ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠲᠤᠬᠠᠢ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ 2023 ᠣᠨ᠎ᠤ ᠭᠣᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠲᠣᠬᠢᠷᠠᠭᠤᠯᠤᠯᠲᠠ ᠵᠢ ᠦᠨᠳᠦᠰᠦᠯᠡᠨ᠂ 2023 ᠣᠨ᠎ᠤ 5 ᠰᠠᠷ᠎ᠠ ᠵᠢᠨ 5᠎ᠤ ᠡᠳᠦᠷ᠎ᠠᠴᠠ 5 ᠰᠠᠷ᠎ᠠ ᠵᠢᠨ 17᠎ᠤ ᠡᠳᠦᠷ ᠪᠣᠯᠲᠠᠯ᠎ᠠ᠂ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ 1 ᠬᠠᠤᠯᠢ ᠬᠡᠷᠡᠭᠵᠢᠭᠦᠯᠬᠦ ᠭᠣᠣᠯᠯᠠᠭᠴᠢ ᠬᠦᠴᠦᠨ᠎ᠢ ᠲᠣᠮᠢᠯᠠᠨ ᠾᠧᠨᠠᠨ ᠮᠤᠵᠢ ᠵᠢᠨ ᠯᠥᠸᠧ ᠾᠧ ᠬᠣᠲᠠ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠭᠤᠯᠪᠠ᠃
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠱᠠᠭ᠋ᠠᠷᠳᠠᠯᠭ᠎ᠠ ᠪᠣᠯᠣᠨ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠴᠢᠩᠭ᠎ᠠ ᠲᠤᠭᠤᠰᠢᠯᠠᠭᠤᠯᠵᠤ᠂ ᠲᠣᠮᠢᠯᠠᠭᠰᠠᠨ ᠬᠥᠮᠥᠰ᠎ᠲᠤ ᠶᠠᠪᠤᠬᠤ᠎ᠠᠴᠠ ᠡᠮᠦᠨᠡᠬᠢ ᠬᠥᠮᠦᠵᠢᠯ᠎ᠢ ᠥᠷᠨᠢᠭᠦᠯᠵᠦ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ 《ᠲᠠᠪᠤ ᠵᠢ ᠦᠯᠦ ᠵᠥᠪᠰᠢᠶᠡᠷᠡᠬᠦ》 《ᠳᠤᠯᠤᠭ᠋ᠠᠨ ᠠᠮᠠᠯᠠᠯᠲᠠ》 ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠭᠰᠠᠨᠤ ᠬᠠᠮᠲᠤ ᠠᠮᠤᠷ ᠲᠦᠪᠰᠢᠨ᠎ᠤ ᠰᠠᠨᠠᠭᠤᠯᠭ᠎ᠠ ᠥᠭᠴᠡᠢ᠃ ᠣᠷᠣᠯᠴᠠᠭᠰᠠᠳ᠎ᠨᠢ ᠭᠣᠣᠯ ᠪᠣᠯᠬᠤ ᠬᠥᠮᠥᠰ᠎ᠤᠨ ᠲᠣᠮᠢᠯᠠᠭᠰᠠᠨ ᠭᠠᠵᠠᠷ᠎ᠤᠨ ᠬᠥᠯᠥᠨ ᠪᠣᠢ᠌ᠷ ᠬᠣᠲᠠ᠎ᠲᠠᠢ ᠤᠷᠢᠳᠴᠢᠯᠠᠨ ᠨᠡᠪᠲᠡᠷᠡᠯᠴᠡᠨ ᠬᠠᠷᠢᠯᠴᠠᠵᠤ᠂ ᠡᠩᠨᠡᠭᠡ᠎ᠪᠠᠨ ᠰᠠᠶ᠋ᠢᠨ ᠮᠡᠳᠡᠵᠦ᠂ ᠪᠠᠢ᠌ᠴᠠᠭ᠋ᠠᠯᠲᠠ ᠵᠢᠨ ᠭᠣᠣᠯᠳᠠᠯᠭ᠎ᠠ ᠵᠢ ᠡᠵᠡᠮᠰᠢᠨ᠂ ᠡᠮᠦᠨᠡᠬᠢ ᠬᠤᠭᠤᠴᠠᠭ᠋ᠠᠨ᠎ᠤ ᠪᠡᠯᠡᠳᠬᠡᠯ᠎ᠢ ᠰᠠᠶ᠋ᠢᠲᠤᠷ ᠬᠢᠪᠡ᠃
ᠲᠤᠬᠠᠢ ᠵᠢᠨ ᠭᠠᠵᠠᠷ᠎ᠲᠤᠨᠢ ᠬᠠᠪᠰᠤᠷᠤᠨ ᠲᠡᠳᠬᠦᠬᠦ ᠬᠤᠭᠤᠴᠠᠭ᠋ᠠᠨ᠎ᠳᠤ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠬᠥᠮᠥᠨ ᠲᠣᠮᠢᠯᠠᠨ ᠬᠥᠯᠥᠨ ᠪᠣᠢ᠌ᠷ ᠬᠤᠳᠠ ᠵᠢᠨ 6 ᠨᠥᠬᠥᠳ᠎ᠲᠠᠢ ᠬᠠᠮᠲᠤᠷᠠᠨ ᠯᠥᠸᠧ ᠾᠧᠦ ᠬᠤᠳᠠ ᠵᠢᠨ ᠲᠤᠰᠬᠠᠢ ᠮᠡᠷᠭᠡᠵᠢᠯ᠎ᠤᠨ 13 ᠳᠤᠭᠤᠢ᠌ᠯᠠᠩ᠎ᠢ ᠪᠠᠢ᠌ᠭᠤᠯᠵᠤ᠂ 42 ᠠᠵᠤ ᠠᠬᠤᠢ᠌ᠯᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠵᠤ᠂ ᠣᠷᠣᠨ ᠨᠤᠲᠤᠭ᠎ᠢ ᠬᠠᠪᠰᠤᠷᠤᠨ ᠨᠢᠭᠡ ᠪᠦᠯᠦᠭ ᠭᠣᠣᠯᠳᠠᠯᠭ᠎ᠠ᠎ᠲᠠᠢ ᠣᠷᠴᠢᠨ ᠲᠣᠭᠣᠷᠢᠨ᠎ᠤ ᠠᠰᠠᠭᠤᠳᠠᠯ᠎ᠢ ᠢᠯᠡᠷᠡᠭᠦᠯᠵᠦ᠂ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠤᠪᠢ ᠨᠡᠮᠡᠷᠢ ᠦᠵᠡᠭᠦᠯᠵᠡᠢ᠃