ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠠᠵᠢᠯ᠎ᠤᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2024-03-04

      2024 ᠣᠨ᠎ᠤ 2 ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ᠎ᠤᠨ ᠤᠳᠤᠷᠢᠳᠬᠤ ᠳᠤᠭᠤᠢ᠌ᠯᠠᠩ ᠬᠥᠬᠡᠬᠣᠲᠠ᠎ᠳᠤ ᠠᠵᠢᠯ᠎ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠠᠮᠢᠶ᠎ᠠ ᠪᠦᠬᠦᠢ ᠭᠠᠵᠠᠷ ᠲᠠᠰᠤᠭ ᠵᠢᠴᠢ ᠬᠤᠪᠢᠶᠠᠷᠢ ᠥᠷᠲᠡᠭᠡ᠎ᠠᠴᠠ 2023 ᠣᠨ᠎ᠤ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ᠎ᠢ ᠪᠡᠶᠡᠯᠡᠭᠦᠯᠦᠭᠰᠡᠨ ᠪᠠᠶ᠋ᠢᠳᠠᠯ᠎ᠢ ᠬᠠᠷᠢᠭᠤ ᠮᠡᠳᠡᠭᠦᠯᠦᠭᠰᠡᠨ᠎ᠤ ᠬᠠᠮᠲᠤ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠪᠠ᠃

      ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡ 2019 ᠣᠨ᠎ᠳᠤ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢ ᠰᠦᠪᠡᠭᠴᠢᠯᠡᠨ ᠥᠷᠨᠢᠭᠦᠯᠦᠭᠰᠡᠨ᠎ᠠᠴᠠ ᠨᠠᠭ᠋ᠠᠰᠢ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠦᠨᠡᠨᠬᠦ ᠴᠢᠩᠭ᠋ᠠᠳᠬᠠᠵᠤ᠂ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠦᠵᠡᠪᠡ᠃ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡᠨ᠎ᠤ ᠰᠢᠰᠲ᠋ᠧᠮ᠎ᠤᠨ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ ᠲᠦᠷᠭᠡᠨ ᠬᠥᠭᠵᠢᠪᠡ᠃ ᠨᠢᠭᠡ᠎ᠳᠤ᠂ 2023 ᠣᠨ᠎ᠤ 《ᠬᠥᠯᠥᠨ ᠨᠠᠭᠤᠷ ᠤᠯᠠᠭ᠋ᠠᠨᠰᠤᠬᠠᠢ ᠳᠠᠭ᠎ᠠ ᠵᠢᠨ ᠨᠠᠭᠤᠷ》᠎ᠤᠨ ᠤᠰᠤᠨ᠎ᠤ ᠠᠮᠢ ᠠᠬᠤᠢ ᠵᠢ ᠬᠢᠨᠠᠨ ᠬᠡᠮᠵᠢᠬᠦ ᠡᠭᠦᠷᠭᠡ ᠵᠢ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠬᠣᠶᠠᠷ᠎ᠲᠤ ᠤᠰᠤᠨ᠎ᠤ ᠠᠮᠢ ᠠᠬᠤᠢ ᠵᠢ ᠬᠢᠨᠠᠨ ᠬᠡᠮᠵᠢᠬᠦ ᠤᠰᠤᠨ ᠣᠷᠣᠨ ᠪᠠ ᠬᠢᠨᠠᠨ ᠬᠡᠮᠵᠢᠬᠦ ᠳᠦᠷᠦᠯ ᠵᠦᠢ᠍ᠯ᠎ᠢ ᠪᠦᠲᠦᠮᠵᠢᠲᠡᠢ᠎ᠪᠠᠷ ᠥᠷᠭᠡᠳᠬᠡᠪᠡ᠃ ᠭᠤᠷᠪᠠ᠎ᠳᠤ ᠤᠰᠤᠨ᠎ᠤ ᠠᠮᠢᠳᠤ ᠪᠣᠳᠠᠰ᠎ᠤᠨ ᠬᠢᠨᠠᠨ ᠬᠡᠮᠵᠢᠯᠲᠡ ᠵᠢᠨ ᠡᠩᠨᠡᠭᠡ ᠵᠢ ᠤᠯᠠᠮ ᠨᠢᠭᠡ ᠠᠯᠬᠤᠮ ᠪᠤᠵᠠᠭ᠋ᠠᠢ᠌ᠷᠠᠭᠤᠯᠵᠤ᠂ ᠬᠡᠰᠡᠭ ᠬᠤᠪᠢᠶᠠᠷᠢ ᠥᠷᠲᠡᠭᠡ᠎ᠨᠢ ᠨᠢᠭᠡᠨᠲᠡ ᠤᠰᠤᠨ᠎ᠤ ᠠᠮᠢᠳᠤ ᠪᠣᠳᠠᠰ᠎ᠤᠨ ᠬᠢᠨᠠᠨ ᠬᠡᠮᠵᠢᠯᠲᠡ ᠵᠢ ᠪᠡᠶ᠎ᠡ᠎ᠪᠠᠨ ᠳᠠᠭ᠋ᠠᠭ᠋ᠠᠵᠤ ᠥᠷᠨᠢᠭᠦᠯᠬᠦ ᠴᠢᠳᠠᠪᠤᠷᠢ ᠵᠢ ᠠᠩᠬ᠎ᠠ ᠠᠯᠬᠤᠮ ᠪᠦᠷᠢᠯᠳᠦᠭᠦᠯᠪᠡ᠃

      ᠬᠤᠷᠠᠯ᠎ᠠᠴᠠ᠂ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠳᠤᠮᠳᠠ᠂ ᠡᠯ᠎ᠡ ᠬᠤᠪᠢᠶᠠᠷᠢ ᠥᠷᠲᠡᠭᠡ ᠡᠷᠬᠡᠪᠰᠢ ᠤᠰᠤᠨ᠎ᠤ ᠠᠮᠢ ᠠᠬᠤᠢ ᠵᠢ ᠬᠢᠨᠠᠨ ᠬᠡᠮᠵᠢᠬᠦ ᠪᠠ ᠦᠨᠡᠯᠡᠬᠦ ᠠᠵᠢᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠠᠮᠢᠳᠤ ᠬᠦᠴᠦᠨ᠎ᠢ ᠢᠳᠡᠪᠬᠢᠲᠡᠢ ᠳᠠᠢ᠍ᠢ᠍ᠴᠢᠯᠠᠵᠤ᠂ ᠲᠤᠰᠬᠠᠢ᠌ᠵᠢᠭᠰᠠᠨ ᠤᠰᠤᠨ᠎ᠤ ᠠᠮᠢ ᠠᠬᠤᠢ ᠵᠢ ᠬᠢᠨᠠᠨ ᠬᠡᠮᠵᠢᠬᠦ ᠡᠩᠨᠡᠭᠡ ᠵᠢ ᠬᠦᠴᠦᠯᠡᠨ ᠪᠠᠢ᠌ᠭᠤᠯᠬᠤ ᠪᠠ ᠪᠤᠵᠠᠭ᠋ᠠᠢ᠌ᠷᠠᠭᠤᠯᠵᠤ᠂ ᠤᠰᠤᠨ᠎ᠤ ᠠᠮᠢ ᠠᠬᠤᠢ ᠵᠢ ᠬᠢᠨᠠᠨ ᠬᠡᠮᠵᠢᠬᠦ ᠮᠡᠷᠭᠡᠵᠢᠯ᠎ᠤᠨ ᠪᠣᠯᠪᠠᠰᠤᠷᠠᠯ᠎ᠳᠤ ᠢᠳᠡᠪᠬᠢᠲᠡᠢ ᠣᠷᠣᠯᠴᠠᠵᠤ᠂ ᠴᠢᠳᠠᠪᠤᠷᠢᠲᠠᠨ᠎ᠤ ᠬᠠᠩᠭ᠋ᠠᠯᠭ᠎ᠠ ᠵᠢ ᠴᠢᠷᠮᠠᠢ᠌ᠨ ᠲᠡᠭᠦᠯᠳᠡᠷᠵᠢᠭᠦᠯᠵᠦ᠂ ᠤᠰᠤᠨ᠎ᠤ ᠠᠮᠢ ᠠᠬᠤᠢ ᠵᠢ ᠬᠢᠨᠠᠨ ᠬᠡᠮᠵᠢᠬᠦ ᠴᠢᠳᠠᠪᠤᠷᠢ ᠵᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠭᠦᠨ᠎ᠤ ᠬᠠᠮᠲᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠲᠤᠯᠭ᠋ᠠᠭᠤᠷᠢᠯᠠᠨ ᠬᠠᠮᠢᠶᠠᠷᠬᠤ ᠵᠠᠷᠴᠢᠮ᠎ᠢ ᠪᠠᠷᠢᠮᠲᠠᠯᠠᠵᠤ᠂ ᠣᠷᠣᠨ ᠪᠦᠰᠡᠴᠢᠯᠡᠭᠰᠡᠨ ᠵᠥᠷᠢᠶᠡᠲᠦ ᠴᠢᠨᠠᠷ᠎ᠢ ᠭᠦᠢ᠍ᠴᠡᠳ ᠪᠣᠳᠣᠯᠬᠢᠯᠠᠨ᠂ ᠬᠢᠨᠠᠨ ᠬᠡᠮᠵᠢᠬᠦ ᠲᠣᠣᠷ ᠰᠦᠯᠵᠢᠶ᠎ᠡ ᠵᠢᠨ ᠪᠠᠢ᠌ᠷᠢᠯᠠᠭᠤᠯᠤᠯᠲᠠ ᠵᠢ ᠬᠠᠨᠳᠤᠯᠭ᠎ᠠ᠎ᠲᠠᠢ᠎ᠪᠠᠷ ᠰᠢᠯᠢᠳᠡᠭᠵᠢᠭᠦᠯᠵᠦ᠂ ᠬᠢᠨᠠᠨ ᠬᠡᠮᠵᠢᠬᠦ ᠬᠦᠷᠢᠶ᠎ᠡ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠨ᠂ ᠥᠪᠡᠷᠲᠡᠭᠡᠨ ᠵᠠᠰᠠᠬᠤ ᠣᠷᠣᠨ᠎ᠤ ᠬᠢᠯᠢ ᠳᠣᠲᠣᠷᠠᠬᠢ ᠡᠯ᠎ᠡ ᠴᠢᠬᠤᠯᠠ ᠤᠰᠤᠨ ᠴᠣᠭᠴᠠ ᠵᠢ ᠠᠯᠬᠤᠮ ᠠᠯᠬᠤᠮ ᠵᠶ᠋ᠠᠷ ᠪᠦᠬᠦᠨ᠎ᠢ ᠪᠦᠷᠬᠦᠭᠦᠯᠵᠦ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡ᠎ᠪᠠᠷ ᠭᠣᠣᠯ ᠪᠣᠯᠭ᠋ᠠᠭᠰᠠᠨ᠂ ᠵᠡᠭᠦᠨ᠂ ᠳᠤᠮᠳᠠ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠲᠣᠰ ᠲᠣᠰ᠎ᠤᠨ ᠲᠦᠰᠢᠭ ᠲᠤᠯᠭ᠋ᠠᠭᠤᠷᠢ᠎ᠲᠠᠢ ᠣᠷᠣᠨ ᠪᠦᠰᠡ ᠵᠢᠨ ᠬᠣᠯᠪᠤᠭ᠋ᠠᠯᠠᠨ ᠬᠥᠳᠡᠯᠦᠯᠴᠡᠬᠦ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃

      ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠥᠷᠲᠡᠭᠡ ᠵᠢᠨ᠎ᠬᠢᠨ ᠬᠢᠨᠠᠨ ᠬᠡᠮᠵᠢᠬᠦ ᠰᠠᠭᠤᠷᠢ᠎ᠪᠠᠨ ᠴᠢᠨᠠᠭᠰᠢᠳᠠ ᠪᠡᠬᠢᠵᠢᠭᠦᠯᠵᠦ᠂ ᠬᠢᠨᠠᠨ ᠬᠡᠮᠵᠢᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ᠂ ᠬᠦᠴᠢᠷᠳᠡᠯ ᠪᠣᠯᠣᠨ ᠪᠠᠭᠤᠷᠠᠢ ᠲᠠᠯ᠎ᠠ᠎ᠪᠠᠨ ᠠᠯᠬᠤᠮ ᠠᠯᠬᠤᠮ ᠵᠶ᠋ᠠᠷ ᠰᠢᠢ᠍ᠳᠪᠦᠷᠢᠯᠡᠵᠦ᠂ ᠰᠢᠨ᠎ᠡ ᠡᠭᠦᠷᠭᠡ ᠵᠢ ᠨᠡᠩ ᠰᠠᠶ᠋ᠢᠲᠤᠷ ᠬᠦᠯᠢᠶᠡᠨ ᠠᠪᠴᠤ᠂ ᠰᠢᠨ᠎ᠡ ᠥᠷᠢᠰᠥᠯᠳᠦᠭᠡᠨ᠎ᠳᠤ ᠬᠠᠨᠳᠤᠵᠤ᠂ ᠰᠢᠨ᠎ᠡ ᠠᠶᠠᠨ᠎ᠳᠠᠭᠠᠨ ᠡᠷᠡᠯᠬᠡᠭᠯᠡᠨ ᠤᠷᠤᠭᠰᠢᠯᠠᠬᠤ᠎ᠪᠠᠷ ᠪᠠᠢ᠌ᠨ᠎ᠠ!

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡᠨ᠎ᠤ ᠳᠡᠳ᠋ ᠳᠠᠷᠤᠭ᠎ᠠ ᠾᠧᠦ ᠶᠤᠸᠠᠨ ᠰᠥᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠶᠡᠷᠦᠩᠬᠡᠢ ᠥᠷᠲᠡᠭᠡ ᠵᠢᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠂ ᠬᠥᠬᠡᠬᠣᠲᠠ ᠵᠢᠨ ᠬᠤᠪᠢᠶᠠᠷᠢ ᠥᠷᠲᠡᠭᠡ᠂ ᠬᠥᠯᠥᠨ ᠪᠣᠢ᠌ᠷ᠎ᠤᠨ ᠬᠤᠪᠢᠶᠠᠷᠢ ᠥᠷᠲᠡᠭᠡ᠂ ᠤᠯᠠᠭ᠋ᠠᠨᠬᠠᠳᠠ ᠵᠢᠨ ᠬᠤᠪᠢᠶᠠᠷᠢ ᠥᠷᠲᠡᠭᠡ᠂ ᠤᠯᠠᠭ᠋ᠠᠨᠴᠠᠪ᠎ᠤᠨ ᠬᠤᠪᠢᠶᠠᠷᠢ ᠥᠷᠲᠡᠭᠡ᠂ ᠣᠷᠳᠣᠰ᠎ᠤᠨ ᠬᠤᠪᠢᠶᠠᠷᠢ ᠥᠷᠲᠡᠭᠡ᠂ ᠪᠠᠶᠠᠨᠨᠠᠭᠤᠷ᠎ᠤᠨ ᠬᠤᠪᠢᠶᠠᠷᠢ ᠥᠷᠲᠡᠭᠡ ᠪᠠ ᠠᠯᠠᠱ᠌ᠠ ᠵᠢᠨ ᠬᠤᠪᠢᠶᠠᠷᠢ ᠥᠷᠲᠡᠭᠡ ᠵᠢᠨ ᠬᠤᠪᠢᠳᠠᠨ ᠬᠠᠮᠢᠶᠠᠷᠴᠤ ᠪᠦᠬᠦᠢ ᠤᠰᠤᠨ᠎ᠤ ᠠᠮᠢ ᠠᠬᠤᠢ ᠵᠢᠨ ᠬᠢᠨᠠᠨ ᠬᠡᠮᠵᠢᠯᠲᠡ ᠵᠢᠨ ᠠᠵᠢᠯ᠎ᠤᠨ ᠳᠡᠳ᠋ ᠳᠠᠷᠤᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠨᠢᠭᠤᠴᠠ ᠵᠢ ᠬᠠᠮᠠᠭ᠋ᠠᠯᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》 ᠵᠢ ᠲᠥᠪᠯᠡᠷᠡᠭᠦᠯᠦᠨ ᠰᠤᠷᠤᠯᠴᠠᠪᠠ
 
             蒙ICP备05000248号