ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠲᠧᠭᠨᠢᠭ᠎ᠢᠶᠠᠷ ᠰᠢᠯᠭᠠᠨ ᠲᠣᠭᠲᠠᠭᠠᠬᠤ
2025 ᠣᠨ᠎ᠳᠤ ᠤᠯᠤᠰ᠎ᠠᠴᠠ ᠬᠥᠭᠵᠢᠭᠦᠯᠬᠦ᠎ᠶᠢ ᠵᠣᠷᠢᠭ᠍ᠵᠢᠭᠤᠯᠵᠤ ᠪᠠᠢᠭ᠎ᠠ ᠴᠢᠬᠤᠯᠠ ᠶᠡᠬᠡ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠭᠠᠷᠴᠠᠭ᠎ᠢ ᠮᠡᠳᠡᠭᠦᠯᠬᠦ ᠱᠠᠭᠠᠷᠳᠠᠯᠭ᠎ᠠ᠎ᠶᠢᠨ ᠲᠠᠢᠯᠤᠮᠵᠢ ᠨᠢᠭᠡ ᠂ ᠠᠵᠢᠯ᠎ᠤᠨ ᠠᠬᠤᠢ ᠪᠠᠢᠳᠠᠯ
ᠨᠡᠶ᠋ᠢᠲᠡᠯᠡᠭᠰᠡᠨ ᠴᠠᠭ᠄ 2025-11-06

 《 ᠤᠯᠤᠰ᠎ᠠᠴᠠ ᠬᠥᠭᠵᠢᠭᠦᠯᠬᠦ᠎ᠶᠢ ᠵᠣᠷᠢᠭ᠍ᠵᠢᠭᠤᠯᠵᠤ ᠪᠠᠢᠭ᠎ᠠ ᠴᠢᠬᠤᠯᠠ ᠶᠡᠬᠡ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠭᠠᠷᠴᠠᠭ 》 ( ᠳᠣᠷᠣᠭ᠍ᠰᠢ 《 ᠭᠠᠷᠴᠠᠭ 》 ᠭᠡᠵᠦ ᠲᠣᠪᠴᠢᠯᠠᠨ᠎ᠠ)᠎ᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ ᠲᠦᠷᠦᠭᠦᠯᠡᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ ᠰᠠᠯᠠᠭ᠎ᠠ ᠮᠥᠴᠢᠷ ᠬᠠᠮᠲᠤᠷᠠᠨ ᠲᠣᠭᠲᠠᠭᠠᠨ ᠨᠡᠢᠲᠡᠯᠡᠵᠦ᠂ ᠠᠵᠢᠯ ᠲᠥᠷᠥᠯ᠎ᠦᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠶᠢ ᠲᠦᠯᠬᠢᠨ ᠠᠬᠢᠭᠤᠯᠵᠤ᠂ ᠦᠢᠯᠡᠳᠪᠦᠷᠢᠯᠡᠯ᠎ᠦᠨ ᠬᠦᠴᠦᠨ ᠵᠦᠢᠯ᠎ᠢ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠂ ᠳᠠᠪᠠᠭᠤᠯᠢᠭ᠋ ᠠᠵᠤ ᠠᠬᠤᠢᠯᠠᠯ ᠲᠡᠢᠰᠢ ᠲᠥᠪᠯᠡᠷᠡᠭᠦᠯᠬᠦ᠎ᠶᠢ ᠬᠥᠲᠥᠯᠥᠨ ᠵᠢᠯᠤᠭᠣᠳᠴᠤ ᠂ ᠮᠠᠨ᠎ᠤ ᠤᠯᠤᠰ᠎ᠤᠨ ᠣᠷᠴᠢᠨ ᠲᠣᠭᠣᠷᠢᠨ᠎ᠤ ᠵᠠᠰᠠᠯᠲᠠ᠎ᠶᠢᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠬᠡᠷᠡᠭᠴᠡᠭᠡ᠎ᠶᠢ ᠬᠠᠩᠭᠠᠬᠤ᠎ᠶᠢᠨ ᠲᠥᠯᠥᠭᠡ ᠶᠤᠮ᠃

 ᠬᠣᠶᠠᠷ᠂ ᠲᠠᠨᠢᠯᠴᠠᠭᠤᠯᠬᠤ ᠱᠠᠭᠠᠷᠳᠠᠯᠭ᠎ᠠ

 ( ᠨᠢᠭᠡ ) ᠦᠨᠳᠦᠰᠦᠨ ᠱᠠᠭᠠᠷᠳᠠᠯᠭ᠎ᠠ

 ᠲᠣᠰ ᠤᠳᠠᠭᠠᠨ᠎ᠤ ᠮᠡᠳᠡᠭᠦᠯᠬᠦ ᠠᠵᠢᠯ᠎ᠳᠤ ᠲᠠᠨᠢᠯᠴᠠᠭᠤᠯᠤᠭ᠍ᠳᠡᠭ᠍ᠰᠠᠨ ᠠᠵᠤ ᠠᠬᠤᠢᠯᠠᠯ᠎ᠢ ᠣᠢᠷ᠎ᠠ᠎ᠶᠢᠨ ᠭᠤᠷᠪᠠᠨ ᠵᠢᠯ᠎ᠳᠦ ᠬᠠᠤᠯᠢ ᠲᠣᠭᠲᠠᠭᠠᠯ᠎ᠢ ᠵᠥᠷᠢᠴᠡᠭᠰᠡᠨ ᠲᠡᠮᠳᠡᠭᠯᠡᠯ ᠦᠭᠡᠢ᠂ ᠠᠵᠤ ᠠᠬᠤᠢᠯᠠᠯ᠎ᠤᠨ ᠡᠵᠡᠩᠨᠡᠯᠲᠡ ᠬᠡᠪ᠎ᠦᠨ ᠪᠤᠰᠤ ᠪᠣᠯᠤᠭᠰᠠᠨ ᠨᠡᠷᠡᠰ᠎ᠦᠨ ᠵᠢᠭ᠍ᠰᠠᠭᠠᠯᠲᠠ ᠪᠠ ᠬᠠᠤᠯᠢ᠎ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠨᠡᠷᠡᠰ᠎ᠦᠨ ᠵᠢᠭ᠍ᠰᠠᠭᠠᠯᠲᠠ᠎ᠳᠤ ᠣᠷᠣᠭᠤᠯᠤᠭᠰᠠᠨ ᠦᠭᠡᠢ ᠪᠠᠢᠬᠤ᠎ᠶᠢ ᠱᠠᠭᠠᠷᠳᠠᠵᠠᠢ ᠃ ᠲᠠᠨᠢᠯᠴᠠᠭᠤᠯᠤᠭ᠍ᠳᠡᠭ᠍ᠰᠠᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠠᠵᠢᠯ ᠲᠥᠷᠥᠯ᠎ᠦᠨ ᠲᠡᠷᠢᠭᠦᠨ᠎ᠦ ᠬᠢᠷᠢ ᠲᠦᠪᠰᠢᠨ᠎ᠳᠦ ᠪᠠᠢᠯᠭᠠᠬᠤ ᠎ᠪᠠᠷ ᠱᠠᠭᠠᠷᠳᠠᠵᠤ ᠂ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ ᠪᠤᠶᠤ ᠲᠤᠰᠬᠠᠢ ᠡᠵᠡᠮᠰᠢᠬᠦ ᠮᠡᠷᠭᠡᠵᠢᠯ᠎ᠦᠨ ᠥᠮᠴᠢᠯᠡᠬᠦ ᠡᠷᠬᠡ ᠨᠢ ᠲᠣᠳᠣᠷᠬᠠᠢ ᠪᠠᠢᠵᠤ ᠂ ᠬᠠᠮᠢᠶ᠎ᠠ ᠪᠦᠬᠦᠢ ᠪᠦᠲᠦᠭᠡᠭᠳᠡᠬᠦᠨ᠎ᠦ ᠶᠠᠰᠤ ᠴᠢᠨᠠᠷ᠎ᠤᠨ ᠪᠠᠷᠢᠮᠵᠢᠶ᠎ᠠ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠪᠡᠯᠡᠳᠬᠡᠮᠵᠢ᠎ᠶᠢ ᠰᠢᠯᠭᠠᠨ ᠠᠪᠬᠤ ᠮᠡᠷᠭᠡᠵᠢᠯ᠎ᠦᠨ ᠵᠢᠷᠤᠮᠵᠢᠯ᠎ᠤᠨ ᠱᠠᠭᠠᠷᠳᠠᠯᠭ᠎ᠠ᠎ᠳᠤ ᠨᠡᠢᠴᠡᠵᠦ ᠂ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠬᠡᠷᠡᠭᠯᠡᠭᠰᠡᠨ᠎ᠦ ᠳᠠᠷᠠᠭ᠎ᠠ ᠪᠣᠬᠢᠷᠲᠤᠯ ᠪᠣᠳᠠᠰ᠎ᠢ ᠬᠢᠵᠠᠭᠠᠷᠯᠠᠬᠤ ᠨᠢ ᠤᠯᠤᠰ᠎ᠤᠨ ᠪᠣᠬᠢᠷᠲᠤᠯ ᠭᠠᠳᠠᠭᠰᠢᠯᠠᠭᠤᠯᠬᠤ ᠬᠠᠮᠢᠶ᠎ᠠ ᠪᠦᠬᠦᠢ ᠪᠠᠷᠢᠮᠵᠢᠶ᠎ᠠ᠎ᠶᠢᠨ ᠱᠠᠭᠠᠷᠳᠠᠯᠭ᠎ᠠ᠎ᠠᠴᠠ ᠳᠠᠪᠠᠭᠤᠯᠢᠭ᠋ ᠪᠠᠢᠬᠤ ᠂ ᠡᠰᠡᠬᠦᠯ᠎ᠡ ᠭᠣᠣᠯᠳᠠᠯᠭ᠎ᠠ᠎ᠲᠠᠢ ᠣᠷᠣᠨ ᠪᠦᠰᠡ ᠂ ᠭᠣᠣᠯᠳᠠᠯᠭ᠎ᠠ᠎ᠲᠠᠢ ᠰᠠᠪᠠ ᠭᠠᠵᠠᠷ ᠂ ᠭᠣᠣᠯᠳᠠᠯᠭ᠎ᠠ᠎ᠲᠠᠢ ᠠᠵᠢᠯ ᠲᠥᠷᠥᠯ᠎ᠦᠨ ᠣᠨᠴᠠᠭᠠᠢ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ᠎ᠠᠴᠠ ᠳᠠᠪᠠᠭᠤᠯᠢᠭ᠋ ᠪᠠᠢᠬᠤ ᠬᠡᠷᠡᠭᠲᠡᠢ᠃

 ( ᠬᠣᠶᠠᠷ ) ᠲᠠᠨᠢᠯᠴᠠᠭᠤᠯᠬᠤ ᠬᠡᠪᠴᠢᠶ᠎ᠡ

 ᠲᠤᠰ ᠤᠳᠠᠭᠠᠨ᠎ᠤ ᠮᠡᠳᠡᠭᠦᠯᠬᠦ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠬᠡᠪᠴᠢᠶᠡᠨ᠎ᠳᠦ ᠠᠭᠠᠷ ᠮᠠᠨᠳᠠᠯ᠎ᠤᠨ ᠪᠣᠬᠢᠷᠲᠤᠯ᠎ᠢ ᠰᠡᠷᠭᠡᠢᠯᠡᠨ ᠵᠠᠰᠠᠬᠤ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ᠂ ᠬᠥᠷᠥᠰᠥ ᠰᠢᠷᠣᠢ᠎ᠶᠢᠨ ᠪᠣᠬᠢᠷᠲᠤᠯ᠎ᠢ ᠵᠠᠰᠠᠨ ᠰᠡᠷᠭᠦᠭᠡᠬᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢᠳᠪᠦᠷᠢᠯᠡᠬᠦ᠂ ᠲᠠᠭᠤ ᠱᠤᠤᠭᠢᠶᠠᠨ ᠪᠠ ᠳᠣᠷᠭᠢᠯᠲᠠ᠎ᠶᠢ ᠡᠵᠡᠮᠳᠡᠬᠦ᠂ ᠣᠷᠴᠢᠨ ᠲᠣᠭᠣᠷᠢᠨ᠎ᠢ ᠬᠢᠨᠠᠨ ᠬᠡᠮᠵᠢᠬᠦ ᠲᠤᠰᠬᠠᠢ ᠬᠡᠮᠵᠢᠭᠦᠷᠯᠢᠭ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠲᠤᠰᠬᠠᠢ ᠮᠠᠲᠧᠷᠢᠶᠠᠯ ᠪᠠ ᠡᠮ ᠨᠠᠢᠷᠠᠯᠭ᠎ᠠ᠂ ᠣᠷᠴᠢᠨ ᠲᠣᠭᠣᠷᠢᠨ᠎ᠤ ᠪᠣᠬᠢᠷᠲᠤᠯ᠎ᠤᠨ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ᠂ ᠣᠷᠴᠢᠨ ᠲᠣᠭᠣᠷᠢᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠲᠥᠬᠦᠭᠡᠷᠦᠮᠵᠢ᠎ᠶᠢᠨ ᠲᠤᠰᠬᠠᠢ ᠰᠡᠯᠪᠢᠭ ᠲᠤᠨᠤᠭ᠂ ᠪᠣᠬᠢᠷᠲᠤᠯ᠎ᠢ ᠪᠠᠭᠠᠰᠬᠠᠵᠤ ᠨᠡᠭᠦᠷᠡᠰᠦᠲᠥ᠋ᠷᠥᠭᠴᠢ᠎ᠶᠢ ᠪᠠᠭᠤᠷᠠᠭᠤᠯᠬᠤ᠎ᠶᠢ ᠬᠠᠮᠵᠢᠯᠴᠠᠨ ᠰᠢᠢᠳᠪᠦᠷᠢᠯᠡᠬᠦ᠂ ᠰᠢᠨ᠎ᠡ ᠪᠣᠬᠢᠷᠲᠤᠯ ᠪᠣᠳᠠᠰ᠎ᠢ ᠵᠠᠰᠠᠬᠤ ᠵᠡᠷᠭᠡ ᠨᠡᠢ᠍ᠢᠳᠡ 11 ᠨᠠᠷᠢᠨ ᠬᠤᠪᠢᠶᠠᠭᠰᠠᠨ ᠬᠦᠷᠢᠶ᠎ᠡ᠎ᠶᠢ ᠪᠠᠭᠲᠠᠭᠠᠨ᠎ᠠ᠃

 ( ᠭᠤᠷᠪᠠ ) ᠮᠡᠷᠭᠡᠵᠢᠯ᠎ᠤᠨ ᠲᠣᠨᠣᠭᠯᠠᠯ᠎ᠤᠨ ᠲᠦᠷᠦᠯ ᠵᠦᠢᠯ
 ᠮᠡᠷᠭᠡᠵᠢᠯ᠎ᠦᠨ ᠲᠣᠨᠣᠭᠯᠠᠯ᠎ᠤᠨ ᠲᠦᠷᠦᠯ ᠵᠦᠢᠯ᠎ᠢ ᠰᠤᠳᠤᠯᠤᠨ ᠨᠡᠭᠡᠭᠡᠬᠦ᠂ ᠬᠡᠷᠡᠭᠯᠡᠬᠦ᠂ ᠳᠡᠯᠭᠡᠷᠡᠭᠦᠯᠬᠦ ᠲᠦᠷᠦᠯ ᠭᠡᠵᠦ ᠬᠤᠪᠢᠶᠠᠨ᠎ᠠ᠃ ᠡᠭᠦᠨ᠎ᠳᠦ ᠂ ᠰᠤᠳᠤᠯᠤᠨ ᠨᠡᠭᠡᠭᠡᠬᠦ ᠲᠥᠷᠥᠯ ᠭᠡᠳᠡᠭ ᠨᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ ᠂ ᠮᠡᠷᠭᠡᠵᠢᠯ ᠣᠷᠣᠭᠤᠯᠬᠤ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ ᠂ ᠴᠢᠬᠤᠯᠠ ᠶᠡᠬᠡ ᠮᠡᠷᠭᠡᠵᠢᠯ᠎ᠦᠨ ᠰᠢᠪᠲᠤᠯᠤᠯᠲᠠ᠎ᠶᠢ ᠪᠡᠶᠡᠯᠡᠭᠦᠯᠵᠦ᠂ ᠨᠢᠭᠡᠨᠲᠡ ᠬᠡᠷᠡᠭᠯᠡᠭᠴᠢ᠎ᠶᠢᠨ ᠠᠩᠬ᠎ᠠ ᠠᠯᠬᠤᠮ ᠰᠢᠯᠭᠠᠨ ᠪᠠᠲᠤᠯᠠᠭᠰᠠᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠵᠢᠭᠠᠵᠤ ᠪᠣᠶ ; ᠬᠡᠷᠡᠭᠯᠡᠭᠡᠨ᠎ᠦ ᠲᠥᠷᠥᠯ ᠭᠡᠳᠡᠭ ᠨᠢ ᠤᠯᠤᠰ᠎ᠤᠨ ᠳᠣᠲᠣᠭᠠᠳᠤ᠎ᠳᠤ ᠲᠡᠷᠢᠭᠦᠯᠡᠵᠦ ᠂ ᠠᠵᠢᠯ ᠲᠥᠷᠥᠯ᠎ᠦᠨ ᠬᠥᠲᠥᠯᠥᠨ ᠳᠠᠭᠠᠭᠤᠯᠬᠤ ᠦᠢᠯᠡᠳᠦᠯ ᠪᠠ ᠵᠠᠬ᠎ᠠ ᠳᠡᠯᠭᠡᠭᠦᠷ᠎ᠦᠨ ᠬᠡᠷᠡᠭᠯᠡᠭᠡᠨ᠎ᠦ ᠬᠡᠲᠦ᠎ᠶᠢᠨ ᠲᠥᠯᠥᠪ᠎ᠲᠠᠢ᠂ ᠨᠢᠭᠡᠨᠲᠡ ᠠᠵᠤ ᠦᠶ᠋ᠢᠯᠡᠰᠵᠢᠭᠦᠯᠦᠨ ᠦᠢᠯᠡᠳᠪᠦᠷᠢᠯᠡᠬᠦ᠎ᠶᠢ ᠪᠡᠶᠡᠯᠡᠭᠦᠯᠦᠭᠰᠡᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠵᠢᠭᠠᠵᠤ ᠪᠣᠶ ; ᠳᠡᠯᠭᠡᠷᠡᠭᠦᠯᠬᠦ ᠲᠥᠷᠥᠯ ᠭᠡᠳᠡᠭ ᠨᠢ ᠮᠡᠷᠭᠡᠵᠢᠯ ᠪᠣᠯᠪᠠᠰᠤᠷᠠᠩᠭᠤᠢ ᠪᠥᠭᠡᠳ ᠨᠠᠢᠳᠠᠪᠤᠷᠢᠲᠠᠢ ᠂ ᠳᠡᠯᠭᠡᠷᠡᠭᠦᠯᠬᠦ ᠳᠠᠯᠳᠠ ᠬᠦᠴᠦᠨ᠎ᠢᠶᠡᠷ ᠶᠡᠬᠡ ᠂ ᠬᠢᠮᠳᠠ ᠪᠥᠭᠡᠳ ᠬᠡᠷᠡᠭᠯᠡᠭᠡᠨ᠎ᠳᠦ ᠠᠮᠵᠢᠯᠲᠠᠲᠠᠢ ᠬᠡᠷᠡᠭ᠎ᠦᠨ ᠵᠢᠱ᠌ᠢᠶ᠎ᠡ᠎ᠲᠠᠢ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠵᠢᠭᠠᠵᠤ ᠪᠣᠶ᠃

 ᠭᠤᠷᠪᠠ ᠂ 2023 ᠣᠨ᠎ᠤ ᠬᠡᠪᠯᠡᠯ᠎ᠦᠨ 《 ᠭᠠᠷᠴᠠᠭ 》᠎ᠢ ᠰᠢᠢᠳᠪᠦᠷᠢᠯᠡᠬᠦ ᠠᠷᠭ᠎ᠠ ᠮᠠᠶᠢᠭ᠋᠎ᠤᠨ ᠲᠣᠳᠣᠷᠬᠠᠢᠯᠠᠯᠲᠠ

 2025 ᠣᠨ᠎ᠤ ᠬᠡᠪᠯᠡᠯ᠎ᠦᠨ ᠭᠠᠷᠴᠠᠭ᠎ᠢ ᠨᠡᠢᠲᠡᠯᠡᠭᠰᠡᠨ᠎ᠦ ᠳᠠᠷᠠᠭ᠎ᠠ ᠂ 2023 ᠣᠨ᠎ᠤ ᠬᠡᠪᠯᠡᠯ᠎ᠦᠨ 《ᠭᠠᠷᠴᠠᠭ》᠎ᠢ ᠬᠦᠴᠦᠨ ᠦᠭᠡᠢ ᠪᠣᠯᠭᠠᠨ᠎ᠠ ᠃ 2023 ᠣᠨ᠎ᠤ ᠬᠡᠪᠯᠡᠯ᠎ᠦᠨ 《 ᠭᠠᠷᠴᠠᠭ 》᠎ᠲᠤ ᠰᠣᠩᠭᠣᠭᠳᠠᠭᠰᠠᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠳᠦ ᠂ ᠬᠡᠷᠪᠡ ᠬᠣᠯᠪᠣᠭᠳᠠᠯ ᠪᠦᠬᠦᠢ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠵᠠᠩᠭᠢᠯᠠᠭ᠎ᠠ᠎ᠶᠢᠨ ᠭᠣᠣᠯ ᠭᠦᠢᠴᠡᠳᠬᠡᠯ ᠲᠣᠭ᠎ᠠ᠂ ᠬᠡᠷᠡᠭᠯᠡᠬᠦ ᠬᠡᠪᠴᠢᠶ᠎ᠡ᠂ ᠰᠢᠢᠳᠪᠦᠷᠢᠯᠡᠬᠦ ᠪᠣᠬᠢᠷᠲᠤᠯ ᠪᠣᠳᠠᠰ᠎ᠤᠨ ᠲᠥᠷᠥᠯ ᠵᠦᠢᠯ ᠵᠡᠷᠭᠡ ᠴᠢᠬᠤᠯᠠ ᠮᠡᠳᠡᠭᠡ ᠵᠠᠩᠭᠢ᠎ᠳᠤ ᠬᠤᠪᠢᠷᠠᠯᠲᠠ ᠭᠠᠷᠪᠠᠯ ᠂ ᠲᠣᠰ ᠤᠳᠠᠭᠠᠨ᠎ᠤ ᠮᠡᠳᠡᠭᠦᠯᠬᠦ ᠠᠵᠢᠯ᠎ᠤᠨ ᠱᠠᠭᠠᠷᠳᠠᠯᠭ᠎ᠠ ᠶᠣᠰᠣᠭᠠᠷ ᠳᠠᠬᠢᠨ ᠮᠠᠲᠧᠷᠢᠶᠠᠯ᠎ᠢᠶᠠᠨ ᠲᠤᠰᠢᠶᠠᠬᠤ ᠬᠡᠷᠡᠭᠲᠡᠢ᠃ ᠮᠠᠲᠧᠷᠢᠶᠠᠯ᠎ᠢᠶᠠᠨ ᠲᠤᠰᠢᠶᠠᠭᠰᠠᠨ ᠦᠭᠡᠢ ᠪᠣᠯ ᠤᠤᠯ᠎ᠤᠨ ᠮᠡᠳᠡᠭᠡ ᠵᠠᠩᠭᠢ᠎ᠶᠢᠨ ᠶᠣᠰᠣᠭᠠᠷ 2025 ᠣᠨ᠎ᠳᠤ ᠰᠢᠨ᠎ᠡ᠎ᠪᠡᠷ ᠮᠡᠳᠡᠭᠦᠯᠦᠭᠰᠡᠨ ᠲᠥᠷᠥᠯ ᠵᠦᠢᠯ᠎ᠲᠠᠢ ᠬᠠᠮᠲᠤ ᠳ᠋ᠤᠨᠢ ᠬᠢᠨᠠᠨ ᠲᠣᠭᠲᠠᠭᠠᠬᠤ᠎ᠳᠤ ᠣᠷᠣᠯᠴᠠᠨ᠎ᠠ᠃

 ᠳᠥᠷᠪᠡ ᠂ 《 ᠭᠠᠷᠴᠠᠭ 》᠎ᠢ ᠤᠬᠠᠭᠤᠯᠤᠨ ᠳᠡᠯᠭᠡᠷᠡᠭᠦᠯᠬᠦ ᠠᠷᠭ᠎ᠠ ᠬᠡᠮᠵᠢᠶ᠎ᠡ

 《 ᠭᠠᠷᠴᠠᠭ 》᠎ᠤᠨ ᠲᠤᠯᠭᠠᠭᠤᠷᠢᠯᠠᠬᠤ ᠨᠢᠭᠡᠴᠢ᠎ᠶᠢᠨ ᠨᠡᠷᠡᠰ᠎ᠢ ᠨᠡᠢᠲᠡᠯᠡᠵᠦ ᠂ ᠴᠢᠬᠤᠯᠠ ᠶᠡᠬᠡ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠬᠠᠩᠭᠠᠯᠭ᠎ᠠ ᠬᠡᠷᠡᠭᠴᠡᠭᠡ᠎ᠶᠢ ᠵᠣᠯᠭᠠᠭᠤᠯᠬᠤ ᠵᠦᠭᠯᠡᠭᠦᠷ ᠪᠠ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠬᠦᠷᠢᠶ᠎ᠡ ᠴᠠᠷᠠᠭ᠎ᠠ ᠬᠤᠪᠢᠶᠠᠨ ᠨᠠᠢᠷᠠᠭᠤᠯᠤᠨ ᠵᠣᠬᠢᠶᠠᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠰᠦᠯᠵᠢᠶ᠎ᠡ ᠵᠢᠴᠢ ᠬᠠᠮᠢᠶ᠎ᠠ ᠪᠦᠬᠦᠢ ᠸᠢᠴᠠᠲ᠎ᠤᠨ ᠨᠡᠶ᠋ᠢᠲᠡ᠎ᠶᠢᠨ ᠳ᠋ᠤᠭᠠᠷ ᠵᠡᠷᠭᠡ ᠠᠷᠭ᠎ᠠ ᠵᠠᠮ᠎ᠢᠶᠠᠷ ᠨᠡᠢᠲᠡᠯᠡᠵᠦ ᠂ ᠲᠣᠨᠣᠭ ᠲᠥᠬᠦᠭᠡᠷᠦᠮᠵᠢ ᠦᠢᠯᠡᠳᠬᠦ ᠠᠵᠤ ᠠᠬᠤᠢᠯᠠᠯ ᠬᠢᠭᠡᠳ ᠬᠡᠷᠡᠭᠴᠡᠭᠡ ᠱᠠᠭᠠᠷᠳᠠᠯᠭ᠎ᠠ᠎ᠶᠢᠨ ᠬᠡᠷᠡᠭᠯᠡᠭᠴᠢ᠎ᠶᠢᠨ ᠪᠦᠲᠦᠮᠵᠢᠲᠡᠶ ᠵᠣᠯᠭᠠᠭᠤᠯᠬᠤ ᠲᠠᠪᠴᠠᠩ᠎ᠢ ᠪᠠᠢᠭᠤᠯᠤᠨ᠎ᠠ᠃

 ᠲᠠᠪᠤ ᠂ ᠮᠡᠳᠡᠭᠦᠯᠬᠦ ᠬᠦᠰᠦᠨᠦᠭᠲᠦ᠎ᠶᠢ ᠲᠠᠭᠯᠠᠨ ᠪᠢᠴᠢᠬᠦ ᠲᠣᠳᠣᠷᠬᠠᠢᠯᠠᠯᠲᠠ

 ( ᠨᠢᠭᠡ ) ᠮᠡᠷᠭᠡᠵᠢᠯ᠎ᠦᠨ ᠲᠣᠨᠣᠭᠯᠠᠯ᠎ᠤᠨ ᠨᠡᠷᠡᠢᠳᠦᠯ

 ᠰᠢᠯᠭᠠᠨ ᠲᠣᠭᠲᠠᠭᠠᠯᠲᠠ ᠂ ᠲᠤᠰᠬᠠᠢ ᠠᠰᠢᠭ᠋᠎ᠤᠨ ᠦᠨᠡᠮᠯᠡᠯ᠎ᠲᠠᠢ ᠨᠢᠭᠡᠳᠦᠯᠲᠡᠢ ᠪᠠᠢᠬᠤ ᠬᠡᠷᠡᠭᠲᠡᠢ ᠂ ᠨᠢᠭᠡᠳᠦᠯ ᠦᠭᠡᠢ ᠪᠠᠢᠪᠠᠯ ᠲᠣᠳᠣᠷᠬᠠᠢᠯᠠᠯᠲᠠ ᠬᠢᠬᠦ ᠴᠢᠬᠤᠯᠠᠲᠠᠢ ᠃

 ( ᠬᠣᠶᠠᠷ ) ᠬᠠᠷᠢᠶᠠᠯᠠᠭᠳᠠᠬᠤ ᠬᠦᠷᠢᠶ᠎ᠡ ᠴᠠᠷᠠᠭ᠎ᠠ

 ᠬᠠᠷᠢᠶᠠᠯᠠᠭᠳᠠᠬᠤ ᠬᠦᠷᠢᠶ᠎ᠡ ᠴᠠᠷᠠᠭ᠎ᠠ᠎ᠶᠢᠨ ᠲᠥᠷᠥᠯ ᠵᠦᠢᠯ᠎ᠢ ᠣᠯᠠᠨ ᠰᠣᠩᠭᠣᠵᠤ ᠪᠣᠯᠬᠤ ᠦᠭᠡᠢ ᠂ ᠵᠢᠱ᠌ᠢᠶᠡᠯᠡᠪᠡᠯ ᠭᠤᠶᠤᠴᠢᠯᠠᠨ ᠮᠡᠳᠡᠭᠦᠯᠦᠭᠰᠡᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠣᠯᠠᠨ ᠬᠦᠷᠢᠶ᠎ᠡ ᠴᠠᠷᠠᠭ᠎ᠠ᠎ᠳᠤ ᠬᠡᠷᠡᠭᠯᠡᠵᠦ ᠪᠣᠯᠬᠤ ᠪᠠᠢᠪᠠᠯ ᠂ ᠭᠣᠣᠯ ᠪᠣᠯᠬᠤ ᠬᠡᠷᠡᠭᠯᠡᠭᠡᠨ᠎ᠦ ᠬᠦᠷᠢᠶ᠎ᠡ ᠴᠠᠷᠠᠭ᠎ᠠ᠎ᠶᠢ ᠭᠣᠬᠠᠳᠠᠨ ᠰᠣᠩᠭᠣᠬᠤ ᠬᠡᠷᠡᠭᠲᠡᠢ ᠃

 ( ᠭᠤᠷᠪᠠ ) ᠬᠡᠷᠡᠭᠯᠡᠬᠦ ᠬᠡᠪᠴᠢᠶ᠎ᠡ

 ᠬᠡᠷᠡᠭᠯᠡᠭᠡᠨ᠎ᠦ ᠠᠵᠢᠯ ᠲᠦᠷᠦᠯ / ᠬᠦᠷᠢᠶ᠎ᠡ᠂ ᠰᠢᠢᠳᠪᠦᠷᠢᠯᠡᠬᠦ ᠡᠲᠡᠭᠡᠳ ᠵᠡᠷᠭᠡ ᠮᠡᠳᠡᠭᠡ ᠵᠠᠩᠭᠢ᠎ᠶᠢ ᠪᠠᠭᠲᠠᠭᠠᠨ᠎ᠠ᠂ ᠵᠢᠱ᠌ᠢᠶᠡᠯᠡᠪᠡᠯ ᠪᠣᠯᠣᠳ ᠲᠡᠮᠦᠷ᠂ ᠼᠧᠮᠧᠨ᠋ᠲ᠂ ᠬᠢᠮᠢ᠎ᠶᠢᠨ ᠠᠵᠤ ᠦᠢᠯᠡᠳᠪᠦᠷᠢ ᠵᠡᠷᠭᠡ ᠠᠵᠤ ᠦᠢᠯᠡᠳᠪᠦᠷᠢ᠎ᠶᠢᠨ ᠬᠦᠷᠢᠶ᠎ᠡ᠎ᠳᠦ ᠲᠣᠭᠣᠰᠣ᠌ ᠠᠷᠢᠯᠭᠠᠬᠤ ᠵᠡᠷᠭᠡ ᠪᠣᠯᠣᠨ᠎ᠠ᠃

 ( ᠳᠥᠷᠪᠡ ) ᠭᠡᠷᠡᠴᠢᠯᠡᠬᠦ ᠮᠠᠲᠧᠷᠢᠶᠠᠯ

 ᠲᠤᠰᠢᠶᠠᠭᠰᠠᠨ ᠭᠡᠷᠡᠴᠢᠯᠡᠬᠦ ᠮᠠᠲᠧᠷᠢᠶᠠᠯ ᠨᠢ ᠲᠣᠰ ᠵᠤᠷᠪᠤᠰ᠎ᠤᠨ ᠭᠣᠬᠠᠳᠠᠨ ᠰᠣᠩᠭᠣᠭᠰᠠᠨ ᠠᠭᠤᠯᠭ᠎ᠠ ᠯᠤᠭ᠎ᠠ ᠵᠣᠬᠢᠴᠠᠯᠳᠤᠭᠰᠠᠨ ᠪᠠᠢᠬᠤ ᠬᠡᠷᠡᠭᠲᠡᠢ ᠂ ᠡᠭᠦᠨ᠎ᠡᠴᠡ ᠭᠠᠳᠠᠨ᠎ᠠ ᠬᠠᠮᠲᠤᠷᠠᠨ ᠮᠡᠳᠡᠭᠦᠯᠦᠭᠰᠡᠨ ᠨᠢᠭᠡᠴᠢ ᠨᠢ ᠲᠤᠰᠬᠠᠢ ᠠᠰᠢᠭ᠋᠎ᠤᠨ ᠦᠨᠡᠮᠯᠡᠯ ᠪᠤᠶᠤ ᠮᠡᠳᠡᠯᠭᠡ᠎ᠶᠢᠨ ᠪᠦᠲᠦᠭᠡᠭᠳᠡᠬᠦᠨ᠎ᠦ ᠥᠮᠴᠢᠯᠡᠬᠦ ᠡᠷᠬᠡ᠎ᠶᠢᠨ ᠲᠣᠳᠣᠷᠬᠠᠢᠯᠠᠯᠲᠠ᠎ᠪᠠᠨ ᠬᠠᠩᠭᠠᠬᠤ ᠬᠡᠷᠡᠭᠲᠡᠢ ᠃

 ( ᠲᠠᠪᠤ ) ᠱᠠᠩᠨᠠᠯ ᠣᠯᠣᠭᠰᠠᠨ ᠪᠠᠢᠳᠠᠯ

 ᠮᠡᠳᠡᠭᠦᠯᠦᠭᠰᠡᠨ ᠮᠡᠷᠭᠡᠵᠢᠯ᠎ᠤᠨ ᠲᠣᠨᠣᠭᠯᠠᠯ᠎ᠢᠶᠠᠷ ᠭᠣᠣᠯ ᠴᠣᠭᠴᠠ ᠪᠣᠯᠭᠠᠵᠤ ᠣᠯᠣᠭᠰᠠᠨ ᠮᠤᠵᠢ ᠶᠠᠮᠤᠨ᠎ᠤ ᠲᠠᠰ᠎ᠠᠴᠠ ᠳᠡᠭᠡᠭᠰᠢᠬᠢ ᠱᠠᠩᠨᠠᠯ᠎ᠤᠨ ᠵᠦᠢᠯ᠎ᠢ ᠲᠠᠭᠯᠠᠨ ᠪᠢᠴᠢᠨ᠎ᠡ ᠂ ᠪᠤᠰᠤᠳ ᠱᠠᠩᠨᠠᠯ᠎ᠤᠨ ᠵᠦᠢᠯ᠎ᠢ ᠲᠠᠭᠯᠠᠨ ᠪᠢᠴᠢᠬᠦ ᠴᠢᠬᠤᠯᠠ ᠦᠭᠡᠢ ᠃

 ( ᠵᠢᠷᠭᠤᠭ᠎ᠠ ) ᠰᠤᠳᠤᠯᠤᠨ ᠨᠡᠭᠡᠭᠡᠬᠦ ᠴᠢᠬᠤᠯᠠᠲᠠᠢ ᠵᠠᠩᠭᠢᠯᠠᠭ᠎ᠠ᠎ᠶᠢᠨ ᠮᠡᠷᠭᠡᠵᠢᠯ ᠪᠠ ᠰᠤᠳᠤᠯᠤᠨ ᠨᠡᠭᠡᠭᠡᠬᠦ ᠬᠠᠷᠠᠯᠲᠠ

 ᠲᠣᠰ ᠵᠦᠢᠯ᠎ᠢ ᠰᠤᠳᠤᠯᠤᠨ ᠨᠡᠭᠡᠭᠡᠬᠦ ᠲᠥᠷᠥᠯ᠎ᠦᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠳᠦ ᠲᠠᠭᠯᠠᠨ ᠪᠢᠴᠢᠵᠦ ᠂ ᠰᠤᠳᠤᠯᠤᠨ ᠨᠡᠭᠡᠭᠡᠬᠦ ᠴᠢᠬᠤᠯᠠᠲᠠᠢ ᠵᠠᠩᠭᠢᠯᠠᠭ᠎ᠠ᠎ᠶᠢᠨ ᠮᠡᠷᠭᠡᠵᠢᠯ ᠂ ᠰᠤᠳᠤᠯᠤᠨ ᠨᠡᠭᠡᠭᠡᠬᠦ ᠬᠦᠴᠢᠷᠳᠡᠯ ᠂ ᠰᠢᠨ᠎ᠡ᠎ᠶᠢ ᠡᠭᠦᠳᠬᠦ ᠴᠡᠭ ᠵᠢᠴᠢ ᠰᠤᠳᠤᠯᠤᠨ ᠨᠡᠭᠡᠭᠡᠬᠦ ᠬᠠᠷᠠᠯᠲᠠ ( ᠮᠡᠷᠭᠡᠵᠢᠯ᠎ᠦᠨ ᠭᠦᠢᠴᠡᠳᠬᠡᠯ ᠲᠣᠭ᠎ᠠ )᠎ᠶᠢ ᠪᠠᠭᠲᠠᠭᠠᠬᠤ ᠬᠡᠷᠡᠭᠲᠡᠢ ᠃

 ( ᠳᠣᠯᠣᠭ᠎ᠠ )  ᠵᠠᠬ᠎ᠠ ᠳᠡᠯᠭᠡᠭᠦᠷ᠎ᠦᠨ ᠬᠡᠷᠡᠭᠴᠡᠭᠡ ᠱᠠᠭᠠᠷᠳᠠᠯᠭ᠎ᠠ ᠪᠠ ᠬᠡᠷᠡᠭᠯᠡᠭᠡᠨ᠎ᠦ ᠬᠡᠲᠦ᠎ᠶᠢᠨ ᠲᠥᠯᠥᠪ᠎ᠦᠨ ᠵᠠᠳᠠᠯᠤᠯᠲᠠ

 ᠲᠣᠰ ᠵᠦᠢᠯ᠎ᠢ ᠰᠤᠳᠤᠯᠤᠨ ᠨᠡᠭᠡᠭᠡᠬᠦ ᠲᠥᠷᠥᠯ᠎ᠦᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠳᠦ ᠲᠠᠭᠯᠠᠨ ᠪᠢᠴᠢᠵᠦ ᠂ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠵᠠᠬ᠎ᠠ ᠳᠡᠯᠭᠡᠭᠦᠷ᠎ᠦᠨ ᠣᠷᠣᠨ ᠵᠠᠢ ᠂ ᠢᠷᠡᠭᠡᠳᠦᠢ᠎ᠶᠢᠨ ᠬᠡᠷᠡᠭᠯᠡᠭᠡᠨ᠎ᠦ ᠬᠠᠨᠳᠤᠰᠢ ᠂ ᠮᠡᠷᠭᠡᠵᠢᠯ᠎ᠦᠨ ᠣᠨᠴᠠᠯᠢᠭ᠋ ᠵᠢᠴᠢ ᠲᠡᠷᠢᠭᠦᠨ᠎ᠦ ᠴᠢᠨᠠᠷ ᠂ ᠬᠡᠷᠡᠭᠯᠡᠭᠡᠨ᠎ᠦ ᠳᠠᠪᠠᠭᠤᠯᠢᠭ᠋ ᠵᠡᠷᠭᠡ ᠠᠭᠤᠯᠭ᠎ᠠ᠎ᠶᠢ ᠲᠥᠬᠥᠮ ᠳᠦᠷᠰᠦᠯᠡᠨ᠎ᠡ᠃

 ( ᠨᠠᠢ᠍ᠮᠠ ) ᠮᠡᠷᠭᠡᠵᠢᠯ᠎ᠦᠨ ᠲᠣᠨᠣᠭᠯᠠᠯ᠎ᠤᠨ ᠲᠣᠢᠮᠣ᠌ ᠪᠠᠢᠳᠠᠯ
 ᠲᠣᠰ ᠵᠦᠢᠯ᠎ᠳᠦ ᠬᠡᠷᠡᠭᠯᠡᠬᠦ ᠂ ᠳᠡᠯᠭᠡᠷᠡᠭᠦᠯᠬᠦ ᠲᠥᠷᠥᠯ᠎ᠦᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠲᠠᠭᠯᠠᠨ ᠪᠢᠴᠢᠨ᠎ᠡ ᠂ ᠲᠠᠭᠯᠠᠨ ᠪᠢᠴᠢᠬᠦ ᠠᠭᠤᠯᠭ᠎ᠠ᠎ᠳᠤ ᠮᠡᠳᠡᠭᠦᠯᠬᠦ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢᠨ ᠭᠣᠣᠯ ᠪᠣᠯᠬᠤ ᠮᠡᠷᠭᠡᠵᠢᠯ᠎ᠦᠨ ᠭᠦᠢᠴᠡᠳᠬᠡᠯ ᠲᠣᠭ᠎ᠠ ᠂ ᠮᠡᠷᠭᠡᠵᠢᠯ᠎ᠦᠨ ᠣᠨᠴᠠᠯᠢᠭ᠋ ᠂ ᠴᠢᠳᠠᠮᠵᠢ ᠂ ᠠᠵᠢᠯ᠎ᠤᠨ ᠪᠣᠯᠵᠣᠯᠲᠤ ᠲᠣᠭ᠎ᠠ ᠂ ᠡᠨᠧᠷᠭᠢ᠎ᠶᠢᠨ ᠬᠣᠷᠣᠭᠳᠠᠯ᠎ᠤᠨ ᠭᠦᠢᠴᠡᠳᠬᠡᠯ ᠲᠣᠭ᠎ᠠ ᠂ ᠦᠷ᠎ᠡ ᠪᠦᠲᠦᠮᠵᠢ᠎ᠶᠢᠨ ᠭᠦᠢᠴᠡᠳᠬᠡᠯ ᠲᠣᠭ᠎ᠠ ᠂ ᠨᠠᠢᠳᠠᠪᠤᠷᠢᠲᠤ ᠴᠢᠨᠠᠷᠲᠠᠢ ᠭᠦᠢᠴᠡᠳᠬᠡᠯ ᠲᠣᠭ᠎ᠠ ᠵᠡᠷᠭᠡ ᠠᠭᠤᠯᠭ᠎ᠠ᠎ᠶᠢ ᠪᠠᠭᠲᠠᠭᠠᠵᠤ ᠂ ᠮᠡᠷᠭᠡᠵᠢᠯ᠎ᠦᠨ ᠭᠦᠢᠴᠡᠳᠬᠡᠯ ᠲᠣᠭ᠎ᠠ᠎ᠶᠢᠨ ᠬᠠᠮᠢᠶ᠎ᠠ ᠪᠦᠬᠦᠢ ᠠᠭᠤᠯᠭ᠎ᠠ᠎ᠶᠢ ᠲᠣᠳᠣ᠌ ᠪᠥᠭᠡᠳ ᠲᠣᠳᠣᠷᠬᠠᠢ ᠪᠠᠢᠯᠭᠠᠬᠤ ᠬᠡᠷᠡᠭᠲᠡᠢ ᠃

 ( ᠶᠢᠰᠦ ) ᠮᠡᠷᠭᠡᠵᠢᠯ᠎ᠦᠨ ᠲᠣᠨᠣᠭᠯᠠᠯ᠎ᠤᠨ ᠨᠡᠢᠲᠡᠯᠢᠭ ᠬᠡᠷᠡᠭᠯᠡᠭᠡᠨ᠎ᠦ ᠬᠡᠷᠡᠭ᠎ᠦᠨ ᠵᠢᠱ᠌ᠢᠶ᠎ᠡ

 ᠲᠤᠰ ᠵᠦᠢᠯ᠎ᠢ ᠬᠡᠷᠡᠭᠯᠡᠬᠦ᠂ ᠳᠡᠯᠭᠡᠷᠡᠭᠦᠯᠬᠦ ᠲᠦᠷᠦᠯ᠎ᠦᠨ ᠮᠡᠷᠭᠡᠵᠢᠯ᠎ᠦᠨ ᠲᠤᠨᠤᠭ ᠲᠥᠬᠦᠭᠡᠷᠦᠮᠵᠢ᠎ᠳᠦ ᠲᠠᠭᠯᠠᠨ ᠪᠢᠴᠢᠨ᠎ᠡ᠃

 1. ᠬᠡᠷᠡᠭᠯᠡᠭᠡᠨ᠎ᠦ ᠲᠥᠷᠥᠯ ᠵᠦᠢᠯ᠎ᠦᠨ ᠲᠣᠢᠮᠣ᠌ ᠪᠠᠢᠳᠠᠯ ᠄ ᠲᠥᠷᠥᠯ ᠵᠦᠢᠯ᠎ᠦᠨ ᠦᠨᠳᠦᠰᠦᠨ ᠪᠠᠢᠳᠠᠯ᠎ᠢ ᠲᠠᠭᠯᠠᠨ ᠪᠢᠴᠢᠨ᠎ᠡ ᠂ ᠡᠭᠦᠨ᠎ᠳᠦ ᠲᠥᠷᠥᠯ ᠵᠦᠢᠯ᠎ᠦᠨ ᠪᠠᠢᠭ᠎ᠠ ᠭᠠᠵᠠᠷ ᠂ ᠤᠷᠠᠯᠠᠯ ᠂ ᠬᠡᠪᠴᠢᠶ᠎ᠡ ᠂ ᠠᠵᠢᠯᠯᠠᠭᠠᠨ᠎ᠤ ᠴᠠᠭ ᠂ ᠭᠣᠣᠯᠳᠠᠯᠭ᠎ᠠ᠎ᠲᠠᠢ ᠣᠷᠣᠨ ᠪᠦᠰᠡ ( ᠵᠢᠱ᠌ᠢᠶᠡᠯᠡᠪᠡᠯ ᠬᠥᠬᠡᠮᠥ᠋ᠷᠡᠨ᠎ᠦ ᠠᠵᠤ ᠠᠬᠤᠢ᠎ᠶᠢᠨ ᠪᠦᠰᠡ ᠂ ᠪᠡᠭᠡᠵᠢᠩ ᠲᠢᠶᠠᠨᠵᠢᠨ ᠾᠧᠪᠧᠢ ᠵᠢᠴᠢ ᠲᠡᠭᠦᠨ᠎ᠦ ᠡᠷᠬᠢᠨ ᠲᠣᠭᠣᠷᠢᠨ ) ᠵᠢᠴᠢ ᠲᠡᠷᠢᠭᠦᠨ᠎ᠦ ᠴᠢᠨᠠᠷ ᠂ ᠰᠢᠨ᠎ᠡ᠎ᠶᠢ ᠡᠭᠦᠳᠬᠦ ᠴᠢᠨᠠᠷ ᠵᠡᠷᠭᠡ᠎ᠳᠦ ᠬᠡᠷᠡᠭᠯᠡᠭᠰᠡᠨ ᠡᠰᠡᠬᠦ ᠵᠡᠷᠭᠡ ᠪᠠᠭᠲᠠᠨ᠎ᠠ ᠃

 2. ᠬᠡᠷᠡᠭᠯᠡᠭᠡᠨ᠎ᠦ ᠲᠥᠷᠥᠯ ᠵᠦᠢᠯ᠎ᠦᠨ ᠣᠷᠴᠢᠨ ᠲᠣᠭᠣᠷᠢᠨ᠎ᠤ ᠦᠷ᠎ᠡ ᠠᠰᠢᠭ᠋ ᠄ ᠰᠢᠢᠳᠪᠦᠷᠢᠯᠡᠭᠰᠡᠨ ᠪᠣᠬᠢᠷᠲᠤᠯ ᠪᠣᠳᠠᠰ᠎ᠤᠨ ᠲᠥᠷᠥᠯ ᠵᠦᠢᠯ ᠵᠢᠴᠢ ᠬᠠᠷᠠᠭᠠᠯᠵᠠᠭᠰᠠᠨ ᠭᠠᠳᠠᠭᠰᠢᠯᠠᠭᠤᠯᠤᠯᠲᠠ᠎ᠶᠢᠨ ᠪᠠᠢᠳᠠᠯ ᠪᠣᠯᠣᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ᠎ᠶᠢ ᠪᠠᠭᠠᠰᠬᠠᠭᠰᠠᠨ ᠪᠠᠢᠳᠠᠯ ( ᠣᠨ᠎ᠤ ᠭᠠᠳᠠᠭᠰᠢᠯᠠᠭᠤᠯᠤᠯᠲᠠ᠎ᠶᠢ ᠪᠠᠭᠠᠰᠬᠠᠭᠰᠠᠨ ᠬᠡᠮᠵᠢᠶ᠎ᠡ ᠵᠡᠷᠭᠡ ) ᠃

 3. ᠬᠡᠷᠡᠭᠯᠡᠭᠡᠨ᠎ᠦ ᠲᠥᠷᠥᠯ ᠵᠦᠢᠯ᠎ᠦᠨ ᠠᠵᠤ ᠠᠬᠤᠢ ᠪᠠ ᠨᠡᠢᠭᠡᠮ᠎ᠦᠨ ᠦᠷ᠎ᠡ ᠠᠰᠢᠭ᠋ ᠄ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠂ ᠠᠵᠢᠯᠯᠠᠭᠠᠨ᠎ᠤ ᠥᠪᠡᠷ᠎ᠦᠨ ᠥᠷᠲᠡᠭ ᠂ ᠰᠢᠢᠳᠪᠦᠷᠢᠯᠡᠬᠦ ᠭᠣᠣᠯ ᠪᠣᠯᠬᠤ ᠣᠷᠴᠢᠨ ᠲᠣᠭᠣᠷᠢᠨ᠎ᠤ ᠠᠰᠠᠭᠤᠳᠠᠯ ᠵᠡᠷᠭᠡ ᠃

 4. ᠵᠠᠭᠪᠤᠷ᠎ᠤᠨ ᠰᠢᠨ᠎ᠡ᠎ᠶᠢ ᠡᠭᠦᠳᠦᠭᠰᠡᠨ ᠪᠠᠢᠳᠠᠯ᠎ᠤᠨ ᠲᠣᠢᠮᠣᠴᠢᠯᠠᠯ ᠄ ᠲᠥᠷᠥᠯ ᠵᠦᠢᠯ᠎ᠦᠨ ᠬᠠᠮᠲᠤᠷᠠᠯᠴᠠᠭᠠᠨ᠎ᠤ ᠰᠢᠨ᠎ᠡ ᠵᠠᠭᠪᠤᠷ᠎ᠲᠤ ᠬᠣᠯᠪᠣᠭᠳᠠᠬᠤ ᠦᠭᠡᠢ ᠪᠣᠯ ᠲᠠᠭᠯᠠᠬᠤ ᠦᠭᠡᠢ ᠃

 5. ᠬᠡᠷᠡᠭᠯᠡᠵᠦ ᠳᠡᠯᠭᠡᠷᠡᠭᠦᠯᠬᠦ ᠰᠠᠨᠠᠭᠤᠯᠭ᠎ᠠ ᠄ ᠭᠤᠶᠤᠴᠢᠯᠠᠨ ᠮᠡᠳᠡᠭᠦᠯᠦᠭᠰᠡᠨ ᠮᠡᠷᠭᠡᠵᠢᠯ᠎ᠦᠨ ᠲᠣᠨᠣᠭ ᠲᠥᠬᠦᠭᠡᠷᠦᠮᠵᠢ᠎ᠶᠢ ᠬᠡᠷᠡᠭᠯᠡᠵᠦ ᠳᠡᠯᠭᠡᠷᠡᠭᠦᠯᠬᠦ᠎ᠶᠢ ᠳᠡᠮᠵᠢᠬᠦ ᠲᠥᠷᠥ᠎ᠶᠢᠨ ᠪᠣᠳᠣᠯᠭ᠎ᠠ᠎ᠶᠢᠨ ᠠᠷᠭ᠎ᠠ ᠬᠡᠮᠵᠢᠶ᠎ᠡ᠎ᠶᠢᠨ ᠰᠠᠨᠠᠭᠤᠯᠭ᠎ᠠ ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
 
             蒙ICP备05000248号