠᠵᠤ᠂ ᠤᠷᠳᠤ ᠬᠤᠭᠤᠴᠠᠭ᠋ᠠᠨ᠎ᠤ ᠲᠤᠷᠰᠢᠬᠢ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ ᠮᠡᠷᠭᠡᠵᠢᠯ᠎ᠤᠨ ᠵᠢᠷᠤᠮᠵᠢᠯ᠎ᠳᠤ ᠦᠯᠦ ᠨᠡᠶ᠋ᠢᠴᠡᠬᠦ ᠠᠷᠭ᠎ᠠ ᠬᠢᠳᠡᠯ᠎ᠢ ᠵᠠᠯᠠᠷᠠᠭᠤᠯᠵᠤ᠂ ᠮᠡᠳᠡᠭᠦᠯᠦᠯᠲᠡ ᠵᠢᠨ ᠪᠢᠴᠢᠭ᠎ᠤᠨ ᠲᠤᠰᠬᠠᠢ ᠰᠡᠳᠦᠪ᠂ ᠬᠣᠯᠪᠣᠭᠳᠠᠬᠤ ᠵᠠᠳᠠᠯᠤᠯᠲᠠ᠂ ᠲᠥᠰᠥᠭᠡᠯᠡᠯᠲᠡ ᠵᠡᠷᠭᠡ ᠨᠠᠢ᠌ᠷᠠᠭᠤᠯᠤᠨ ᠪᠢᠴᠢᠬᠦ ᠰᠡᠳᠬᠢᠴᠡ ᠪᠠ ᠠᠷᠭ᠎ᠠ ᠵᠡᠷᠭᠡ ᠵᠢ ᠨᠡᠭᠡᠭᠡᠵᠦ᠂ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠵᠣᠬᠢᠶᠠᠬᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠭᠰᠡᠨ ᠪᠣᠯᠪᠠᠴᠤ ᠵᠢᠷᠤᠮᠵᠢᠯᠳᠤ ᠴᠢᠨᠠᠷ᠂ ᠰᠢᠨ᠎ᠡ ᠵᠢ ᠡᠭᠦᠳᠬᠦ ᠴᠢᠨᠠᠷ ᠪᠠ ᠰᠢᠨᠵᠢᠯᠡᠬᠦ ᠤᠬᠠᠭ᠋ᠠᠨᠴᠢ ᠴᠢᠨᠠᠷ᠎ᠤᠨ ᠲᠠᠯ᠎ᠠ᠎ᠪᠠᠷ ᠪᠠᠰᠠ ᠢᠯᠡᠳᠲᠡ ᠬᠦᠷᠦᠯᠴᠡᠬᠦ ᠦᠭᠡᠢ ᠲᠠᠯ᠎ᠠ ᠣᠷᠣᠰᠢᠵᠤ᠂ ᠤᠯᠠᠮ ᠨᠢᠭᠡ ᠠᠯᠬᠤᠮ ᠰᠤᠷᠤᠯᠴᠠᠨ ᠳᠡᠭᠡᠭᠰᠢᠯᠡᠭᠦᠯᠬᠦ ᠴᠢᠬᠤᠯᠠᠲᠠᠢ ᠪᠠᠢ᠌ᠨ᠎ᠠ᠃

      ᠲᠢᠶᠠᠨ ᠶᠦᠩ ᠯᠢ᠂ ᠶᠡᠷᠦᠩᠬᠡᠢ᠎ᠳᠤᠨᠢ ᠠᠪᠴᠤ ᠦᠵᠡᠪᠡᠯ ᠮᠠᠨ᠎ᠤ ᠮᠡᠳᠡᠭᠦᠯᠦᠯᠲᠡ ᠵᠢᠨ ᠪᠢᠴᠢᠭ᠎ᠲᠤ ᠠᠮᠵᠢᠯᠲᠠ ᠣᠯᠣᠭᠰᠠᠨ ᠪᠣᠯᠪᠠᠴᠤ ᠮᠥᠨ ᠯᠡ ᠳᠣᠣᠷᠠᠬᠢ ᠲᠤᠯᠤᠭ᠋ᠠᠨ ᠲᠠᠯ᠎ᠠ ᠵᠢᠨ ᠠᠰᠠᠭᠤᠳᠠᠯ ᠣᠷᠣᠰᠢᠵᠤ ᠪᠠᠢ᠌ᠨ᠎ᠠ᠄ ᠨᠢᠭᠡ᠎ᠳᠤ ᠣᠷᠣᠨ ᠨᠤᠲᠤᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠴᠢᠨᠠᠷᠲᠠᠢ ᠠᠵᠢᠯ᠎ᠢ ᠳ᠋ᠦᠩᠨᠡᠬᠦ ᠲᠠᠯ᠎ᠠ᠎ᠪᠠᠷ ᠳᠤᠲᠠᠮᠠᠭ ᠪᠠᠢ᠌ᠨ᠎ᠠ; ᠬᠣᠶᠠᠷ᠎ᠲᠤ ᠬᠢᠨᠠᠨ ᠬᠡᠮᠵᠢᠯᠲᠡ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠴᠡᠭ᠂ ᠲᠤᠷᠰᠢᠯᠲᠠ ᠵᠢᠨ ᠲᠠᠰᠤᠭ᠎ᠤᠨ ᠴᠢᠳᠠᠪᠤᠷᠢ᠂ ᠦᠨᠡᠮᠯᠡᠯ᠎ᠲᠠᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢ ᠬᠢᠨᠠᠨ ᠰᠢᠯᠭ᠋ᠠᠬᠤ ᠵᠡᠷᠭᠡ ᠬᠢᠯᠠᠰ ᠴᠡᠭ᠎ᠤᠨ ᠠᠵᠢᠯ᠎ᠤᠨ ᠳ᠋ᠦᠩᠨᠡᠯᠲᠡ᠎ᠪᠠᠷ ᠳᠤᠲᠠᠮᠠᠭ ᠪᠠᠢ᠌ᠨ᠎ᠠ; ᠭᠤᠷᠪᠠ᠎ᠳᠤ ᠣᠷᠳᠣ ᠬᠤᠭᠤᠴᠠᠭ᠋ᠠᠨ᠎ᠤ ᠴᠤᠪᠤᠷᠠᠯ ᠣᠷᠴᠢᠨ ᠲᠣᠭᠣᠷᠢᠨ᠎ᠤ ᠴᠢᠨᠠᠷ ᠴᠢᠨᠰᠠᠭ᠎ᠠ ᠵᠢᠨ ᠬᠤᠪᠢᠷᠠᠯᠲᠠ ᠵᠢᠨ ᠬᠠᠨᠳᠤᠰᠢ ᠵᠢᠨ ᠵᠠᠳᠠᠯᠤᠯᠲᠠ ᠳᠤᠲᠠᠭᠳᠠᠵᠤ ᠪᠠᠢ᠌ᠨ᠎ᠠ; ᠳᠥᠷᠪᠡ᠎ᠳᠤ ᠠᠭ᠋ᠠᠷ ᠮᠠᠨᠳᠠᠯ᠎ᠤᠨ ᠲᠠᠰ᠎ᠠᠴᠠ ᠳᠠᠪᠠᠭᠰᠠᠨ ᠥᠷᠲᠡᠭᠡ ᠵᠢᠨ ᠲᠣᠭ᠎ᠠ ᠪᠠᠷᠢᠮᠲᠠ ᠵᠢᠨ ᠵᠠᠳᠠᠯᠤᠯᠲᠠ ᠳᠤᠲᠠᠭᠳᠠᠵᠤ ᠪᠠᠢ᠌ᠨ᠎ᠠ; ᠲᠠᠪᠤ᠎ᠳᠤ᠂ ᠬᠡᠰᠡᠭ ᠬᠤᠪᠢᠶᠠᠷᠢ ᠥᠷᠲᠡᠭᠡ᠎ᠠᠴᠠ ᠠᠮᠢ ᠠᠬᠤᠢ ᠵᠢᠨ ᠶᠠᠰᠤ ᠴᠢᠨᠠᠷ᠎ᠤᠨ ᠲᠤᠬᠠᠢ ᠵᠠᠳᠠᠯᠤᠯᠲᠠ ᠳᠡᠩᠳᠡᠭᠦᠦ ᠲᠥᠬᠥᠮ ᠪᠣᠯᠪᠠ; ᠵᠢᠷᠭᠤᠭ᠎ᠠ᠎ᠳᠤ ᠣᠷᠴᠢᠨ ᠲᠣᠭᠣᠷᠢᠨ᠎ᠤ ᠠᠰᠠᠭᠤᠳᠠᠯ᠎ᠢ ᠠᠷᠭ᠋ᠠᠴᠠᠭ᠋ᠠᠬᠤ ᠪᠣᠳᠣᠯᠭ᠎ᠠ ᠵᠢᠨ ᠪᠠᠢ᠌ᠭᠤᠯᠤᠯᠲᠠ᠎ᠨᠢ ᠰᠢᠨᠵᠢᠯᠡᠬᠦ ᠤᠬᠠᠭ᠋ᠠᠨᠴᠢ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ ᠵᠶ᠋ᠠᠷ ᠳᠤᠲᠠᠮᠠᠭ ᠪᠠᠢ᠌ᠨ᠎ᠠ; ᠲᠤᠯᠤᠭ᠎ᠠ᠎ᠳᠤ᠂ ᠬᠢᠨᠠᠨ ᠬᠡᠮᠵᠢᠬᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠣᠯᠣᠨ ᠬᠢᠨᠠᠨ ᠬᠡᠮᠵᠢᠬᠦ ᠬᠠᠮᠢᠶᠠᠷᠤᠯᠲᠠ ᠵᠢᠨ ᠬᠣᠯᠪᠣᠭᠳᠠᠯᠲᠤ ᠴᠢᠨᠠᠷᠲᠠᠢ ᠵᠠᠳᠠᠯᠤᠯᠲᠠ ᠭᠦᠢ᠍ᠴᠡᠳ ᠪᠤᠰᠤ ᠪᠠᠢ᠌ᠨ᠎ᠠ᠃ ᠨᠢᠳᠤᠨᠤᠨ᠎ᠤ ᠮᠡᠳᠡᠭᠦᠯᠦᠯᠲᠡ ᠵᠢᠨ ᠪᠢᠴᠢᠭ᠎ᠲᠤ ᠪᠢᠳᠡ 《ᠪᠠᠶ᠋ᠢᠬᠤ ᠡᠰᠡᠬᠦ》 ᠠᠰᠠᠭᠤᠳᠠᠯ᠎ᠢ ᠰᠢᠢ᠍ᠳᠪᠦᠷᠢᠯᠡᠪᠡ᠂ ᠡᠨᠡ ᠵᠢᠯ 《ᠴᠢᠨᠠᠷ ᠰᠠᠢ᠌ᠲᠠᠢ ᠡᠰᠡᠬᠦ》 ᠠᠰᠠᠭᠤᠳᠠᠯ᠎ᠢ ᠭᠣᠣᠯᠳᠠᠯᠭ᠎ᠠ᠎ᠲᠠᠢ᠎ᠪᠠᠷ ᠰᠢᠢ᠍ᠳᠪᠦᠷᠢᠯᠡᠵᠦ᠂ ᠡᠯ᠎ᠡ ᠥᠷᠲᠡᠭᠡ᠎ᠨᠦᠭᠦᠳ᠎ᠢ 《ᠡᠩᠨᠡᠭᠡ᠎ᠠᠴᠠ᠎ᠪᠠᠨ ᠬᠣᠴᠣᠷᠤᠭᠤᠯᠬᠤ ᠦᠭᠡᠢ᠂ ᠬᠣᠢ᠌ᠰᠢ ᠤᠬᠤᠷᠢᠬᠤ ᠦᠭᠡᠢ》 ᠪᠣᠯᠭ᠋ᠠᠨ᠎ᠠ᠃

      ᠳᠠᠷᠠᠭ᠋ᠠᠴᠢ ᠵᠢᠨ ᠠᠯᠬᠤᠮ᠎ᠳᠤ ᠶᠡᠷᠦᠩᠬᠡᠢ ᠥᠷᠲᠡᠭᠡ ᠵᠢᠨ ᠰᠢᠰᠲ᠋ᠧᠮ᠎ᠤᠨ᠎ᠬᠢᠨ ᠮᠡᠳᠡᠭᠦᠯᠦᠯᠲᠡ ᠵᠢᠨ ᠪᠢᠴᠢᠭ᠎ᠢ ᠨᠠᠢ᠌ᠷᠠᠭᠤᠯᠤᠨ ᠪᠢᠴᠢᠬᠦ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠭᠠᠷᠳᠠᠴᠠ ᠪᠣᠯᠭ᠋ᠠᠵᠤ᠂ ᠶᠡᠷᠦᠩᠬᠡᠢ ᠥᠷᠲᠡᠭᠡ ᠵᠢᠨ ᠰᠢᠰᠲ᠋ᠧᠮ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠶᠡᠷᠦᠩᠬᠡᠢ᠌ᠯᠡᠨ ᠵᠠᠳᠠᠯᠬᠤ ᠴᠢᠳᠠᠪᠤᠷᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠣᠨ ᠬᠠᠮᠢᠶᠠᠷᠤᠯᠲᠠ᠎ᠳᠤ ᠨᠡᠩ ᠰᠠᠶ᠋ᠢᠲᠤᠷ ᠦᠢ᠍ᠯᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠦᠨ᠎ᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠱᠦᠵᠢ  ᠥᠷᠲᠡᠭᠡᠨ ᠳᠠᠷᠤᠭ᠎ᠠ ᠲᠢᠶᠠᠨ ᠶᠦᠩ ᠯᠢ ᠨᠠᠷ ᠲᠦᠩᠯᠢᠶᠣᠣ ᠵᠢᠨ ᠬᠤᠪᠢᠶᠠᠷᠢ ᠥᠷᠲᠡᠭᠡ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠠᠵᠢᠯ᠎ᠤᠨ ᠬᠤᠷᠠᠯ ᠬᠤᠷᠠᠯᠳᠤᠭᠤᠯᠪᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠨᠢᠭᠤᠴᠠ ᠵᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》 ᠵᠢ ᠲᠥᠪᠯᠡᠷᠡᠭᠦᠯᠦᠨ ᠰᠤᠷᠤᠯᠴᠠᠪᠠ
 
             蒙ICP备05000248号