ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-07-10

      5 ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠥᠪᠡᠷᠲᠡᠭᠡᠨ ᠵᠠᠰᠠᠬᠤ ᠣᠷᠣᠨ᠎ᠤ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠬᠤᠷᠠᠯᠳᠤᠭᠤᠯᠵᠤ᠂ ᠪᠥᠬᠥ ᠨᠠᠮ᠎ᠤᠨ ᠭᠡᠰᠢᠭᠦᠨ ᠺᠠᠳ᠋ᠷ 2023 ᠣᠨ᠎ᠤ ᠪᠥᠬᠥ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠭᠰᠠᠨ ᠪᠠᠶ᠋ᠢᠳᠠᠯ ᠵᠢᠴᠢ ᠣᠢ᠌ᠷ᠎ᠠ ᠵᠢᠨ ᠬᠤᠭᠤᠴᠠᠭ᠋ᠠᠨ᠎ᠤ ᠠᠵᠢᠯ᠎ᠤᠨ ᠰᠤᠷᠤᠯᠴᠠᠯᠭ᠎ᠠ ᠵᠢᠨ ᠪᠣᠳᠠᠲᠠᠢ᠎ᠲᠠᠢ ᠤᠶᠠᠯᠳᠤᠭᠤᠯᠤᠨ ᠰᠤᠳᠤᠯᠤᠨ ᠶᠠᠷᠢᠯᠴᠠᠵᠤ᠂ ᠰᠤᠷᠤᠯᠴᠠᠭᠰᠠᠨ ᠣᠯᠣᠯᠲᠠ ᠲᠥᠷᠥᠭᠳᠡᠯ ᠵᠶ᠋ᠡᠨ ᠰᠣᠯᠢᠯᠴᠠᠪᠠ᠃ ᠨᠠᠮ᠎ᠤᠨ ᠡᠭᠦᠷ᠎ᠤᠨ ᠱᠦᠵᠢ᠂ ᠠᠩᠭᠢ ᠵᠢᠨ ᠳᠠᠷᠤᠭ᠎ᠠ ᠴᠧᠨ ᠵᠢᠶᠦ᠋ᠨ ᠨᠥᠬᠥᠷ ᠬᠤᠷᠠᠯ᠎ᠢ ᠡᠷᠬᠢᠯᠡᠭᠰᠡᠨ ᠪᠥᠭᠡᠳ ᠡᠩ ᠲᠡᠷᠢᠭᠦᠨ᠎ᠳᠤ ᠰᠠᠨᠠᠯ ᠵᠶ᠋ᠠᠨ ᠰᠣᠯᠢᠯᠴᠠᠵᠤ ᠶᠠᠷᠢᠶ᠎ᠠ ᠲᠠᠯᠪᠢᠪᠠ᠃

      ᠬᠤᠷᠠᠯ ᠳᠡᠭᠡᠷ᠎ᠡ᠂ ᠤᠯᠠᠨ ᠵᠶ᠋ᠠᠷ ᠵᠶ᠋ᠠᠨ ᠢᠳᠡᠪᠬᠢᠲᠡᠢ᠎ᠪᠠᠷ ᠪᠤᠳᠤᠯ ᠰᠠᠨᠠᠯ ᠵᠶ᠋ᠠᠨ ᠳᠡᠯᠭᠡᠵᠦ᠂ ᠰᠣᠯᠢᠯᠴᠠᠭ᠋ᠠᠨ᠎ᠤ ᠠᠭᠤᠷ ᠠᠮᠢᠰᠬᠤᠯ ᠬᠦᠷ ᠬᠥᠭᠵᠢᠶᠡᠨᠲᠡᠢ ᠪᠠᠢ᠌ᠯ᠎ᠠ᠃ ᠤᠯᠠᠨ ᠵᠶ᠋ᠠᠷ ᠵᠶ᠋ᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠶᠢᠷᠲᠢᠨᠴᠦ ᠵᠢᠨ ᠦᠵᠡᠯᠲᠡ ᠪᠣᠯᠣᠨ ᠠᠷᠭ᠎ᠠ ᠵᠢᠨ ᠤᠨᠤᠯ᠎ᠢ ᠯᠠᠪᠳᠠᠭᠤᠨ ᠪᠠᠲᠤᠲᠠᠢ ᠰᠤᠷᠤᠯᠴᠠᠨ ᠰᠠᠶ᠋ᠢᠲᠤᠷ ᠬᠡᠷᠡᠭᠯᠡᠵᠦ᠂ ᠲᠤᠰ ᠤᠳᠠᠭ᠎ᠠ ᠵᠢᠨ ᠭᠣᠣᠯ ᠰᠡᠳᠦᠪᠲᠦ ᠬᠥᠮᠦᠵᠢᠯ ᠵᠶ᠋ᠡᠷ ᠠᠵᠠ ᠲᠣᠬᠢᠶᠠᠯ ᠪᠣᠯᠭ᠋ᠠᠵᠤ᠂ ᠤᠨᠤᠯ ᠵᠶ᠋ᠠᠷ ᠵᠡᠪᠰᠡᠭᠯᠡᠬᠦ ᠵᠢ ᠭᠦᠨᠵᠡᠭᠡᠢ᠌ᠷᠡᠭᠦᠯᠵᠦ᠂ ᠦᠢ᠍ᠯᠡᠳᠦᠯᠭᠡ ᠵᠢᠨ ᠬᠡᠷᠡᠭᠯᠡᠯᠲᠡ ᠵᠢ ᠴᠢᠩᠭ᠋ᠠᠳᠬᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠨᠠᠢ᠌ᠳᠠᠪᠤᠷᠢᠵᠢᠭᠤᠯᠬᠤ ᠪᠠ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠷᠡᠰ ᠪᠠᠲᠤ ᠬᠦᠰᠡᠯᠡᠩ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠪᠠ ᠦᠢ᠍ᠯᠡᠳᠦᠯᠭᠡ ᠵᠢ ᠵᠢᠯᠤᠭᠣᠳᠬᠤ᠂ ᠠᠵᠢᠯ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭ᠋ᠠᠨ ᠬᠤᠪᠢᠷᠠᠭᠤᠯᠤᠨ᠎ᠠ ᠭᠡᠵᠡᠭᠡᠪᠡ᠃

      ᠰᠤᠳᠤᠯᠤᠨ ᠶᠠᠷᠢᠯᠴᠠᠬᠤ ᠬᠤᠷᠠᠯ᠎ᠤᠨ ᠳᠠᠷᠠᠭ᠎ᠠ᠂ ᠠᠠᠭ᠌ᠬᠢ ᠵᠢᠨ ᠨᠠᠮ᠎ᠤᠨ ᠡᠭᠦᠷ᠎ᠤᠨ ᠭᠣᠣᠯ ᠰᠡᠳᠦᠪᠲᠦ ᠬᠥᠮᠦᠵᠢᠯ ᠰᠤᠷᠤᠯᠴᠠᠯᠭ᠎ᠠ ᠵᠢᠨ ᠨᠠᠷᠢᠨ ᠲᠠᠩᠰᠠ ᠵᠢᠨ ᠶᠣᠰᠣᠭ᠋ᠠᠷ ᠬᠤᠷᠠᠯ᠎ᠳᠤ ᠣᠷᠣᠯᠴᠠᠭᠰᠠᠳ᠎ᠢ ᠵᠣᠬᠢᠶᠠᠨ ᠪᠠᠢ᠌ᠭᠤᠯᠤᠨ ᠲᠥᠪᠯᠡᠷᠡᠩᠭᠦᠢ ᠰᠤᠷᠤᠯᠴᠠᠯᠭ᠎ᠠ ᠥᠷᠨᠢᠭᠦᠯᠵᠦ᠂ ᠤᠯᠠᠨ ᠵᠶ᠋ᠠᠷ ᠵᠶ᠋ᠠᠨ 《ᠰᠢ ᠵᠢᠨ ᠫᠢᠡᠭ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠲᠤᠰᠬᠠᠢ ᠰᠡᠳᠦᠪᠲᠦ ᠲᠡᠭᠦᠪᠦᠷᠢ》 《ᠰᠢ ᠵᠢᠨ ᠫᠢᠡᠭ᠎ᠤᠨ ᠵᠣᠬᠢᠶᠠᠯ᠎ᠤᠨ ᠰᠣᠩᠭᠣᠮᠠᠯ》᠎ᠤᠨ ᠨᠢᠭᠡᠳᠦᠭᠡᠷ ᠪᠣᠳᠢ ᠵᠢᠨ ᠬᠡᠰᠡᠭ ᠠᠭᠤᠯᠭ᠎ᠠ ᠵᠢ ᠡᠭᠡᠯᠵᠢᠯᠡᠨ ᠰᠤᠷᠤᠯᠴᠠᠪᠠ᠃ ᠴᠧᠨ ᠵᠢᠶᠦ᠋ᠨ ᠨᠥᠬᠥᠷ᠂ ᠮᠠᠨ᠎ᠤ ᠠᠩᠭᠢ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ ᠵᠢ ᠭᠣᠣᠯ ᠠᠵᠢᠯ᠎ᠢ ᠠᠬᠢᠭᠤᠯᠬᠤ᠎ᠲᠠᠢ ᠦᠨᠡᠨᠬᠦ ᠤᠶᠠᠯᠳᠤᠭᠤᠯᠵᠤ᠂ ᠦᠨᠳᠦᠰᠦᠨ ᠡᠭᠦᠷᠭᠡ ᠵᠢ ᠪᠡᠶᠡᠯᠡᠭᠦᠯᠬᠦ ᠵᠢ ᠪᠠᠲᠤᠯᠠᠵᠤ᠂ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠣᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠺᠠᠳ᠋ᠷ᠎ᠢ ᠠᠬᠢᠭᠤᠯᠬᠤ ᠲᠠᠯ᠎ᠠ᠎ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠥᠪᠯᠡᠷᠡᠭᠦᠯᠦᠨ ᠨᠣᠮ ᠤᠩᠰᠢᠵᠤ ᠰᠤᠷᠤᠯᠴᠠᠬᠤ ᠬᠤᠷᠠᠯ ᠬᠤᠷᠠᠯᠳᠤᠭᠤᠯᠪᠠ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ 《ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ ᠶᠢᠷᠲᠢᠨᠴᠦ ᠵᠢᠨ ᠦᠵᠡᠯᠲᠡ ᠠᠷᠭ᠎ᠠ ᠵᠢᠨ ᠤᠨᠤᠯ》 ᠭᠡᠬᠦ ᠲᠤᠰᠬᠠᠢ ᠰᠡᠳᠦᠪᠲᠦ ᠲᠠᠢ᠌ᠯᠤᠮᠵᠢ ᠵᠢ ᠰᠣᠨᠢᠷᠬᠠᠪᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠠᠬᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠢᠳᠡᠪᠬᠢᠲᠡᠢ᠎ᠪᠠᠷ ᠬᠥᠮᠥᠨ ᠲᠣᠮᠢᠯᠠᠨ 2023 ᠣᠨ᠎ᠤ ᠵᠢᠷᠭᠤᠳᠤᠭ᠋ᠠᠷ ᠡᠭᠡᠯᠵᠢ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠭᠤᠯᠵᠠᠢ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠢᠳᠡᠪᠬᠢᠲᠡᠢ᠎ᠪᠠᠷ ᠬᠥᠮᠥᠨ ᠲᠣᠮᠢᠯᠠᠨ 2023 ᠣᠨ᠎ᠤ ᠨᠠᠢ᠍ᠮᠠᠳᠤᠭ᠋ᠠᠷ ᠡᠭᠡᠯᠵᠢ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠭᠤᠯᠵᠠᠢ
 
             蒙ICP备05000248号