ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠬᠢᠨᠠᠨ ᠬᠡᠮᠵᠢᠭᠴᠢ ᠵᠢᠨ ᠴᠣᠭ ᠵᠢᠪᠬᠤᠭ᠎ᠠ ⑤ 《ᠮᠣᠩᠭᠣᠯ ᠮᠣᠷᠢ》 ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ ᠡᠬᠡ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ᠎ᠳᠤ ᠲᠤᠯᠭ᠋ᠠᠭᠤᠷᠢᠯᠠᠨ᠎ᠠ — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠴᠣᠭ ᠵᠢᠪᠬᠤᠭ᠎ᠠ (ᠳᠡᠭᠡᠳᠦ)
ᠨᠡᠶ᠋ᠢᠲᠡᠯᠡᠭᠰᠡᠨ ᠴᠠᠭ᠄ 2024-11-08

      ᠨᠠᠢ᠌ᠷᠠᠭᠤᠯᠤᠭᠴᠢ ᠵᠢᠨ ᠦᠭᠡ᠄ 10 ᠰᠠᠷ᠎ᠠ ᠵᠢᠨ 21᠎ᠤ ᠡᠳᠦᠷ᠎ᠠᠴᠠ 22᠎ᠤᠨ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠪᠥᠬᠥ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠪᠥᠬᠥ ᠤᠯᠤᠰ᠎ᠤᠨ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ ᠪᠠ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠢ ᠲᠣᠪᠴᠢᠶ᠎ᠠ ᠵᠡᠷᠭᠡ ᠵᠢᠷᠭᠤᠭ᠋ᠠᠨ ᠰᠠᠯᠠᠭ᠎ᠠ ᠮᠥᠴᠢᠷ᠎ᠠᠴᠠ ᠬᠠᠮᠲᠤᠷᠠᠨ ᠡᠷᠭᠢᠯᠡᠭᠰᠡᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠮᠥᠷᠥᠢ᠌ᠴᠡᠭᠡᠨ ᠵᠢᠶᠠᠩᠰᠤ ᠮᠤᠵᠢ ᠵᠢᠨ ᠨᠠᠨᠲ᠋ᠦᠢ᠌ᠩ ᠬᠣᠲᠠ᠎ᠳᠤ ᠶᠠᠪᠤᠭᠳᠠᠬᠤ ᠪᠣᠯᠣᠨ᠎ᠠ᠃ ᠠᠯᠳᠠᠨ ᠨᠠᠮᠤᠷ᠎ᠤᠨ ᠠᠷᠪᠠᠨ ᠰᠠᠷ᠎ᠠ᠎ᠳᠤ᠂ ᠨᠠᠮᠤᠷ᠎ᠤᠨ ᠰᠠᠯᠬᠢ ᠰᠡᠷᠴᠢᠭᠢᠨᠡᠵᠦ᠂ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠤᠰᠬᠠᠢ ᠮᠡᠷᠭᠡᠵᠢᠯ᠎ᠤᠨ ᠠᠵᠢᠯᠲᠠᠨ᠎ᠤ ᠮᠥᠷᠥᠢ᠌ᠴᠡᠭᠡᠨ ᠲᠣᠩᠭᠣᠷᠤᠤ ᠲᠣᠭ᠋ᠠᠯᠠᠯ᠎ᠳᠤ ᠣᠷᠣᠪᠠ᠃
      ᠪᠢᠳᠡ ᠡᠬᠡ ᠤᠯᠤᠰ᠎ᠤᠨ ᠵᠶ᠋ᠠᠨ 75 ᠵᠢᠯ᠎ᠤᠨ ᠣᠢ ᠵᠢ ᠬᠠᠮᠲᠤ᠎ᠪᠠᠷ ᠤᠭᠲᠤᠵᠤ ᠪᠠᠢ᠌ᠭ᠎ᠠ ᠲᠠᠰᠢᠷᠠᠮ᠎ᠳᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠢ᠌ᠳᠠ ᠵᠢᠨ ᠲᠠᠪᠴᠠᠩ 10 ᠰᠠᠷ᠎ᠠ ᠵᠢᠨ 1᠎ᠤ ᠡᠳᠦᠷ᠎ᠠᠴᠠ ᠡᠬᠢᠯᠡᠨ 《ᠬᠢᠨᠠᠨ ᠬᠡᠮᠵᠢᠭᠴᠢ ᠵᠢᠨ ᠴᠣᠭ ᠵᠢᠪᠬᠤᠭ᠎ᠠ》 ᠲᠤᠰᠬᠠᠢ ᠪᠤᠯᠤᠩ ᠭᠠᠷᠭ᠋ᠠᠵᠤ᠂ ᠡᠯ᠎ᠡ ᠮᠤᠵᠢ (ᠣᠷᠣᠨ᠂ ᠬᠣᠲᠠ) ᠵᠢᠨ ᠬᠢᠨᠠᠨ ᠬᠡᠮᠵᠢᠬᠦ ᠲᠥᠪ (ᠥᠷᠲᠡᠭᠡ)᠎ᠤᠨ ᠬᠢᠨᠠᠨ ᠬᠡᠮᠵᠢᠭᠴᠢ ᠵᠢᠨ ᠴᠣᠭ ᠵᠢᠪᠬᠤᠭ᠎ᠠ ᠪᠠ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠰ᠎ᠤᠨ ᠬᠥᠭᠵᠢᠯᠲᠡ ᠵᠢᠨ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳᠡᠯᠭᠡᠨ ᠦᠵᠡᠭᠦᠯᠦᠨ᠎ᠡ᠃ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠬᠤ᠎ᠪᠠᠷ ᠳᠠᠮᠵᠢᠭᠤᠯᠵᠤ᠂ ᠬᠢᠨᠠᠨ ᠬᠡᠮᠵᠢᠭᠴᠢ ᠵᠢᠨ ᠲᠡᠮᠦᠷ ᠠᠷᠮᠢ ᠵᠢᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠡᠭᠦᠷᠭᠡᠯᠡᠵᠦ ᠪᠠᠢ᠌ᠭ᠎ᠠ ᠬᠠᠷᠢᠭᠤᠴᠠᠯᠭ᠎ᠠ ᠪᠣᠯᠣᠨ ᠡᠭᠦᠷᠭᠡ ᠬᠠᠷᠢᠭᠤᠴᠠᠯᠭ᠎ᠠ᠎ᠪᠠᠨ ᠳᠤᠪᠤᠢ᠍ᠢ᠍ᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠠᠮᠤᠷ ᠲᠦᠪᠰᠢᠨ᠎ᠢ ᠰᠠᠬᠢᠨ ᠬᠠᠮᠠᠭ᠋ᠠᠯᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠪᠠ ᠬᠥᠮᠥᠨ ᠪᠣᠯᠣᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠵᠢ ᠠᠬᠢᠭᠤᠯᠬᠤ ᠰᠢᠨ᠎ᠡ ᠠᠶᠠᠨ᠎ᠳᠤ᠂ ᠬᠢᠨᠠᠨ ᠬᠡᠮᠵᠢᠭᠴᠢ᠎ᠠᠴᠠ ᠨᠡᠩ ᠬᠦᠴᠦᠲᠡᠢ ᠬᠢᠨᠠᠨ ᠬᠡᠮᠵᠢᠬᠦ ᠲᠤᠯᠭ᠋ᠠᠭᠤᠷᠢᠯᠠᠯ ᠬᠠᠩᠭ᠋ᠠᠬᠤ᠎ᠨᠢ ᠯᠠᠪᠲᠠᠢ ᠶᠤᠮ᠃
      ᠥᠨᠥᠳᠥᠷ᠎ᠤᠨ ᠲᠠᠨᠢᠯᠴᠠᠭᠤᠯᠭ᠎ᠠ – ᠥᠪᠥᠷ ᠮᠣᠩᠭᠣᠯ᠎ᠤᠨ ᠬᠠᠭᠤᠳᠠᠰᠤ
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ (ᠳᠣᠷᠣᠭᠰᠢ 《ᠥᠪᠥᠷ ᠮᠣᠩᠭᠣᠯ᠎ᠤᠨ ᠥᠷᠲᠡᠭᠡ》 ᠭᠡᠵᠦ ᠲᠣᠪᠴᠢᠯᠠᠨ᠎ᠠ) ᠵᠢ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ 《ᠳᠠᠭ᠋ᠠᠭᠤᠯᠤᠭᠴᠢ》 ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 《ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠬᠡᠷᠡᠭᠵᠢᠭᠦᠯᠬᠦ ᠲᠥᠰᠥᠯ》᠎ᠳᠠᠬᠢ 《〈ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ〉᠎ᠢ ᠲᠤᠭᠤᠰᠢᠯᠠᠭᠤᠯᠬᠤ ᠠᠵᠢᠯ᠎ᠤᠨ ᠲᠥᠰᠥᠯ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢᠨ ᠲᠣᠭᠣᠷᠢᠨ᠎ᠳᠤ᠂ 《ᠵᠢᠷᠭᠤᠭ᠎ᠠ ᠵᠢ ᠨᠢᠭᠡᠳᠦᠯᠲᠡᠢ ᠲᠥᠯᠥᠪᠵᠢᠭᠦᠯᠬᠦ》᠎ᠪᠠᠷ ᠭᠠᠷᠳᠠᠴᠠ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠴᠢᠷᠮᠠᠢ᠌ᠨ ᠳᠡᠭᠡᠭᠰᠢᠯᠡᠭᠦᠯᠵᠦ᠂ ᠬᠢᠨᠠᠨ ᠬᠡᠮᠵᠢᠯᠲᠡ ᠵᠢᠨ ᠮᠡᠷᠭᠡᠵᠢᠯ᠎ᠤᠨ ᠲᠤᠯᠭ᠋ᠠᠭᠤᠷᠢᠯᠠᠯ ᠪᠠ ᠪᠠᠲᠤᠯᠠᠭ᠎ᠠ ᠵᠢ ᠪᠥᠬᠥ ᠲᠠᠯ᠎ᠠ᠎ᠪᠠᠷ ᠰᠠᠶ᠋ᠢᠲᠤᠷ ᠬᠢᠨ᠎ᠡ᠃
      ᠳᠠᠬᠢᠨ ᠪᠠᠢ᠌ᠭᠤᠯᠤᠭᠰᠠᠨ᠎ᠤ ᠳᠠᠷᠠᠭ᠋ᠠᠬᠢ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠰᠢᠨ᠎ᠡ ᠳᠦᠷᠰᠦ
      2020 ᠣᠨ᠎ᠤ ᠰᠡᠭᠦᠯᠴᠢ᠎ᠪᠠᠷ᠂ ᠤᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠥᠪ ᠥᠷᠲᠡᠭᠡ ᠬᠢᠭᠡᠳ 12 ᠠᠶ᠋ᠢᠮᠠᠭ ᠬᠣᠲᠠ᠎ᠳᠤ ᠰᠠᠭᠤᠭ᠎ᠠ ᠬᠢᠨᠠᠨ ᠬᠡᠮᠵᠢᠬᠦ ᠥᠷᠲᠡᠭᠡ ᠵᠢ ᠨᠡᠢ᠌ᠯᠡᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠪᠣᠯᠭ᠋ᠠᠨ ᠪᠠᠢ᠌ᠭᠤᠯᠪᠠ᠃ ᠭᠣᠣᠯ ᠡᠭᠦᠷᠭᠡ ᠴᠢᠳᠠᠪᠬᠢ᠎ᠨᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠥᠷᠥ ᠵᠢᠨ ᠪᠣᠳᠣᠯᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠬᠦ ᠡᠭᠦᠷᠭᠡ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠬᠤᠷᠢᠶᠠᠩᠭᠤᠢ᠌ᠯᠠᠬᠤ᠂ ᠵᠠᠳᠠᠯᠬᠤ ᠵᠢᠴᠢ ᠦᠨᠡᠯᠡᠬᠦ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠬᠡᠮᠵᠢᠵᠦ ᠶᠠᠰᠤ ᠴᠢᠨᠠᠷ᠎ᠢ ᠡᠵᠡᠮᠳᠡᠬᠦ ᠵᠡᠷᠭᠡ ᠠᠵᠢᠯ᠎ᠢ ᠡᠭᠦᠷᠭᠡᠯᠡᠪᠡ᠃ ᠡᠯ᠎ᠡ ᠬᠤᠪᠢᠶᠠᠷᠢ ᠥᠷᠲᠡᠭᠡ᠎ᠨᠦᠭᠦᠳ ᠪᠠᠰᠠ ᠬᠠᠷᠢᠶ᠎ᠠ ᠣᠷᠣᠨ᠎ᠤ᠎ᠪᠠᠨ ᠳᠣᠲᠣᠷᠠᠬᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢ ᠡᠭᠦᠷᠭᠡᠯᠡᠬᠦ ᠵᠢᠨ ᠬᠠᠮᠲᠤ ᠣᠷᠣᠨ ᠨᠤᠲᠤᠭ᠎ᠤᠨ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ᠎ᠳᠤ ᠮᠡᠷᠭᠡᠵᠢᠯ᠎ᠤᠨ ᠳᠡᠮᠵᠢᠯᠭᠡ ᠬᠠᠩᠭ᠋ᠠᠬᠤ ᠵᠢᠴᠢ ᠣᠷᠣᠨ ᠨᠤᠲᠤᠭ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠨᠠᠢ᠌ᠳᠠᠭᠰᠠᠨ ᠨᠠᠢ᠌ᠳᠠ ᠵᠢᠨ ᠠᠰᠠᠷᠠᠮᠵᠢ ᠵᠢᠨ ᠴᠢᠨᠠᠷᠲᠠᠢ ᠬᠢᠨᠠᠨ ᠬᠡᠮᠵᠢᠯᠲᠡ ᠵᠢᠨ ᠡᠭᠦᠷᠭᠡ ᠵᠢ ᠡᠭᠦᠷᠭᠡᠯᠡᠪᠡ᠃
      ᠭᠤᠷᠪᠠᠨ ᠵᠢᠯ ᠭᠠᠷᠤᠢ ᠵᠢᠨ ᠲᠤᠷᠰᠢ᠂ ᠥᠪᠥᠷ ᠮᠣᠩᠭᠣᠯ᠎ᠤᠨ ᠥᠷᠲᠡᠭᠡ᠎ᠨᠢ ᠦᠵᠡᠯ ᠰᠠᠨᠠᠭ᠎ᠠ᠎ᠪᠠᠨ ᠨᠢᠭᠡᠳᠬᠡᠬᠦ᠂ ᠪᠠᠷᠢᠮᠵᠢᠶ᠎ᠠ᠎ᠪᠠᠨ ᠨᠢᠭᠡᠳᠬᠡᠬᠦ᠂ ᠡᠬᠢ ᠪᠠᠶᠠᠯᠢᠭ ᠵᠶ᠋ᠠᠨ ᠨᠢᠭᠡᠳᠬᠡᠬᠦ᠂ ᠶᠠᠪᠤᠴᠠ᠎ᠪᠠᠨ ᠨᠢᠭᠡᠳᠬᠡᠬᠦ ᠵᠠᠷᠴᠢᠮ ᠶᠣᠰᠣᠭ᠋ᠠᠷ᠂ ᠤᠷᠢᠳ ᠬᠣᠵᠢᠳ 《ᠬᠡᠷᠡᠭ ᠎ᠤᠨ ᠵᠢᠱ᠌ᠢᠶ᠎ᠡ᠎ᠪᠠᠷ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠣᠨ》᠂ 《ᠶᠠᠰᠤ ᠴᠢᠨᠠᠷ᠎ᠢ ᠳᠡᠭᠡᠭᠰᠢᠯᠡᠭᠦᠯᠬᠦ ᠣᠨ》᠂ 《ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠢᠨᠠᠨ ᠬᠡᠮᠵᠢᠯᠲᠡ ᠵᠢ ᠴᠢᠩᠭ᠋ᠠᠳᠬᠠᠬᠤ ᠣᠨ》᠂ 《ᠠᠮᠢ ᠠᠬᠤᠢ ᠵᠢᠨ ᠬᠢᠨᠠᠨ ᠬᠡᠮᠵᠢᠯᠲᠡ ᠵᠢᠨ ᠮᠡᠷᠭᠡᠵᠢᠯ ᠴᠢᠳᠠᠪᠤᠷᠢ ᠵᠢᠨ ᠰᠢᠯᠭ᠋ᠠᠷᠠᠭᠤᠯᠤᠯᠲᠠ ᠵᠢᠨ ᠣᠨ》 ᠭᠡᠬᠦ ᠭᠣᠣᠯ ᠰᠡᠳᠦᠪᠲᠦ ᠣᠨ᠎ᠤ ᠠᠵᠢᠯᠯᠠᠭ᠎ᠠ᠎ᠪᠠᠷ ᠪᠦᠬᠦ ᠵᠢᠯ᠎ᠤᠨ ᠠᠵᠢᠯ᠎ᠢ ᠲᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤ᠎ᠪᠠᠷ ᠲᠥᠪ ᠪᠣᠯᠭ᠋ᠠᠵᠤ᠂ ᠡᠯ᠎ᠡ ᠬᠤᠪᠢᠶᠠᠷᠢ ᠥᠷᠲᠡᠭᠡ᠎ᠨᠦᠭᠦᠳ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ᠂ ᠲᠣᠰ ᠲᠣᠰ᠎ᠤᠨ ᠣᠨᠴᠠᠯᠢᠭ᠎ᠲᠠᠢ᠂ ᠣᠷᠣᠨ ᠪᠦᠰᠡ ᠵᠢᠨ ᠬᠠᠷᠢᠯᠴᠠᠨ ᠨᠥᠬᠥᠪᠦᠷᠢᠯᠡᠬᠦ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠵᠤ᠂ ᠪᠥᠬᠥ ᠲᠠᠯ᠎ᠠ ᠵᠢᠨ ᠨᠠᠷᠢᠨ ᠪᠣᠳᠠᠲᠠᠢ ᠣᠨᠣᠪᠴᠢᠲᠠᠢ ᠬᠢᠨᠠᠨ ᠬᠡᠮᠵᠢᠭᠰᠡᠨ ᠲᠣᠭ᠎ᠠ ᠪᠠᠷᠢᠮᠲᠠ᠎ᠪᠠᠷ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠤᠪᠢᠷᠠᠯᠲᠠ ᠵᠢᠨ ᠬᠠᠨᠳᠤᠰᠢ᠎ᠳᠤ ᠴᠢᠭᠯᠡᠭᠦᠯᠦᠨ ᠵᠠᠳᠠᠯᠤᠯᠲᠠ ᠬᠢᠵᠦ᠂ ᠴᠢᠨᠠᠷ ᠰᠠᠢ᠌ᠲᠠᠢ ᠬᠠᠤᠯᠢ ᠬᠡᠷᠡᠭᠵᠢᠭᠦᠯᠦᠯᠲᠡ ᠵᠢᠨ ᠬᠢᠨᠠᠨ ᠬᠡᠮᠵᠢᠯᠲᠡ ᠵᠢᠨ ᠦᠢ᠍ᠯᠡᠴᠢᠯᠡᠭᠡ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ᠎ᠳᠤ ᠬᠦᠴᠦᠨ ᠨᠡᠮᠡᠷᠢᠯᠡᠪᠡ᠃
      ᠪᠥᠬᠥ ᠣᠷᠣᠨ᠎ᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠬᠢᠨᠠᠨ ᠬᠡᠮᠵᠢᠵᠦ ᠦᠨᠡᠯᠡᠨ ᠵᠢᠱ᠌ᠢᠬᠦ᠎ᠳᠤ ᠰᠢᠨ᠎ᠡ ᠵᠠᠮ ᠨᠡᠭᠡᠭᠡᠵᠦ ᠥᠭᠪᠡ
      ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠡᠬᠡ ᠭᠠᠵᠠᠷ᠎ᠤᠨ ᠪᠠᠢ᠌ᠴᠠᠭ᠋ᠠᠯᠲᠠ ᠵᠢᠨ ᠬᠦᠷᠢᠶᠡᠨ᠎ᠳᠤ᠂ ᠭᠤᠴᠢ ᠭᠠᠷᠤᠢ ᠵᠢᠯ᠎ᠤᠨ ᠲᠤᠷᠰᠢ ᠨᠤᠲᠤᠭ ᠪᠡᠯᠴᠢᠭᠡᠷ ᠪᠣᠯᠣᠨ ᠡᠯᠡᠰᠦᠨ ᠴᠥᠯ᠎ᠤᠨ ᠠᠮᠢ ᠠᠬᠤᠢ ᠵᠢᠨ ᠬᠢᠨᠠᠨ ᠬᠡᠮᠵᠢᠯᠲᠡ ᠵᠢ ᠰᠢᠰᠲ᠋ᠧᠮ᠎ᠲᠠᠢ ᠥᠷᠨᠢᠭᠦᠯᠦᠭᠰᠡᠨ ᠭᠠᠵᠠᠷ ᠳᠡᠭᠡᠷᠡᠬᠢ ᠬᠢᠨᠠᠨ ᠬᠡᠮᠵᠢᠯᠲᠡ ᠵᠢᠨ ᠦᠷ᠎ᠡ ᠪᠦᠲᠦᠭᠡᠯ᠎ᠢ ᠳ᠋ᠦᠩᠨᠡᠨ ᠵᠠᠳᠠᠯᠤᠭᠰᠠᠨ᠎ᠤ ᠰᠠᠭᠤᠷᠢᠨ ᠳᠡᠭᠡᠷ᠎ᠡ᠂ ᠪᠥᠬᠥ ᠤᠷᠭᠤᠮᠠᠯ᠎ᠤᠨ ᠬᠤᠴᠢᠯᠭ᠎ᠠ ᠵᠢᠨ ᠰᠢᠰᠲ᠋ᠧᠮ᠎ᠤᠨ ᠲᠥᠷᠥᠯ ᠬᠡᠯᠪᠡᠷᠢ ᠵᠢᠴᠢ ᠲᠠᠷᠬᠠᠯᠲᠠ ᠵᠢ ᠦᠨᠳᠦᠰᠦᠨ᠎ᠳᠡᠭᠡᠨ ᠲᠣᠳᠣᠷᠬᠠᠢ ᠣᠢ᠌ᠯᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠬᠥᠬᠡ ᠭᠠᠳᠠᠷᠲᠤ ᠪᠢᠴᠢᠭ ᠪᠠ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠪᠠᠢ᠌ᠯᠳᠤᠬᠤ ᠪᠣᠳᠣᠯᠭ᠎ᠠ ᠵᠢᠨ ᠠᠵᠢᠯᠯᠠᠭ᠎ᠠ ᠵᠢᠨ ᠲᠥᠯᠥᠪᠯᠡᠭᠡ ᠵᠢ ᠨᠠᠢ᠌ᠷᠠᠭᠤᠯᠤᠨ ᠵᠣᠬᠢᠶᠠᠵᠤ᠂ ᠡᠯᠡᠰᠦᠨ ᠴᠥᠯ᠎ᠤᠨ ᠰᠢᠰᠲ᠋ᠧᠮ᠎ᠤᠨ ᠤᠷᠭᠤᠮᠠᠯ᠎ᠤᠨ ᠬᠤᠴᠢᠯᠭ᠎ᠠ ᠵᠢᠨ ᠬᠠᠮᠠᠭ᠋ᠠᠯᠠᠯᠲᠠ ᠵᠢᠨ ᠲᠡᠷᠢᠭᠦᠨ ᠳᠠᠷᠠᠭ᠋ᠠᠯᠠᠯ᠎ᠢ ᠬᠤᠪᠢᠶᠠᠷᠢᠯᠠᠵᠤ᠂ ᠮᠤᠵᠢ ᠵᠢᠨ ᠬᠡᠪᠴᠢᠶᠡᠨ᠎ᠤ ᠠᠮᠢ ᠠᠬᠤᠢ ᠵᠢᠨ ᠰᠢᠰᠲ᠋ᠧᠮ᠎ᠤᠨ ᠤᠯᠠᠭ᠋ᠠᠨ ᠨᠡᠷᠡᠰ᠎ᠤᠨ ᠵᠢᠭᠰᠠᠭ᠋ᠠᠯᠲᠠ ᠵᠢ ᠦᠨᠡᠯᠡᠨ ᠵᠢᠱ᠌ᠢᠬᠦ ᠵᠢᠴᠢ ᠰᠢᠶᠠᠨ᠎ᠤ ᠬᠡᠪᠴᠢᠶᠡᠨ᠎ᠤ 1:50 ᠲᠦᠮᠡᠨ ᠠᠮᠢ ᠠᠬᠤᠢ ᠵᠢᠨ ᠰᠢᠰᠲ᠋ᠧᠮ᠎ᠤᠨ ᠲᠥᠷᠥᠯ ᠬᠡᠯᠪᠡᠷᠢ ᠵᠢᠨ ᠵᠢᠷᠤᠭ᠎ᠢ ᠤᠷᠢᠳᠠᠪᠠᠷ ᠪᠡᠶᠡᠯᠡᠭᠦᠯᠪᠡ᠃
      ᠠᠮᠢ ᠠᠬᠤᠢ ᠵᠢᠨ ᠬᠢᠨᠠᠨ ᠬᠡᠮᠵᠢᠯᠲᠡ ᠵᠢᠨ ᠰᠦᠯᠵᠢᠶ᠎ᠡ ᠵᠢᠨ ᠪᠠᠢ᠌ᠭᠤᠯᠤᠯᠲᠠ ᠵᠢᠴᠢ ᠥᠷᠲᠡᠭᠡ ᠴᠡᠭ᠎ᠤᠨ ᠪᠠᠢ᠌ᠷᠢᠯᠠᠭᠤᠯᠤᠯᠲᠠ ᠵᠢᠨ ᠲᠠᠯ᠎ᠠ᠎ᠪᠠᠷ᠂ ᠪᠥᠬᠥ ᠤᠯᠤᠰ᠎ᠤᠨ ᠠᠮᠢ ᠠᠬᠤᠢ ᠵᠢᠨ ᠬᠢᠨᠠᠨ ᠬᠡᠮᠵᠢᠯᠲᠡ ᠵᠢᠨ ᠬᠦᠷᠢᠶᠡᠨ᠎ᠳᠤ 《ᠨᠢᠭᠡ ᠥᠷᠲᠡᠭᠡ ᠤᠯᠠᠨ ᠴᠡᠭ》 ᠮᠠᠶᠢᠭ᠎ᠤᠨ ᠠᠮᠢ ᠠᠬᠤᠢ ᠵᠢᠨ ᠬᠢᠨᠠᠨ ᠬᠡᠮᠵᠢᠯᠲᠡ ᠵᠢᠨ ᠰᠦᠯᠵᠢᠶ᠎ᠡ ᠵᠢᠨ ᠪᠠᠢ᠌ᠭᠤᠯᠤᠯᠲᠠ᠂ ᠠᠵᠢᠯᠯᠠᠭ᠋ᠠᠨ ᠬᠢᠭᠡᠳ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢᠨ ᠦᠨᠡᠯᠡᠨ ᠵᠢᠱ᠌ᠢᠯᠲᠡ ᠵᠢ ᠡᠩ ᠲᠡᠷᠢᠭᠦᠨ᠎ᠳᠤ ᠥᠷᠨᠢᠭᠦᠯᠪᠡ᠃ 2021 ᠣᠨ᠎ᠳᠤ᠂ ᠥᠪᠥᠷ ᠮᠣᠩᠭᠣᠯ᠎ᠤᠨ ᠥᠷᠲᠡᠭᠡ᠎ᠨᠢ ᠪᠦᠬᠦ ᠣᠷᠣᠨ᠎ᠤ ᠣᠳᠣ ᠪᠠᠢ᠌ᠭ᠎ᠠ 52 ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ᠂ ᠶᠡᠬᠡ ᠳᠡᠭᠡᠳᠦ ᠰᠤᠷᠭ᠋ᠠᠭᠤᠯᠢ ᠵᠢᠨ ᠪᠠᠢ᠌ᠭᠤᠯᠤᠭᠰᠠᠨ ᠠᠮᠢ ᠠᠬᠤᠢ ᠵᠢᠨ ᠪᠠᠶ᠋ᠢᠷᠢ ᠲᠣᠭᠲᠠᠭ᠋ᠠᠯᠲᠠ ᠵᠢᠨ ᠥᠷᠲᠡᠭᠡᠨ᠎ᠤ ᠰᠤᠳᠤᠯᠭ᠋ᠠᠨ᠎ᠤ ᠴᠢᠭᠯᠡᠯ᠂ ᠬᠠᠮᠲᠤᠷᠠᠯᠴᠠᠭ᠋ᠠᠨ᠎ᠤ ᠬᠦᠰᠡᠯ᠂ ᠭᠠᠵᠠᠷ ᠵᠦᠢ ᠵᠢᠨ ᠪᠠᠢ᠌ᠷᠢᠰᠢᠯ᠂ ᠬᠢᠨᠠᠨ ᠬᠡᠮᠵᠢᠬᠦ ᠴᠢᠳᠠᠪᠤᠷᠢ ᠵᠢ ᠦᠨᠳᠦᠰᠦᠯᠡᠵᠦ᠂ 12 ᠰᠤᠳᠤᠯᠭ᠋ᠠᠨ᠎ᠤ ᠥᠷᠲᠡᠭᠡ ᠵᠢ ᠰᠣᠩᠭᠣᠨ ᠭᠠᠷᠭ᠋ᠠᠵᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠲᠣᠣᠷ ᠰᠦᠯᠵᠢᠶ᠎ᠡ᠎ᠳᠤ ᠣᠷᠣᠭᠤᠯᠬᠤ ᠵᠢᠨ ᠬᠠᠮᠲᠤ ᠨᠢᠭᠡᠳᠦᠯᠲᠡᠢ ᠠᠷᠭ᠎ᠠ ᠪᠠ ᠪᠠᠷᠢᠮᠵᠢᠶ᠎ᠠ᠎ᠪᠠᠷ ᠲᠤᠷᠰᠢᠨ ᠠᠵᠢᠯᠯᠠᠭᠤᠯᠵᠤ᠂ ᠬᠠᠮᠲᠤᠷᠠᠨ ᠠᠵᠢᠯᠯᠠᠵᠤ ᠬᠠᠮᠲᠤ᠎ᠪᠠᠷ ᠬᠤᠪᠢᠶᠠᠯᠴᠠᠬᠤ ᠠᠵᠢᠯ᠎ᠤᠨ ᠲᠣᠭᠲᠠᠴᠠ ᠵᠢ ᠪᠠᠢ᠌ᠭᠤᠯᠤᠨ᠂ ᠠᠮᠢ ᠠᠬᠤᠢ ᠵᠢᠨ ᠬᠢᠨᠠᠨ ᠬᠡᠮᠵᠢᠯᠲᠡ ᠵᠢᠨ ᠲᠣᠰ ᠲᠣᠰ᠎ᠲᠠᠭᠠᠨ ᠪᠠᠢ᠌ᠯᠳᠤᠬᠤ᠂ ᠬᠠᠮᠤᠷᠬᠤ ᠠᠮᠢ ᠠᠬᠤᠢ ᠵᠢᠨ ᠰᠢᠰᠲ᠋ᠧᠮ᠎ᠤᠨ ᠲᠥᠷᠥᠯ ᠬᠡᠯᠪᠡᠷᠢ ᠪᠦᠷᠢᠨ ᠪᠤᠰᠤ᠂ ᠮᠡᠷᠭᠡᠵᠢᠯ ᠪᠠᠭᠤᠷᠠᠢ᠂ ᠠᠵᠢᠯᠲᠠᠨ ᠬᠦᠷᠦᠯᠴᠡᠬᠦ ᠦᠭᠡᠢ᠂ ᠬᠢᠨᠠᠨ ᠬᠡᠮᠵᠢᠬᠦ ᠠᠷᠭ᠎ᠠ ᠵᠢᠴᠢ ᠦᠨᠡᠯᠡᠬᠦ ᠪᠠᠷᠢᠮᠵᠢᠶ᠎ᠠ ᠨᠢᠭᠡᠳᠦᠯ ᠦᠭᠡᠢ᠂ ᠳᠠᠪᠬᠤᠷᠳᠠᠭᠤᠯᠤᠨ ᠣᠷᠣᠭᠤᠯᠤᠯᠲᠠ ᠬᠢᠬᠦ ᠵᠡᠷᠭᠡ ᠠᠰᠠᠭᠤᠳᠠᠯ᠎ᠢ ᠦᠨᠳᠦᠰᠦᠨ᠎ᠳᠡᠭᠡᠨ ᠰᠢᠢ᠍ᠳᠪᠦᠷᠢᠯᠡᠪᠡ᠃ ᠣᠳᠣᠬᠠᠨ᠎ᠳᠤ ᠣᠷᠣᠯᠴᠠᠭᠰᠠᠨ ᠪᠠᠶ᠋ᠢᠷᠢ ᠲᠣᠭᠲᠠᠭ᠋ᠠᠯᠲᠠ ᠵᠢᠨ ᠥᠷᠲᠡᠭᠡ 12 ᠪᠠᠢ᠌ᠭᠰᠠᠨ᠎ᠠᠴᠠ᠎ᠪᠠᠨ ᠨᠡᠮᠡᠭᠳᠡᠭᠡᠳ 15 ᠪᠣᠯᠵᠤ᠂ ᠡᠭᠦᠨ᠎ᠳᠤ 5 ᠥᠷᠲᠡᠭᠡ᠎ᠨᠢ ᠨᠢᠭᠡᠨᠲᠡ ᠨᠢᠭᠡᠳᠦᠭᠡᠷ ᠪᠦᠯᠦᠭ᠎ᠤᠨ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠤᠨ ᠶᠡᠷᠦᠩᠬᠡᠢ᠌ᠯᠡᠭᠰᠡᠨ ᠬᠢᠨᠠᠨ ᠬᠡᠮᠵᠢᠯᠲᠡ ᠵᠢᠨ ᠥᠷᠲᠡᠭᠡ᠎ᠳᠤ ᠰᠣᠩᠭᠣᠭᠳᠠᠵᠠᠢ᠃
      ᠠᠮᠢ ᠠᠬᠤᠢ ᠵᠢᠨ ᠶᠠᠰᠤ ᠴᠢᠨᠠᠷ᠎ᠤᠨ ᠦᠨᠡᠯᠡᠯᠲᠡ ᠵᠢᠨ ᠪᠠᠷᠢᠮᠵᠢᠶ᠎ᠠ ᠵᠢ ᠲᠣᠭᠲᠠᠭ᠋ᠠᠬᠤ ᠲᠠᠯ᠎ᠠ᠎ᠪᠠᠷ᠂ ᠤᠯᠤᠰ᠎ᠤᠨ ᠠᠮᠢ ᠠᠬᠤᠢ ᠵᠢᠨ ᠶᠠᠰᠤ ᠴᠢᠨᠠᠷ᠎ᠤᠨ ᠦᠨᠡᠯᠡᠯᠲᠡ ᠵᠢᠨ ᠠᠷᠭ᠎ᠠ ᠵᠢᠨ ᠰᠠᠭᠤᠷᠢᠨ ᠳᠡᠭᠡᠷ᠎ᠡ᠂ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ ᠵᠢᠴᠢ ᠤᠯᠠᠨ ᠵᠢᠯ᠎ᠤᠨ ᠠᠮᠢ ᠠᠬᠤᠢ ᠵᠢᠨ ᠭᠠᠵᠠᠷ ᠳᠡᠭᠡᠷᠡᠬᠢ ᠬᠢᠨᠠᠨ ᠬᠡᠮᠵᠢᠯᠲᠡ ᠵᠢᠨ ᠦᠷ᠎ᠡ ᠪᠦᠲᠦᠭᠡᠯ᠎ᠲᠠᠢ ᠤᠶᠠᠯᠳᠤᠭᠤᠯᠤᠨ᠂ 《ᠣᠷᠣᠨ ᠪᠦᠰᠡ ᠵᠢᠨ ᠠᠮᠢ ᠠᠬᠤᠢ ᠵᠢᠨ ᠶᠠᠰᠤ ᠴᠢᠨᠠᠷ᠎ᠤᠨ ᠬᠥᠳᠡᠯᠦᠩᠭᠦᠢ ᠦᠨᠡᠯᠡᠨ ᠵᠢᠱ᠌ᠢᠬᠦ ᠮᠡᠷᠭᠡᠵᠢᠯ᠎ᠤᠨ ᠵᠢᠷᠤᠮᠵᠢᠯ》᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠰᠤᠳᠤᠯᠤᠨ ᠲᠣᠭᠲᠠᠭ᠋ᠠᠭᠰᠠᠨ᠎ᠤ ᠬᠠᠮᠲᠤ ᠨᠢᠭᠡᠨᠲᠡ ᠨᠡᠢ᠌ᠲᠡᠯᠡᠨ ᠬᠡᠷᠡᠭᠵᠢᠭᠦᠯᠪᠡ᠃ 2023 — 2024 ᠣᠨ᠎ᠳᠤ᠂ ᠥᠪᠥᠷ ᠮᠣᠩᠭᠣᠯ᠎ᠤᠨ᠎ᠬᠢᠨ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠬᠢᠨᠠᠨ ᠬᠡᠮᠵᠢᠵᠦ ᠦᠨᠡᠯᠡᠨ ᠵᠢᠱ᠌ᠢᠬᠦ ᠬᠦᠷᠢᠶᠡᠨ᠎ᠳᠤ 15 ᠵᠦᠢ᠍ᠯ᠎ᠤᠨ ᠣᠷᠣᠨ ᠨᠤᠲᠤᠭ᠎ᠤᠨ ᠪᠠᠷᠢᠮᠵᠢᠶ᠎ᠠ᠂ 1 ᠵᠦᠢ᠍ᠯ᠎ᠤᠨ ᠴᠢᠨᠠᠷ ᠰᠠᠢ᠌ᠲᠠᠢ ᠪᠠᠷᠢᠮᠵᠢᠶ᠎ᠠ ᠵᠢᠨ ᠰᠢᠰᠲ᠋ᠧᠮ᠎ᠢ ᠭᠤᠶᠤᠴᠢᠯᠠᠨ ᠮᠡᠳᠡᠭᠦᠯᠵᠦ᠂ ᠴᠥᠮ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠭᠡᠯ ᠣᠯᠣᠭᠰᠠᠨ ᠪᠠᠢ᠌ᠨ᠎ᠠ᠃
      ᠡᠯ᠎ᠡ ᠱᠠᠲᠤᠨ᠎ᠤ ᠵᠠᠰᠠᠭ᠎ᠤᠨ ᠣᠷᠳᠣᠨ᠎ᠳᠤ ᠰᠢᠨᠵᠢᠯᠡᠬᠦ ᠤᠬᠠᠭ᠋ᠠᠨᠴᠢ᠎ᠪᠠᠷ ᠪᠣᠬᠢᠷᠲᠤᠯ᠎ᠢ ᠵᠠᠰᠠᠬᠤ ᠵᠢ ᠬᠢᠨᠠᠨ ᠬᠡᠮᠵᠢᠯᠲᠡ ᠵᠢᠨ ᠳᠤᠯᠭ᠋ᠠᠭᠤᠷᠢᠯ ᠬᠠᠩᠭ᠋ᠠᠪᠠ
      ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠤᠯᠲᠠ᠄ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠰᠬᠠᠢ ᠲᠥᠷᠥᠯ᠎ᠤᠨ 《ᠬᠥᠬᠡᠬᠣᠲᠠ ᠪᠤᠭᠤᠲᠤ ᠣᠷᠳᠣᠰ᠎ᠤᠨ ᠣᠷᠣᠨ ᠪᠦᠰᠡ ᠵᠢᠨ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠪᠣᠬᠢᠷᠲᠤᠯ᠎ᠢ ᠰᠡᠷᠭᠡᠢ᠌ᠯᠡᠨ ᠵᠠᠰᠠᠬᠤ ᠴᠢᠬᠤᠯᠠ ᠶᠡᠬᠡ ᠵᠠᠩᠭᠢᠯᠠᠭ᠎ᠠ ᠵᠢᠨ ᠮᠡᠷᠭᠡᠵᠢᠯ》᠎ᠤᠨ ᠰᠤᠳᠤᠯᠭ᠋ᠠᠨ᠎ᠢ ᠲᠦᠷᠦᠭᠦᠯᠡᠨ ᠪᠡᠶᠡᠯᠡᠭᠦᠯᠵᠦ᠂ ᠠᠭ᠋ᠠᠷ᠎ᠤᠨ ᠶᠠᠰᠤ ᠴᠢᠨᠠᠷ᠎ᠢ ᠤᠷᠢᠳᠴᠢᠯᠠᠨ ᠮᠡᠳᠡᠭᠡᠯᠡᠬᠦ ᠴᠢᠳᠠᠪᠤᠷᠢ ᠵᠢ ᠥᠩᠭᠡᠷᠡᠭᠰᠡᠨ᠎ᠤ 7 ᠡᠳᠦᠷ᠎ᠠᠴᠠ 10 ᠡᠳᠦᠷ ᠪᠣᠯᠭ᠋ᠠᠨ ᠳᠡᠭᠡᠭᠰᠢᠯᠡᠭᠦᠯᠵᠦ᠂ 72 ᠴᠠᠭ᠎ᠤᠨ ᠤᠷᠢᠳᠴᠢᠯᠠᠨ ᠮᠡᠳᠡᠭᠡᠯᠡᠬᠦ ᠣᠨᠣᠪᠴᠢ ᠵᠢᠨ ᠨᠣᠷᠮ᠎ᠠ ᠵᠢ 50% ᠪᠠᠢ᠌ᠭᠰᠠᠨ᠎ᠠᠴᠠ 70% ᠪᠣᠯᠭ᠋ᠠᠨ ᠳᠡᠭᠡᠭᠰᠢᠯᠡᠭᠦᠯᠪᠡ; ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠳᠠᠮᠵᠢᠭᠤᠯᠭ᠎ᠠ ᠵᠢᠨ ᠵᠢᠮ᠎ᠡ ᠶᠣᠰᠣ ᠵᠢ ᠬᠢᠨᠠᠨ ᠬᠡᠮᠵᠢᠬᠦ ᠰᠤᠳᠤᠯᠭ᠋ᠠᠨ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠨᠡᠢ᠌ᠲᠡᠯᠢᠭ ᠴᠠᠭ ᠬᠤᠭᠤᠴᠠᠭ᠎ᠠ᠂ PM2.5\PM10\VOC ᠵᠡᠷᠭᠡ ᠭᠣᠣᠯ ᠪᠣᠯᠬᠤ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠬᠣᠭᠤᠷᠤᠨᠳᠤᠬᠢ ᠳᠠᠮᠵᠢᠭᠤᠯᠭ᠎ᠠ ᠵᠢᠨ ᠨᠥᠯᠥᠭᠡ ᠵᠢ ᠦᠨᠳᠦᠰᠦᠨ᠎ᠳᠡᠭᠡᠨ ᠲᠣᠳᠣᠷᠬᠠᠢ ᠪᠣᠯᠭ᠋ᠠᠪᠠ᠃ 《ᠠᠯᠠᠱ᠌ᠠ ᠣᠷᠣᠨ᠎ᠤ ᠵᠣᠨ᠎ᠤ ᠤᠯᠠᠷᠢᠯ᠎ᠤᠨ ᠥᠨᠳᠥᠷ ᠠᠷᠤ ᠦᠵᠡᠭᠳᠡᠯ᠎ᠲᠠᠢ ᠣᠽᠣᠨ᠎ᠤ ᠥᠳᠬᠡᠴᠡ ᠵᠢᠨ ᠵᠠᠳᠠᠯᠤᠯᠲᠠ》 ᠵᠢᠨ ᠰᠤᠳᠤᠯᠭ᠋ᠠᠨ᠎ᠢ ᠪᠡᠶᠡᠯᠡᠭᠦᠯᠪᠡ᠃
      ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠤᠯᠲᠠ᠄ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠣᠷᠴᠢᠨ ᠲᠣᠭᠣᠷᠢᠨ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠎ᠢ ᠠᠩᠬ᠎ᠠ ᠠᠯᠬᠤᠮ ᠪᠠᠢ᠌ᠭᠤᠯᠵᠤ᠂ ᠬᠠᠲᠤᠨ ᠭᠣᠣᠯ᠎ᠤᠨ ᠭᠣᠣᠯ ᠤᠷᠤᠰᠬᠠᠯ᠎ᠤᠨ ᠭᠣᠣᠯᠳᠠᠯᠭ᠎ᠠ᠎ᠲᠠᠢ ᠣᠭᠲᠣᠯᠣᠭ᠋ᠠᠰᠤ ᠵᠢᠨ ᠤᠰᠤᠨ᠎ᠤ ᠴᠢᠨᠠᠷ᠎ᠤᠨ ᠢᠷᠡᠭᠡᠳᠦᠢ ᠵᠢᠨ 7 ᠡᠳᠦᠷ᠎ᠤᠨ ᠵᠢᠱ᠌ᠢᠯᠲᠡ ᠵᠢᠨ ᠣᠨᠣᠪᠴᠢ ᠵᠢᠨ ᠨᠣᠷᠮ᠎ᠠ 80%᠎ᠳᠤ ᠣᠢ᠌ᠷᠠᠲᠤᠪᠠ᠃ ᠥᠪᠡᠷᠲᠡᠭᠡᠨ ᠵᠠᠰᠠᠬᠤ ᠣᠷᠣᠨ᠎ᠤ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠲᠥᠯᠥᠪᠯᠡᠭᠡ ᠵᠢᠨ ᠲᠥᠷᠥᠯ ᠵᠦᠢ᠍ᠯ᠎ᠤᠨ 《ᠡᠷᠭᠦᠨ᠎ᠡ ᠭᠣᠣᠯ᠎ᠤᠨ ᠤᠰᠤᠨ᠎ᠤ ᠴᠢᠨᠠᠷ᠎ᠤᠨ ᠬᠤᠪᠢᠷᠠᠯᠲᠠ ᠵᠢᠨ ᠵᠢᠮ᠎ᠡ ᠶᠣᠰᠣ ᠵᠢᠴᠢ ᠪᠣᠬᠢᠷᠲᠤᠯ ᠪᠣᠳᠠᠰ᠎ᠤᠨ ᠢᠷᠡᠯᠲᠡ ᠵᠢᠨ ᠵᠠᠳᠠᠯᠤᠯᠲᠠ》 ᠵᠢᠨ ᠰᠤᠳᠤᠯᠭ᠋ᠠᠨ᠎ᠢ ᠪᠡᠶᠡᠯᠡᠭᠦᠯᠪᠡ᠃
      ᠬᠣᠣᠰ ᠨᠠᠭᠦᠷᠡᠰᠦᠲᠦ᠋ᠷᠦᠭᠴᠢ ᠵᠢᠨ ᠲᠠᠯ᠎ᠠ᠎ᠪᠠᠷ᠄ ᠲᠠᠯᠠᠨ ᠬᠠᠷ᠎ᠠ ᠠᠭᠤᠯᠠ ᠵᠢᠨ ᠣᠢ ᠰᠢᠭᠤᠢ ᠵᠢᠨ ᠠᠮᠢ ᠠᠬᠤᠢ ᠵᠢᠨ ᠰᠢᠰᠲ᠋ᠧᠮ᠂ ᠰᠢᠯᠢ ᠵᠢᠨ ᠭᠣᠣᠯ᠎ᠤᠨ ᠨᠡᠢ᠌ᠲᠡᠯᠢᠭ ᠨᠤᠲᠤᠭ ᠪᠡᠯᠴᠢᠭᠡᠷ᠎ᠤᠨ ᠠᠮᠢ ᠠᠬᠤᠢ ᠵᠢᠨ ᠰᠢᠰᠲ᠋ᠧᠮ᠂ ᠬᠤᠯᠠᠨ ᠰᠢᠷᠭ᠎ᠠ ᠲᠠᠭ᠎ᠠ ᠵᠢᠨ ᠡᠯᠡᠰᠦᠷᠬᠡᠭ ᠭᠠᠵᠠᠷ᠎ᠤᠨ ᠠᠮᠢ ᠠᠬᠤᠢ ᠵᠢᠨ ᠰᠢᠰᠲ᠋ᠧᠮ᠂ ᠮᠤᠤᠠᠤᠰᠤ ᠵᠢᠨ ᠡᠯᠡᠰᠦᠷᠬᠡᠭ ᠭᠠᠵᠠᠷ᠎ᠤᠨ ᠠᠮᠢ ᠠᠬᠤᠢ ᠵᠢᠨ ᠰᠢᠰᠲ᠋ᠧᠮ ᠵᠡᠷᠭᠡ ᠠᠳᠠᠯᠢ ᠪᠤᠰᠤ ᠠᠮᠢ ᠠᠬᠤᠢ ᠵᠢᠨ ᠰᠢᠰᠲ᠋ᠧᠮ᠎ᠤᠨ ᠲᠥᠷᠥᠯ ᠬᠡᠯᠪᠡᠷᠢ ᠵᠢᠨ ᠣᠷᠣᠨ᠎ᠢ ᠵᠠᠰᠠᠨ ᠰᠡᠷᠭᠦᠭᠡᠭᠰᠡᠨ᠎ᠤ ᠳᠠᠷᠠᠭ᠋ᠠᠬᠢ ᠨᠠᠭᠦᠷᠡᠰᠦᠲᠦ᠋ᠷᠦᠭᠴᠢ ᠵᠢ ᠬᠤᠷᠠᠭᠤᠯᠬᠤ ᠦᠷ᠎ᠡ ᠪᠦᠲᠦᠮᠵᠢ ᠵᠢᠨ ᠰᠤᠳᠤᠯᠭ᠋ᠠᠨ᠎ᠢ ᠡᠬᠢᠯᠡᠭᠦᠯᠵᠦ᠂ ᠬᠥᠯᠥᠨ ᠪᠣᠢ᠌ᠷ᠎ᠤᠨ ᠨᠡᠢ᠌ᠲᠡᠯᠢᠭ ᠨᠤᠲᠤᠭ ᠪᠡᠯᠴᠢᠭᠡᠷ᠂ ᠨᠤᠭᠤ ᠭᠠᠵᠠᠷ᠎ᠤᠨ ᠨᠤᠲᠤᠭ ᠪᠡᠯᠴᠢᠭᠡᠷ᠎ᠲᠤ ᠨᠠᠭᠦᠷᠡᠰᠦᠲᠦ᠋ᠷᠦᠭᠴᠢ ᠵᠢ ᠬᠤᠷᠠᠭᠤᠯᠬᠤ ᠦᠷ᠎ᠡ ᠪᠦᠲᠦᠮᠵᠢ ᠵᠢ ᠬᠢᠨᠠᠨ ᠬᠡᠮᠵᠢᠬᠦ ᠵᠢ ᠥᠷᠨᠢᠭᠦᠯᠵᠦ᠂ ᠠᠳᠠᠯᠢ ᠪᠤᠰᠤ ᠠᠮᠢ ᠠᠬᠤᠢ ᠵᠢᠨ ᠰᠢᠰᠲ᠋ᠧᠮ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠬᠤ ᠦᠷ᠎ᠡ ᠪᠦᠲᠦᠮᠵᠢ ᠵᠢ ᠦᠨᠡᠯᠡᠨ ᠵᠢᠱ᠌ᠢᠬᠦ᠎ᠳᠤ ᠦᠨᠳᠦᠰᠦᠯᠡᠯ ᠬᠠᠩᠭ᠋ᠠᠪᠠ᠃ ᠢᠯᠴᠢ ᠵᠢᠨ ᠴᠠᠬᠢᠯᠭ᠋ᠠᠨ᠎ᠤ ᠦᠢ᠍ᠯᠡᠳᠪᠦᠷᠢ ᠵᠢᠨ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠲᠤᠷᠰᠢᠯᠲᠠ ᠵᠢᠨ ᠴᠡᠭ᠎ᠤᠨ ᠬᠢᠨᠠᠨ ᠬᠡᠮᠵᠢᠵᠦ ᠦᠨᠡᠯᠡᠨ ᠵᠢᠱ᠌ᠢᠬᠦ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠣᠷᠳᠣᠰ ᠬᠣᠲᠠ ᠵᠢᠨ ᠤᠯᠤᠰ᠎ᠤᠨ 《ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠬᠢᠨᠠᠨ ᠬᠡᠮᠵᠢᠵᠦ ᠦᠨᠡᠯᠡᠨ ᠵᠢᠱ᠌ᠢᠬᠦ ᠲᠤᠷᠰᠢᠯᠲᠠ ᠵᠢᠨ ᠴᠡᠭ᠎ᠤᠨ ᠠᠵᠢᠯ》᠎ᠳᠤ ᠢᠳᠡᠪᠬᠢᠲᠡᠢ ᠣᠷᠣᠯᠴᠠᠵᠤ᠂ ᠬᠣᠲᠠ ᠵᠢᠨ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠳᠠᠭᠤᠷᠢᠶᠠᠮᠠᠯ ᠪᠠ ᠦᠨᠡᠯᠡᠨ ᠵᠢᠱ᠌ᠢᠬᠦ ᠰᠢᠰᠲ᠋ᠧᠮ᠎ᠢ ᠵᠣᠬᠢᠶᠠᠨ ᠪᠠᠢ᠌ᠭᠤᠯᠵᠤ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠠᠭ᠋ᠠᠷ ᠮᠠᠨᠳᠠᠯ᠎ᠤᠨ ᠤᠷᠪᠠᠭᠤᠯᠤᠯᠲᠠ ᠵᠢᠨ ᠲᠣᠭ᠋ᠠᠴᠠᠭ᠎ᠠ ᠬᠢᠬᠦ ᠵᠢ ᠥᠷᠨᠢᠭᠦᠯᠪᠡ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ 《ᠮᠣᠩᠭᠣᠯ ᠮᠣᠷᠢ》 ᠵᠢᠨ ᠵᠣᠷᠢᠭ ᠰᠠᠨᠠᠭ᠎ᠠ ᠵᠢ ᠦᠷᠭᠦᠯᠵᠢᠯᠡᠨ ᠪᠠᠳᠠᠷᠠᠭᠤᠯᠵᠤ᠂ ᠪᠥᠬᠥ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠢᠳᠡᠪᠬᠢᠲᠡᠢ ᠲᠠᠭ᠋ᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠠᠭᠤᠷᠢ ᠵᠢ ᠪᠠᠲᠤᠳᠬᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠰᠦᠯᠵᠢᠶ᠎ᠡ ᠵᠢᠨ ᠲᠣᠭ᠎ᠠ ᠵᠢ ᠣᠶᠤᠨᠵᠢᠭᠤᠯᠤᠨ ᠬᠡᠯᠪᠡᠷᠢ ᠵᠢ᠎ᠨᠢ ᠬᠤᠪᠢᠷᠠᠭᠤᠯᠤᠨ ᠲᠠᠰ ᠳᠡᠪᠰᠢᠭᠦᠯᠬᠦ ᠵᠢᠨ ᠬᠠᠮᠲᠤ ᠴᠢᠨᠠᠷ ᠰᠠᠢ᠌ᠲᠠᠢ ᠠᠵᠢᠯᠯᠠᠬᠤ ᠵᠢ ᠦᠨᠡᠨᠬᠦ ᠪᠠᠲᠤᠯᠠᠵᠤ᠂ ᠶᠡᠬᠡ ᠬᠡᠮᠵᠢᠶᠡᠨ᠎ᠤ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠵᠢ ᠰᠠᠶ᠋ᠢᠲᠤᠷ ᠵᠠᠳᠠᠯᠤᠨ ᠦᠨᠡᠯᠡᠵᠦ᠂ ᠠᠮᠢ ᠠᠬᠤᠢ ᠣᠷᠴᠢᠨ ᠲᠣᠭᠣᠷᠢᠨ᠎ᠢ ᠰᠢᠨᠵᠢᠯᠡᠬᠦ ᠤᠬᠠᠭ᠋ᠠᠨᠴᠢ᠎ᠪᠠᠷ ᠣᠨᠣᠴᠠᠲᠠᠢ ᠬᠢᠨᠠᠨ ᠬᠠᠮᠢᠶᠠᠷᠬᠤ ᠵᠢ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠢᠨᠠᠨ ᠬᠡᠮᠵᠢᠬᠦ ᠰᠢᠰᠲ᠋ᠧᠮ᠎ᠤᠨ ᠠᠩᠬᠠᠳᠠᠭᠴᠢ ᠠᠮᠢ ᠠᠬᠤᠢ ᠵᠢᠨ ᠶᠠᠰᠤ ᠴᠢᠨᠠᠷ᠎ᠢ ᠦᠨᠡᠯᠡᠨ ᠵᠢᠱ᠌ᠢᠬᠦ ᠪᠠᠷᠢᠮᠵᠢᠶ᠎ᠠ ᠵᠢ ᠬᠡᠷᠡᠭᠵᠢᠭᠦᠯᠪᠡ
ᠪᠠᠶᠠᠷ᠎ᠤᠨ ᠮᠡᠳᠡᠭᠡ — ᠥᠪᠡᠷᠲᠡᠭᠡᠨ ᠵᠠᠰᠠᠬᠤ ᠣᠷᠣᠨ᠎ᠤ 2023 ᠣᠨ᠎ᠤ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠤᠨ ᠮᠡᠳᠡᠭᠦᠯᠦᠯᠲᠡ ᠤᠯᠤᠰ᠎ᠤᠨ ᠬᠥᠬᠢᠭᠦᠯᠦᠯ᠎ᠢ  ᠬᠦᠷᠲᠡᠵᠡᠢ
ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠯᠧᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠪᠡ
ᠤᠯᠤᠰ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠪᠠᠷᠢᠮᠵᠢᠶ᠎ᠠ 《ᠬᠡᠦᠷᠡᠰᠦ ᠪᠣᠯᠪᠠᠰᠤᠷᠠᠭᠤᠯᠬᠤ ᠬᠢᠮᠢ ᠵᠢᠨ ᠠᠵᠤ ᠦᠢ᠍ᠯᠡᠳᠪᠦᠷᠢ ᠵᠢᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠧᠭᠨᠢᠭ ᠮᠡᠷᠭᠡᠵᠢᠯ᠎ᠤᠨ ᠬᠥᠲᠥᠯᠪᠦᠷᠢ (ᠰᠠᠨᠠᠯ ᠬᠤᠷᠢᠶᠠᠬᠤ ᠡᠬᠡ ᠨᠣᠣᠷᠠᠭ)》 ᠵᠢᠨ ᠲᠤᠬᠠᠶ ᠰᠠᠨᠠᠯ᠎ᠤᠨ ᠵᠠᠬᠢᠳᠠᠯ
ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ᠎ᠤ ᠨᠡᠶ᠋ᠢᠲᠡᠯᠡᠭᠰᠡᠨ 《ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠪᠠᠷᠢᠮᠵᠢᠶ᠎ᠠ》 (GB 3095-2012)᠎ᠳᠤ ᠵᠠᠰᠠᠪᠤᠷᠢ ᠣᠷᠣᠭᠤᠯᠤᠭᠰᠠᠨ ᠬᠠᠭᠤᠳᠠᠰᠤ ᠵᠢ ᠤᠯᠠᠮᠵᠢᠯᠠᠨ ᠲᠠᠷᠬᠠᠭ᠋ᠠᠬᠤ ᠠᠯᠪᠠᠨ ᠵᠠᠷ
 
             蒙ICP备05000248号