ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠨᠠᠮ᠎ᠤᠨ ᠬᠣᠷᠢᠶ᠎ᠠ ᠵᠢᠨ ᠱᠦᠵᠢ  ᠥᠷᠲᠡᠭᠡᠨ ᠳᠠᠷᠤᠭ᠎ᠠ ᠲᠢᠶᠠᠨ ᠶᠦᠩ ᠯᠢ ᠨᠠᠷ ᠲᠦᠩᠯᠢᠶᠣᠣ ᠵᠢᠨ ᠬᠤᠪᠢᠶᠠᠷᠢ ᠥᠷᠲᠡᠭᠡ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-02-24

      1 ᠰᠠᠷ᠎ᠠ ᠵᠢᠨ 30᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡᠨ᠎ᠤ ᠨᠠᠮ᠎ᠤᠨ ᠬᠣᠷᠢᠶ᠎ᠠ ᠵᠢᠨ ᠱᠦᠵᠢ᠂ ᠥᠷᠲᠡᠭᠡᠨ ᠳᠠᠷᠤᠭ᠎ᠠ ᠲᠢᠶᠠᠨ ᠶᠦᠩ ᠯᠢ ᠨᠠᠷ ᠲᠦᠩᠯᠢᠶᠣᠣ ᠵᠢᠨ ᠬᠤᠪᠢᠶᠠᠷᠢ ᠥᠷᠲᠡᠭᠡᠨ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ᠂ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠨᠠᠮ᠎ᠤᠨ ᠶᠡᠷᠦᠩᠬᠡᠢ ᠡᠭᠦᠷ᠎ᠤᠨ ᠱᠦᠵᠢ ᠰᠢᠤᠸᠠᠢ ᠢᠦᠢ ᠴᠧᠩ᠂ ᠲᠣᠪᠴᠢᠶᠠᠨ ᠳᠠᠷᠤᠭ᠎ᠠ ᠬᠠᠨ ᠰᠢᠤ ᠯᠢ ᠪᠣᠯᠣᠨ ᠬᠡᠰᠡᠭ ᠲᠣᠪᠴᠢᠶ᠎ᠠ ᠵᠢᠨ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠎ᠲᠠᠢ ᠬᠠᠮᠲᠤ᠎ᠪᠠᠷ ᠲᠦᠩᠯᠢᠶᠣᠣ ᠬᠣᠲᠠ ᠵᠢᠨ ᠬᠤᠪᠢᠶᠠᠷᠢ ᠥᠷᠲᠡᠭᠡ ᠵᠢᠨ 《ᠬᠢᠨᠠᠨ ᠬᠡᠮᠵᠢᠬᠦ ᠦᠢ᠍ᠯᠡᠴᠢᠯᠡᠭᠡᠨ᠎ᠤ ᠣᠷᠣᠨ ᠨᠤᠲᠤᠭ᠎ᠤᠨ ᠬᠠᠮᠢᠶᠠᠷᠤᠯᠲᠠ》 ᠵᠢᠨ ᠬᠠᠮᠢᠶ᠎ᠠ ᠪᠦᠬᠦᠢ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ ᠪᠥᠭᠡᠳ ᠪᠦᠬᠦ ᠠᠵᠢᠯᠲᠠᠳ᠎ᠲᠠᠢ ᠶᠠᠷᠢᠯᠴᠠᠪᠠ᠃

      ᠲᠢᠶᠠᠨ ᠶᠦᠩ ᠯᠢ ᠲᠦᠩᠯᠢᠶᠣᠣ ᠵᠢᠨ ᠬᠤᠪᠢᠶᠠᠷᠢ ᠥᠷᠲᠡᠭᠡ ᠵᠢᠨ ᠣᠢ᠌ᠷ᠎ᠠ ᠵᠢᠨ ᠨᠢᠭᠡ ᠵᠢᠯ᠎ᠳᠤ ᠣᠯᠣᠭᠰᠠᠨ ᠠᠮᠵᠢᠯᠲᠠ ᠵᠢ ᠭᠦᠢ᠍ᠴᠡᠳ ᠨᠤᠲᠠᠯᠠᠵᠤ᠂ ᠬᠢᠨᠠᠨ ᠬᠡᠮᠵᠢᠬᠦ ᠴᠢᠳᠠᠪᠤᠷᠢ ᠵᠢᠨ ᠰᠡᠷᠭᠦᠯᠲᠡ ᠪᠣᠯᠣᠨ ᠳᠡᠭᠡᠭᠰᠢᠯᠡᠯᠲᠡ᠎ᠳᠤ ᠪᠠᠶᠠᠷ ᠬᠦᠷᠭᠡᠵᠦ᠂ ᠪᠠᠰᠠ ᠲᠦᠩᠯᠢᠶᠣᠣ ᠵᠢᠨ ᠬᠤᠪᠢᠶᠠᠷᠢ ᠥᠷᠲᠡᠭᠡ ᠵᠢᠨ ᠥᠷᠭᠡᠨ ᠤᠯᠠᠨ ᠠᠵᠢᠯᠲᠠᠳ᠎ᠲᠤ ᠤᠷᠢᠳᠴᠢᠯᠠᠨ ᠴᠠᠭ᠋ᠠᠨ ᠰᠠᠷ᠎ᠠ ᠵᠢᠨ ᠵᠥᠩᠨᠡᠯ ᠳᠡᠪᠰᠢᠭᠦᠯᠵᠡᠢ᠃ ᠲᠢᠶᠠᠨ ᠶᠦᠩ ᠯᠢ᠂ ᠦᠨᠳᠦᠰᠦᠨ ᠱᠠᠲᠤᠨ᠎ᠤ ᠰᠢᠯᠢᠳᠡᠭ ᠨᠠᠮ᠎ᠤᠨ ᠡᠭᠦᠷ᠎ᠤᠨ ᠪᠡᠬᠢᠯᠡᠯᠲᠡ ᠵᠢᠨ ᠦᠢ᠍ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠪᠦᠬᠦ ᠲᠠᠯ᠎ᠠ᠎ᠪᠠᠷ ᠰᠠᠶ᠋ᠢᠲᠤᠷ ᠬᠢᠵᠦ᠂ ᠲᠤᠬᠠᠢ᠌ᠯᠠᠭᠰᠠᠨ ᠠᠵᠢᠯ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠬᠤ ᠬᠡᠷᠡᠭᠲᠡᠢ; ᠦᠵᠡᠯ ᠰᠠᠨᠠᠭ᠋ᠠᠨ᠎ᠤ ᠵᠣᠭᠰᠣᠴᠠ᠎ᠪᠠᠨ ᠳᠡᠭᠡᠭᠰᠢᠯᠡᠭᠦᠯᠵᠦ᠂ 《ᠶᠡᠬᠡ ᠠᠮᠢ ᠠᠬᠤᠢ》 ᠵᠢᠨ ᠣᠢ᠌ᠯᠠᠭ᠋ᠠᠭᠳᠠᠬᠤᠨ ᠲᠡᠰᠢ ᠬᠤᠪᠢᠷᠠᠭᠤᠯᠵᠤ᠂ ᠠᠮᠢ ᠠᠬᠤᠢ ᠵᠢᠨ ᠬᠢᠨᠠᠨ ᠬᠡᠮᠵᠢᠯᠲᠡ ᠵᠢᠨ ᠳᠤᠲᠠᠭᠤᠳᠠᠯ᠎ᠢ ᠨᠥᠬᠥᠪᠦᠷᠢᠯᠡᠬᠦ ᠬᠡᠷᠡᠭᠲᠡᠢ; ᠣᠨᠴᠠᠯᠢᠭᠲᠤ ᠥᠷᠲᠡᠭᠡ ᠵᠢ ᠦᠷᠭᠦᠯᠵᠢᠯᠡᠨ ᠪᠠᠢ᠌ᠭᠤᠯᠵᠤ᠂ ᠴᠠᠬᠢᠯᠭ᠋ᠠᠨ ᠵᠠᠳᠠᠯᠤᠯ᠎ᠤᠨ ᠬᠥᠩᠭᠡᠨᠴᠠᠭ᠋ᠠᠨ᠎ᠤ ᠹᠯᠣᠷᠲᠤ ᠨᠢᠭᠡᠳᠪᠦᠷᠢ᠂ ᠰᠢᠨ᠎ᠡ ᠪᠣᠬᠢᠷᠲᠤᠯ ᠪᠣᠳᠠᠰ᠂ ᠲᠠᠷᠢᠶᠠᠯᠠᠩ᠎ᠤᠨ ᠤᠯᠠᠨ ᠡᠬᠢᠲᠦ ᠪᠣᠬᠢᠷᠲᠤᠯ ᠵᠡᠷᠭᠡ ᠵᠢ ᠬᠢᠨᠠᠨ ᠬᠡᠮᠵᠢᠬᠦ ᠲᠠᠯ᠎ᠠ᠎ᠪᠠᠷ ᠬᠦᠴᠦ ᠲᠠᠯᠪᠢᠬᠤ ᠬᠡᠷᠡᠭᠳᠡᠢ; ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠯᠤᠭ᠎ᠠ ᠵᠢᠨ ᠨᠡᠪᠲᠡᠷᠡᠯᠴᠡᠭᠡ᠎ᠪᠠᠨ ᠴᠢᠩᠭ᠋ᠠᠳᠬᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ᠂ ᠭᠠᠷᠳᠠᠬᠤ ᠴᠡᠭ ᠵᠶ᠋ᠡᠨ ᠣᠨᠣᠪᠴᠢᠲᠠᠢ ᠣᠯᠵᠤ᠂ ᠣᠷᠣᠨ ᠨᠤᠲᠤᠭ᠎ᠲᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠦᠢ᠍ᠯᠡᠴᠢᠯᠡᠭᠡ ᠵᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ; ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢᠨ ᠰᠤᠷᠤᠯᠴᠠᠯᠭ᠎ᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠡᠯ᠎ᠡ ᠬᠦᠷᠢᠶᠡᠨ᠎ᠤ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ ᠠᠭᠤᠰᠤᠯᠴᠠᠯ᠎ᠢ ᠠᠬᠢᠭᠤᠯᠤᠨ᠂ ᠬᠢᠨᠠᠨ ᠰᠢᠯᠭ᠋ᠠᠬᠤ ᠠᠵᠢᠯᠲᠠᠨ᠎ᠤ ᠲᠣᠭ᠎ᠠ ᠪᠠᠷᠢᠮᠲᠠ ᠵᠢ ᠵᠠᠳᠠᠯᠬᠤ ᠴᠢᠳᠠᠪᠤᠷᠢ ᠵᠢ ᠳᠡᠭᠡᠭᠰᠢᠯᠡᠭᠦᠯᠬᠦ ᠬᠡᠷᠡᠭᠲᠡᠶ; ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠠᠢ᠌ᠷᠢᠯᠠᠭᠤᠯᠤᠯᠲᠠ ᠵᠢ ᠦᠨᠳᠦᠰᠦᠯᠡᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠠᠵᠢᠯᠲᠠᠨ ᠠᠵᠢᠯᠴᠢᠨ ᠨᠢᠭᠡᠪᠦᠷᠢ᠎ᠳᠤ ᠤᠯᠠᠮᠵᠢᠯᠠᠵᠤ᠂ ᠴᠠᠭ ᠢᠮᠠᠭᠲᠠ ᠶᠡᠷᠦᠩᠬᠡᠢ ᠥᠷᠲᠡᠭᠡ᠎ᠲᠠᠢ ᠪᠦᠯᠬᠦᠮᠳᠡᠨ ᠨᠢᠭᠡᠳᠴᠦ᠂ ᠠᠯᠬᠤᠮ ᠵᠶ᠋ᠠᠨ ᠨᠢᠭᠡᠳᠬᠡᠵᠦ᠂ 《ᠳᠤᠮᠳᠠ ᠤᠷᠤᠰᠬᠠᠯ᠎ᠳᠤ ᠣᠷᠣᠬᠤ》᠎ᠳᠤ ᠲᠦᠩᠯᠢᠶᠣᠣ ᠵᠢᠨ ᠬᠤᠪᠢᠶᠠᠷᠢ ᠥᠷᠲᠡᠭᠡ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃

      ᠲᠦᠩᠯᠢᠶᠣᠣ ᠵᠢᠨ ᠬᠤᠪᠢᠶᠠᠷᠢ ᠥᠷᠲᠡᠭᠡ ᠵᠢᠨ ᠪᠦᠬᠦ ᠠᠵᠢᠯᠲᠠᠳ᠂ ᠶᠡᠷᠦᠩᠬᠡᠢ ᠥᠷᠲᠡᠭᠡ ᠵᠢᠨ ᠵᠥᠪ ᠣᠨᠣᠪᠴᠢᠲᠠᠢ ᠤᠳᠤᠷᠢᠳᠤᠯᠭ᠎ᠠ ᠪᠠ ᠬᠦᠴᠦᠲᠡᠢ ᠳᠡᠮᠵᠢᠯᠭᠡ ᠳᠣᠣᠷ᠎ᠠ᠂ ᠦᠷᠭᠦᠯᠵᠢᠯᠡᠨ ᠦᠨᠡᠨ᠎ᠠᠴᠠ ᠵᠥᠪ᠎ᠢ ᠡᠷᠢᠬᠦ᠂ ᠯᠠᠪᠳᠠᠭᠤᠨ ᠪᠠᠲᠤᠲᠠᠢ ᠠᠵᠢᠯᠯᠠᠬᠤ ᠵᠢ ᠪᠠᠷᠢᠮᠲᠠᠯᠠᠵᠤ᠂ ᠬᠡᠰᠡᠭ ᠥᠷᠲᠡᠭᠡ ᠵᠢᠨ ᠬᠣᠭᠤᠷᠤᠨᠳᠤᠬᠢ ᠰᠣᠯᠢᠯᠴᠠᠭ᠎ᠠ ᠪᠠ ᠬᠠᠮᠵᠢᠯᠴᠠᠭ᠎ᠠ ᠵᠢ ᠰᠠᠶ᠋ᠢᠲᠤᠷ ᠬᠢᠵᠦ᠂ ᠲᠦᠩᠯᠢᠶᠣᠣ᠎ᠳᠤ ᠰᠠᠭᠤᠷᠢᠯᠠᠵᠤ᠂ ᠣᠷᠣᠨ ᠨᠤᠲᠤᠭ᠎ᠲᠤ ᠦᠢ᠍ᠯᠡᠴᠢᠯᠡᠵᠦ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠠᠵᠢᠯ᠎ᠤᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ᠂ ᠲᠦᠩᠯᠢᠶᠣᠣ ᠣᠷᠣᠨ᠎ᠤ ᠠᠮᠢ ᠠᠬᠤᠢ ᠣᠷᠴᠢᠨ ᠲᠣᠭᠣᠷᠢᠨ᠎ᠢ ᠳᠠᠰᠤᠷᠠᠯᠳᠠ ᠦᠭᠡᠢ ᠰᠠᠢ᠌ᠵᠢᠷᠠᠭᠤᠯᠬᠤ᠎ᠳᠤ ᠮᠡᠷᠭᠡᠵᠢᠯ᠎ᠤᠨ ᠲᠤᠯᠭ᠋ᠠᠭᠤᠷᠢᠯᠠᠯ᠎ᠢ ᠰᠠᠶ᠋ᠢᠲᠤᠷ ᠬᠢᠨ᠎ᠡ ᠭᠡᠵᠦ ᠢᠯᠡᠳᠬᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠠᠵᠢᠯ᠎ᠤᠨ ᠬᠤᠷᠠᠯ ᠬᠤᠷᠠᠯᠳᠤᠭᠤᠯᠪᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠨᠢᠭᠤᠴᠠ ᠵᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》 ᠵᠢ ᠲᠥᠪᠯᠡᠷᠡᠭᠦᠯᠦᠨ ᠰᠤᠷᠤᠯᠴᠠᠪᠠ
 
             蒙ICP备05000248号