ᠮᠠᠨ᠎ᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠮᠡᠷᠭᠡᠵᠢᠯ᠎ᠤᠨ ᠬᠢᠷᠢ ᠲᠦᠪᠰᠢᠨ᠎ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠵᠣᠬᠢᠶᠠᠨ ᠪᠠᠢ᠌ᠭᠤᠯᠤᠯᠲᠠ ᠵᠢᠨ ᠰᠢᠰᠲ᠋ᠧᠮ᠎ᠢ ᠪᠦᠷᠢᠨᠰᠢᠭᠦᠯᠦᠨ᠂ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠰᠢᠨᠵᠢᠯᠡᠬᠦ ᠤᠬᠠᠭ᠋ᠠᠨᠴᠢ᠂ ᠡᠮᠬᠢ ᠵᠢᠷᠤᠮ᠎ᠲᠠᠢ᠂ ᠥᠨᠳᠥᠷ ᠦᠷ᠎ᠡ ᠪᠦᠲᠦᠮᠵᠢᠲᠡᠢ᠎ᠪᠠᠷ ᠠᠷᠭ᠋ᠠᠴᠠᠭ᠋ᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 2023 ᠣᠨ᠎ᠤ 11 ᠰᠠᠷ᠎ᠠ ᠵᠢᠨ 28᠎ᠤ ᠡᠳᠦᠷ᠎ᠠᠴᠠ 12 ᠰᠠᠷ᠎ᠠ ᠵᠢᠨ 1᠎ᠤ ᠡᠳᠦᠷ ᠪᠣᠯᠲᠠᠯ᠎ᠠ ᠬᠥᠬᠡᠬᠣᠲᠠ᠎ᠳᠤ ᠪᠥᠬᠥ ᠣᠷᠣᠨ᠎ᠤ ᠣᠷᠴᠢᠨ ᠲᠣᠭᠣᠷᠢᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠮᠡᠷᠭᠡᠵᠢᠯ᠎ᠤᠨ ᠪᠤᠯᠪᠠᠰᠤᠷᠠᠯ ᠡᠷᠬᠢᠯᠡᠪᠡ᠃
ᠲᠣᠰ ᠤᠳᠠᠭ᠋ᠠᠨ᠎ᠤ ᠪᠣᠯᠪᠠᠰᠤᠷᠠᠯ ᠪᠣᠯ 2023 ᠣᠨ᠎ᠤ ᠶᠡᠷᠦᠩᠬᠡᠢ ᠥᠷᠲᠡᠭᠡ ᠵᠢᠨ ᠰᠢᠰᠲ᠋ᠧᠮ᠎ᠤᠨ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢ ᠴᠢᠩᠭ᠋ᠠᠳᠬᠠᠬᠤ ᠣᠨ》᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠬᠠᠮᠲᠤᠷᠠᠭᠰᠠᠨ ᠰᠣᠷᠢᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠶᠡᠬᠡ ᠮᠥᠷᠥᠢ᠌ᠴᠡᠭᠡᠨ᠎ᠤ ᠳᠠᠷᠠᠭ᠋ᠠᠬᠢ ᠪᠠᠰᠠ ᠨᠢᠭᠡᠨ ᠴᠢᠬᠤᠯᠠ ᠠᠵᠢᠯ ᠪᠣᠯᠬᠤ ᠪᠥᠭᠡᠳ ᠮᠥᠨ ᠴᠦ᠍ ᠲᠣᠰ ᠵᠢᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠠᠵᠢᠯ᠎ᠤᠨ ᠲᠡᠭᠦᠰᠬᠡᠯ᠎ᠤᠨ ᠪᠦᠲᠦᠭᠡᠯ ᠪᠣᠯᠣᠨ᠎ᠠ᠃ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠶᠡᠷᠦᠩᠬᠡᠢ ᠥᠷᠲᠡᠭᠡ᠂ ᠱᠠᠨ ᠰᠢ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠠᠲᠤᠯᠠᠭ᠎ᠠ ᠵᠢᠨ ᠲᠥᠪ᠂ ᠵᠢᠶᠠᠩᠰᠤ ᠮᠤᠵᠢ ᠵᠢᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠂ ᠭᠦᠢ᠍ᠵᠧᠦ ᠮᠤᠵᠢ ᠵᠢᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ᠎ᠤᠨ ᠳᠥᠷᠪᠡᠨ ᠪᠠᠭᠰᠢ ᠵᠢ ᠤᠷᠢᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠰᠢᠰᠲ᠋ᠧᠮ᠂ ᠬᠢᠨᠠᠨ ᠬᠡᠮᠵᠢᠯᠲᠡ ᠵᠢᠨ ᠲᠥᠰᠥᠯ᠂ ᠮᠡᠳᠡᠭᠦᠯᠦᠯᠲᠡ ᠵᠢ ᠨᠠᠢ᠌ᠷᠠᠭᠤᠯᠤᠨ ᠵᠣᠬᠢᠶᠠᠬᠤ᠂ ᠰᠢᠶᠠᠩ ᠱᠦᠢ ᠵᠢᠨ 3.21 ᠭᠡᠨᠡᠳᠲᠡ ᠵᠢᠨ ᠣᠷᠴᠢᠨ ᠲᠣᠭᠣᠷᠢᠨ᠎ᠤ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠬᠡᠷᠡᠭ᠎ᠤᠨ ᠵᠢᠱ᠌ᠢᠶ᠎ᠡ ᠵᠢ ᠵᠠᠳᠠᠯᠬᠤ᠂ ᠴᠢᠯᠠᠭᠤᠨ ᠲᠣᠰᠣᠨ᠎ᠤ ᠲᠥᠷᠥᠯ᠎ᠤᠨ ᠪᠣᠬᠢᠷᠲᠤᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠴᠢ ᠶᠡᠷᠦᠩᠬᠡᠢ ᠹᠣᠰᠹᠣᠷ᠎ᠤᠨ ᠪᠣᠬᠢᠷᠲᠤᠯ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠵᠠᠳᠠᠯᠬᠤ ᠵᠡᠷᠭᠡ ᠲᠠᠯ᠎ᠠ᠎ᠪᠠᠷ ᠪᠣᠳᠠᠲᠠᠢ ᠵᠢᠱ᠌ᠢᠶ᠎ᠡ᠎ᠲᠠᠢ ᠤᠶᠠᠯᠳᠤᠭᠤᠯᠤᠨ ᠨᠠᠷᠢᠨ ᠲᠠᠢ᠌ᠯᠪᠤᠷᠢᠯᠠᠯᠲᠠ ᠬᠢᠵᠡᠢ᠃ ᠲᠣᠰ ᠤᠳᠠᠭ᠋ᠠᠨ᠎ᠤ ᠪᠤᠯᠪᠠᠰᠤᠷᠠᠯ ᠵᠶ᠋ᠠᠷ ᠳᠡᠮᠵᠢᠨ᠂ ᠬᠢᠨᠠᠨ ᠰᠢᠯᠭ᠋ᠠᠬᠤ ᠠᠵᠢᠯᠲᠠᠨ᠎ᠤ ᠤᠨᠤᠯ᠎ᠤᠨ ᠲᠦᠪᠰᠢᠨ ᠳᠡᠭᠡᠭᠰᠢᠯᠡᠵᠦ᠂ ᠶᠡᠷᠦᠩᠬᠡᠢ ᠬᠡᠪ ᠴᠢᠨᠠᠷ᠎ᠨᠢ ᠴᠢᠩᠭ᠋ᠠᠷᠠᠵᠤ᠂ ᠨᠡᠯᠢᠶᠡᠳ ᠬᠠᠨᠤᠮᠵᠢᠲᠠᠢ ᠦᠷ᠎ᠡ ᠪᠦᠲᠦᠮᠵᠢ ᠣᠯᠣᠭᠰᠠᠨ ᠪᠠᠢ᠌ᠨ᠎ᠠ᠃
ᠬᠣᠶ᠋ᠢᠰᠢᠳᠠ ᠪᠢᠳᠡ ᠪᠠᠴᠢᠮ ᠪᠠᠶ᠋ᠢᠳᠠᠯ᠎ᠢ ᠠᠷᠭ᠋ᠠᠴᠠᠬᠤ ᠬᠢᠨᠠᠨ ᠬᠡᠮᠵᠢᠯᠲᠡ ᠵᠢᠨ ᠬᠠᠮᠤᠭ᠎ᠤᠨ ᠰᠢᠨ᠎ᠡ ᠪᠠᠷᠢᠮᠵᠢᠶ᠎ᠠ ᠪᠣᠯᠣᠨ ᠮᠡᠷᠭᠡᠵᠢᠯ᠎ᠢ ᠦᠷᠭᠦᠯᠵᠢᠯᠡᠨ ᠠᠩᠬᠠᠷᠴᠤ᠂ ᠰᠣᠷᠣᠭᠰᠠᠨ ᠵᠶ᠋ᠠᠨ ᠬᠡᠷᠡᠭᠯᠡᠵᠦ᠂ ᠠᠵᠠ ᠲᠣᠬᠢᠶᠠᠯ᠎ᠢ ᠡᠵᠡᠮᠳᠡᠨ᠂ ᠭᠠᠵᠠᠷ ᠣᠷᠣᠨ᠎ᠤ ᠣᠨᠴᠠᠯᠢᠭ᠎ᠲᠠᠢ᠎ᠪᠠᠨ ᠤᠶᠠᠯᠳᠤᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠬᠦ ᠰᠢᠰᠲ᠋ᠧᠮ ᠪᠠ ᠲᠥᠰᠥᠯ᠎ᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠥᠯ᠎ᠢ ᠨᠠᠷᠢᠨ ᠪᠣᠳᠠᠲᠠᠢ ᠬᠢᠵᠦ᠂ ᠡᠩᠨᠡᠭᠡ ᠵᠢ ᠰᠠᠶ᠋ᠢᠲᠤᠷ ᠪᠠᠢ᠌ᠭᠤᠯᠤᠨ᠂ ᠴᠢᠳᠠᠪᠤᠷᠢ ᠵᠢ ᠴᠢᠩᠭ᠎ᠠ ᠬᠥᠮᠥᠵᠢᠭᠦᠯᠵᠦ᠂ ᠮᠡᠷᠭᠡᠵᠢᠯ᠎ᠢ ᠥᠨᠳᠥᠷ ᠳᠡᠭᠡᠭᠰᠢᠯᠡᠭᠦᠯᠵᠦ᠂ ᠣᠷᠴᠢᠨ ᠲᠣᠭᠣᠷᠢᠨ᠎ᠤ ᠡᠨᠳᠡᠯ ᠭᠠᠷᠤᠭᠰᠠᠨ ᠦᠶ᠎ᠡ᠎ᠳᠤ᠂ ᠬᠠᠮᠤᠭ᠎ᠤᠨ ᠲᠡᠷᠢᠭᠦᠨ᠎ᠳᠤ ᠬᠢᠨᠠᠨ ᠬᠡᠮᠵᠢᠯᠲᠡ ᠵᠢ ᠥᠷᠨᠢᠭᠦᠯᠵᠦ᠂ ᠪᠣᠬᠢᠷᠲᠤᠯ ᠪᠣᠳᠠᠰ᠎ᠤᠨ ᠲᠠᠷᠬᠠᠯᠲᠠ ᠪᠠ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠤᠪᠢᠷᠠᠯᠲᠠ ᠵᠢ ᠣᠨᠣᠪᠴᠢᠲᠠᠢ ᠡᠵᠡᠮᠰᠢᠨ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠯᠡᠬᠦ᠎ᠳᠤ ᠦᠨᠳᠦᠰᠦᠯᠡᠯ ᠬᠠᠩᠭ᠋ᠠᠪᠠ᠃