ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠬᠦ ᠵᠢᠨ ᠲᠥᠯᠥᠭᠡ᠂ ᠣᠢ᠌ᠷ᠎ᠠ᠎ᠳᠤ᠂ ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠪᠦᠬᠦ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢ᠌ᠭᠤᠯᠤᠨ ᠭᠣᠣᠯ ᠰᠡᠳᠦᠪᠲᠦ ᠬᠥᠮᠦᠵᠢᠯ᠎ᠤᠨ ᠲᠥᠪᠯᠡᠷᠡᠭᠦᠯᠦᠨ ᠨᠣᠮ ᠤᠩᠰᠢᠵᠤ ᠰᠤᠷᠤᠯᠴᠠᠬᠤ ᠬᠤᠷᠠᠯ ᠬᠤᠷᠠᠯᠳᠤᠭᠤᠯᠵᠤ᠂ ᠨᠠᠮ᠎ᠤᠨ ᠡᠭᠦᠷ᠎ᠤᠨ ᠱᠦᠵᠢ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠴᠢ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ᠎ᠤᠨ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠤᠯᠠᠮᠵᠢᠯᠠᠨ ᠰᠤᠷᠤᠯᠴᠠᠪᠠ᠃
ᠨᠠᠮ᠎ᠤᠨ ᠡᠭᠦᠷ᠎ᠤᠨ ᠱᠦᠵᠢ᠂ ᠭᠣᠣᠯ ᠰᠡᠳᠦᠪᠲᠦ ᠬᠥᠮᠦᠵᠢᠯ᠎ᠢ ᠥᠷᠨᠢᠭᠦᠯᠬᠦ ᠵᠢᠨ ᠶᠡᠷᠦᠩᠬᠡᠢ ᠱᠠᠭ᠋ᠠᠷᠳᠠᠯᠭ᠎ᠠ ᠪᠣᠯ 《ᠦᠵᠡᠯ ᠰᠠᠨᠠᠭ᠎ᠠ ᠵᠢ ᠰᠤᠷᠤᠯᠴᠠᠵᠤ᠂ ᠨᠠᠮᠴᠢ ᠴᠢᠨᠠᠷ᠎ᠢ ᠴᠢᠩᠭ᠋ᠠᠳᠬᠠᠨ᠂ ᠦᠢ᠍ᠯᠡᠳᠦᠯᠭᠡ ᠵᠢ ᠴᠢᠬᠤᠯᠠᠴᠢᠯᠠᠵᠤ᠂ ᠰᠢᠨ᠎ᠡ ᠭᠠᠪᠢᠶ᠎ᠠ ᠪᠠᠢ᠌ᠭᠤᠯᠬᠤ》 ᠶᠠᠪᠤᠳᠠᠯ ᠪᠣᠯᠣᠨ᠎ᠠ᠂ ᠦᠨᠳᠦᠰᠦᠨ ᠡᠭᠦᠷᠭᠡ ᠪᠣᠯ ᠰᠤᠷᠤᠯᠴᠠᠬᠤ ᠰᠡᠳᠬᠢᠬᠦ ᠬᠡᠷᠡᠭᠯᠡᠬᠦ ᠵᠢ ᠲᠤᠭᠤᠰᠢᠯᠠᠭᠤᠯᠬᠤ ᠮᠡᠳᠡᠬᠦᠢ ᠢᠲᠡᠭᠡᠬᠦᠢ ᠬᠢᠬᠦᠢ ᠵᠢ ᠨᠢᠭᠡᠳᠦᠯᠲᠡᠢ ᠪᠠᠢ᠌ᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠡᠷᠡᠰ ᠪᠠᠲᠤ ᠬᠦᠰᠡᠯᠡᠩ ᠪᠣᠯᠭ᠋ᠠᠨ ᠬᠤᠪᠢᠷᠠᠭᠤᠯᠵᠤ᠂ ᠨᠠᠮᠴᠢ ᠴᠢᠨᠠᠷ᠎ᠢ ᠳᠠᠪᠲᠠᠨ ᠪᠣᠯᠪᠠᠰᠤᠷᠠᠭᠤᠯᠬᠤ ᠪᠠ ᠦᠢ᠍ᠯᠡᠳᠦᠯᠭᠡ ᠵᠢ ᠵᠢᠯᠤᠭᠣᠳᠬᠤ᠂ ᠠᠵᠢᠯ᠎ᠢ ᠠᠬᠢᠭᠤᠯᠬᠤ ᠬᠦᠴᠦᠷᠬᠡᠭ ᠶᠡᠬᠡ ᠬᠦᠴᠦᠨ ᠪᠣᠯᠭ᠋ᠠᠨ ᠬᠤᠪᠢᠷᠠᠭᠤᠯᠬᠤ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃ ᠪᠦᠬᠦ ᠨᠠᠮ᠎ᠤᠨ ᠭᠡᠰᠢᠭᠦᠨ ᠺᠠᠳ᠋ᠷ ᠲᠢᠩᠬᠢᠮ ᠪᠣᠯᠣᠨ ᠶᠡᠷᠦᠩᠬᠡᠢ ᠠᠩᠭᠢ ᠵᠢᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠰᠤᠷᠤᠯᠴᠠᠯᠭ᠎ᠠ᠎ᠪᠠᠷ ᠭᠠᠷᠤᠭ᠎ᠠ ᠪᠣᠯᠭ᠋ᠠᠬᠤ ᠵᠢ ᠪᠠᠷᠢᠮᠲᠠᠯᠠᠵᠤ᠂ ᠭᠦᠨᠵᠡᠭᠡᠢ ᠰᠤᠷᠤᠯᠴᠠᠨ ᠨᠠᠷᠢᠨ ᠬᠢᠨᠠᠮᠠᠭ᠋ᠠᠢ ᠪᠠᠷᠢᠮᠲᠠᠯᠠᠨ ᠦᠨᠡᠨᠴᠢ ᠰᠢᠳᠤᠷᠭᠤ᠎ᠪᠠᠷ ᠬᠡᠷᠡᠭᠵᠢᠭᠦᠯᠬᠦ ᠳᠤᠮᠳᠠ ᠤᠨᠤᠯ᠎ᠤᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠵᠦ᠂ ᠬᠦᠰᠡᠯᠡᠩ ᠢᠲᠡᠭᠡᠯ ᠵᠣᠷᠢᠭ ᠵᠶ᠋ᠠᠨ ᠪᠠᠲᠤᠳᠬᠠᠨ᠂ ᠤᠬᠠᠮᠰᠠᠷ᠎ᠤᠨ ᠲᠦᠪᠰᠢᠨ ᠵᠶ᠋ᠡᠨ ᠳᠡᠭᠡᠭᠰᠢᠯᠡᠭᠦᠯᠵᠦ᠂ ᠴᠢᠳᠠᠪᠤᠷᠢ᠎ᠪᠠᠨ ᠳᠡᠭᠡᠭᠰᠢᠯᠡᠭᠦᠯᠵᠦ᠂ ᠢᠮᠠᠭᠲᠠ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠦᠨᠳᠦᠰᠦᠨ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠣᠳᠠᠲᠤ ᠪᠠᠶ᠋ᠢᠳᠠᠯ᠎ᠲᠠᠢ᠎ᠪᠠᠨ ᠨᠢᠭᠲᠠ ᠤᠶᠠᠯᠳᠤᠭᠤᠯᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ᠎ᠳᠤ ᠬᠦᠴᠦ ᠨᠡᠮᠡᠷᠢᠯᠡᠵᠦ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ᠎ᠲᠠᠢ ᠨᠢᠭᠲᠠ ᠤᠶᠠᠯᠳᠤᠭᠤᠯᠤᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠲᠤᠪᠤᠢ᠍ᠢ᠍ᠯᠭ᠋ᠠᠵᠦ᠂ ᠤᠯᠠᠨ ᠲᠦᠮᠡᠨ᠎ᠤ ᠠᠩᠬᠠᠷᠴᠤ ᠪᠠᠢ᠌ᠭ᠎ᠠ ᠣᠷᠴᠢᠨ ᠲᠣᠭᠣᠷᠢᠨ᠎ᠤ ᠠᠰᠠᠭᠤᠳᠠᠯ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠦᠨᠡᠨ ᠰᠡᠳᠬᠢᠯ᠎ᠠᠴᠠ᠎ᠪᠠᠨ ᠪᠣᠳᠠᠲᠠᠢ ᠶᠠᠪᠤᠳᠠᠯ ᠬᠢᠵᠦ ᠠᠷᠠᠳ᠎ᠤᠨ ᠵᠣᠪᠠᠨᠢᠯ᠎ᠢ ᠰᠢᠢ᠍ᠳᠪᠦᠷᠢᠯᠡᠵᠦ᠂ ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠭᠦᠨᠵᠡᠭᠡᠢ ᠠᠬᠢᠭᠤᠯᠬᠤ ᠵᠢ ᠪᠠᠲᠤᠯᠠᠵᠤ᠂ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠣᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠲᠠᠯ᠎ᠠ᠎ᠪᠠᠷ ᠦᠨᠡᠨ ᠪᠣᠳᠠᠲᠠᠢ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃