ᠡᠨᠡ ᠵᠢᠯ᠎ᠤᠨ 6 ᠰᠠᠷ᠎ᠠ ᠵᠢᠨ 5᠎ᠤ ᠡᠳᠦᠷ ᠪᠣᠯ 52 ᠳ᠋ᠤᠭ᠋ᠠᠷ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ ᠪᠣᠯᠣᠨ᠎ᠠ᠂ 《ᠬᠥᠮᠥᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠣᠳᠣᠬᠢᠴᠢᠯᠠᠯᠲᠠ ᠵᠢ ᠪᠦᠲᠦᠭᠡᠨ ᠪᠠᠢ᠌ᠭᠤᠯᠬᠤ》᠎ᠪᠠᠷ ᠭᠣᠣᠯ ᠰᠡᠳᠦᠪ ᠪᠣᠯᠭ᠋ᠠᠵᠠᠢ᠃ 6 ᠰᠠᠷ᠎ᠠ ᠵᠢᠨ 4᠎ᠤ ᠦᠳᠡ ᠵᠢᠨ ᠡᠮᠦᠨ᠎ᠡ᠂ ᠲᠦᠩᠯᠢᠶᠣᠣ ᠬᠣᠲᠠ ᠵᠢᠨ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠲᠠᠯᠠᠪᠤᠷ᠎ᠤᠨ ᠠᠵᠢᠯᠯᠠᠭ᠎ᠠ ᠯᠢᠶᠣᠤ ᠾᠧ ᠴᠡᠴᠡᠷᠯᠢᠭ᠎ᠤᠨ ᠮᠣᠷᠢᠨ ᠬᠤᠭᠤᠷ ᠠᠭᠤᠳᠠᠮ ᠲᠠᠯᠠᠪᠠᠶ᠎ᠳᠤ ᠵᠢᠩᠬᠢᠨᠢ᠎ᠪᠠᠷ ᠡᠬᠢᠯᠡᠪᠡ᠃
ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠠᠵᠢᠯ᠎ᠤᠨ ᠪᠠᠢ᠌ᠷᠢᠨ᠎ᠳᠠᠭᠠᠨ ᠪᠠᠢ᠌ᠭ᠎ᠠ ᠪᠥᠬᠥ ᠨᠠᠮ᠎ᠤᠨ ᠭᠡᠰᠢᠭᠦᠨ ᠲᠣᠰ ᠤᠳᠠᠭ᠋ᠠᠨ᠎ᠤ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ ᠪᠥᠭᠡᠳ ᠲᠦᠩᠯᠢᠶᠣᠣ ᠬᠣᠲᠠ ᠵᠢᠨ ᠰᠠᠯᠪᠤᠷᠢ ᠠᠩᠭᠢ᠎ᠲᠠᠢ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠠᠮᠢ ᠠᠬᠤᠢ ᠵᠢᠨ ᠪᠣᠯᠪᠠᠰᠤᠨ᠎ᠤ ᠣᠢ᠌ᠯᠠᠭ᠋ᠠᠭᠳᠠᠬᠤᠨ᠎ᠤ ᠤᠯᠠᠮᠵᠢᠯᠠᠭᠴᠢ ᠪᠠ ᠦᠢ᠍ᠯᠡᠳᠦᠯᠭᠡᠵᠢᠭᠦᠯᠦᠭᠴᠢ ᠪᠣᠯᠤᠭᠰᠠᠨ ᠪᠠᠢ᠌ᠨ᠎ᠠ᠃
ᠡᠬᠢᠯᠡᠯᠲᠡ ᠵᠢᠨ ᠶᠣᠰᠣᠯᠠᠯ ᠳᠠᠭᠤᠰᠤᠭᠰᠠᠨ᠎ᠤ ᠳᠠᠷᠠᠭ᠎ᠠ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠪᠣᠯᠣᠨ ᠲᠦᠩᠯᠢᠶᠣᠣ ᠬᠣᠲᠠ ᠵᠢᠨ ᠰᠠᠯᠪᠤᠷᠢ ᠠᠩᠭᠢ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠣᠨᠴᠠᠯᠢᠭ᠎ᠤᠨ ᠲᠣᠭᠣᠷᠢᠨ᠎ᠳᠤ᠂ ᠲᠤᠬᠠᠢ ᠵᠢᠨ ᠲᠠᠯᠠᠪᠤᠷ᠎ᠲᠤ ᠬᠠᠷᠢᠭᠤᠯᠲᠠ ᠥᠭᠬᠦ᠂ ᠤᠬᠠᠭᠤᠯᠭ᠎ᠠ ᠵᠢᠨ ᠭᠠᠷ ᠠᠪᠤᠯᠭ᠎ᠠ ᠲᠠᠷᠬᠠᠭ᠋ᠠᠬᠤ ᠪᠠ ᠣᠷᠴᠢᠨ ᠲᠣᠭᠣᠷᠢᠨ᠎ᠢ ᠬᠠᠮᠠᠭ᠋ᠠᠯᠠᠬᠤ ᠬᠤᠳᠠᠯᠳᠤᠭ᠋ᠠᠨ᠎ᠤ ᠤᠭᠤᠲᠠ ᠲᠠᠷᠬᠠᠭ᠋ᠠᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠱᠠᠩᠨᠠᠬᠤ ᠠᠷᠭ᠎ᠠ (ᠲᠤᠷᠰᠢᠨ ᠬᠡᠷᠡᠭᠵᠢᠭᠦᠯᠬᠦ)》 ᠵᠡᠷᠭᠡ ᠠᠭᠤᠯᠭ᠎ᠠ ᠵᠢᠨ ᠲᠠᠯ᠎ᠠ᠎ᠪᠠᠷ ᠠᠵᠤ ᠠᠬᠤᠢ᠌ᠯᠠᠯ᠎ᠤᠨ ᠲᠥᠯᠥᠭᠡᠯᠡᠭᠴᠢ᠂ ᠨᠠᠭ᠋ᠠᠰᠢ ᠴᠠᠭ᠋ᠠᠰᠢ ᠥᠩᠭᠡᠷᠡᠬᠦ ᠤᠯᠠᠨ ᠲᠦᠮᠡᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠡᠷᠭᠡ ᠮᠡᠳᠡᠯᠭᠡ ᠵᠢ ᠲᠦᠭᠡᠮᠡᠯᠵᠢᠭᠦᠯᠵᠦ᠂ ᠠᠮᠢ ᠠᠬᠤᠢ ᠣᠷᠴᠢᠨ ᠨᠥᠬᠥᠴᠡᠯ᠎ᠤᠨ ᠬᠠᠮᠠᠭ᠋ᠠᠯᠠᠯᠲᠠ ᠵᠢᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠵᠦ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠢ ᠥᠷᠭᠡᠨ ᠵᠶ᠋ᠡᠷ ᠲᠠᠢ᠍ᠢ᠍ᠴᠢᠯᠠᠨ ᠪᠣᠬᠢᠷᠲᠤᠯ ᠦᠭᠡᠢ᠎ᠪᠠᠷ ᠠᠷᠪᠢᠯᠠᠨ ᠭᠠᠮᠨᠠᠬᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ᠎ᠤ ᠣᠢ᠌ᠯᠠᠭ᠋ᠠᠭᠳᠠᠬᠤᠨ᠎ᠢ ᠤᠬᠠᠮᠰᠠᠷ᠎ᠠᠴᠠ᠎ᠪᠠᠨ ᠪᠤᠢ ᠪᠣᠯᠭ᠋ᠠᠵᠤ᠂ ᠪᠦᠬᠦ ᠠᠷᠠᠳ᠎ᠤᠨ ᠠᠮᠢ ᠠᠬᠤᠢ ᠣᠷᠴᠢᠨ ᠲᠣᠭᠣᠷᠢᠨ᠎ᠤ ᠤᠬᠠᠮᠰᠠᠷ᠎ᠢ ᠲᠡᠭᠡᠭᠰᠢᠯᠡᠬᠦᠯᠬᠦ᠎ᠳᠤ ᠠᠬᠢᠭᠤᠯᠬᠤ ᠦᠢ᠍ᠯᠡᠳᠦᠯ ᠦᠵᠡᠭᠦᠯᠪᠡ᠃
ᠳᠠᠷᠠᠭ᠋ᠠᠴᠢ ᠵᠢᠨ ᠠᠯᠬᠤᠮ᠎ᠳᠤ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠲᠤᠰ ᠤᠳᠠᠭ᠋ᠠᠨ᠎ᠤ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠡᠯ᠎ᠡ ᠭᠣᠭᠴᠣᠭ᠎ᠠ᠎ᠳᠤ ᠠᠭᠤᠰᠬᠠᠨ ᠣᠷᠣᠭᠤᠯᠵᠤ᠂ ᠬᠠᠤᠯᠢ ᠴᠠᠭ᠋ᠠᠵᠠ ᠵᠢ ᠠᠵᠤ ᠠᠬᠤᠢ᠌ᠯᠠᠯ᠂ ᠨᠡᠢ᠌ᠭᠡᠮ ᠲᠣᠭᠣᠷᠢᠭ᠎ᠲᠤ ᠬᠦᠷᠭᠡᠨ᠂ ᠨᠡᠢ᠌ᠭᠡᠮ᠎ᠤᠨ ᠡᠯ᠎ᠡ ᠡᠲᠡᠭᠡᠳ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠬᠠᠮᠲᠤ᠎ᠪᠠᠷ ᠣᠷᠣᠯᠴᠠᠭᠤᠯᠵᠤ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠪᠣᠬᠢᠷᠲᠤᠯ ᠦᠭᠡᠢ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠡᠷᠡᠰ ᠰᠠᠬᠢᠨ ᠬᠠᠮᠠᠭ᠋ᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠲᠦᠭᠡᠨ ᠪᠠᠢ᠌ᠭᠤᠯᠬᠤ᠎ᠳᠤ ᠬᠤᠪᠢ ᠨᠡᠮᠡᠷᠢ᠎ᠪᠠᠨ ᠦᠵᠡᠭᠦᠯᠬᠦ᠎ᠪᠠᠷ ᠴᠢᠷᠮᠠᠢ᠌ᠨ᠎ᠠ᠃