ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠠᠬᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠶ᠋ᠢᠲᠡᠯᠡᠭᠰᠡᠨ ᠴᠠᠭ᠄ 2023-07-10

      ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠭᠣᠣᠯ ᠰᠡᠳᠦᠪᠲᠦ ᠬᠥᠮᠦᠵᠢᠯ᠎ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠠᠬᠢᠭᠤᠯᠬᠤ ᠵᠢᠨ ᠲᠥᠯᠥᠭᠡ᠂ 6 ᠰᠠᠷ᠎ᠠ ᠵᠢᠨ 20᠎ᠤ ᠦᠳᠡ ᠵᠢᠨ ᠡᠮᠦᠨ᠎ᠡ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ 《ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ》 ᠵᠢᠨ ᠲᠣᠭᠣᠷᠢᠨ᠎ᠳᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠵᠡᠢ᠃

      ᠪᠥᠬᠥ ᠨᠠᠮ᠎ᠤᠨ ᠭᠡᠰᠢᠭᠦᠨ ᠺᠠᠳ᠋ᠷ ᠡᠩ ᠲᠡᠷᠢᠭᠦᠨ᠎ᠳᠤ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ  ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ᠂ ᠶᠡᠷᠦᠩᠬᠡᠢ ᠱᠦᠵᠢ ᠵᠢᠨ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠲᠤᠰᠬᠠᠢ ᠰᠡᠳᠦᠪᠲᠦ ᠮᠡᠳᠡᠭᠡᠯᠡᠯ᠎ᠢ ᠦᠵᠡᠭᠰᠡᠨ ᠪᠥᠭᠡᠳ ᠶᠡᠷᠦᠩᠬᠡᠢ ᠱᠦᠵᠢ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠨ ᠲᠣᠭᠣᠷᠢᠨ᠎ᠳᠤ᠂ ᠲᠣᠰ ᠪᠡᠶ᠎ᠡ ᠵᠢᠨ ᠠᠵᠢᠯ᠎ᠤᠨ ᠪᠣᠳᠠᠲᠤ ᠪᠠᠶ᠋ᠢᠳᠠᠯ ᠪᠠ ᠣᠢ᠌ᠷ᠎ᠠ ᠵᠢᠨ ᠬᠤᠭᠤᠴᠠᠭ᠋ᠠᠨ᠎ᠤ ᠰᠤᠷᠤᠯᠴᠠᠭᠰᠠᠨ ᠣᠯᠣᠯᠲᠠ ᠲᠥᠷᠥᠭᠳᠡᠯ᠎ᠲᠠᠢ᠎ᠪᠠᠨ ᠤᠶᠠᠯᠳᠤᠭᠤᠯᠤᠨ ᠨᠢᠭᠡ ᠤᠳᠠᠭ᠋ᠠᠨ᠎ᠤ ᠰᠣᠯᠢᠯᠴᠠᠭ᠎ᠠ ᠰᠤᠳᠤᠯᠤᠯᠲᠠ ᠥᠷᠨᠢᠭᠦᠯᠪᠡ᠃ ᠳᠠᠷᠠᠭ᠎ᠠ᠎ᠳᠤᠨᠢ᠂ ᠨᠠᠮ᠎ᠤᠨ ᠡᠭᠦᠷ᠎ᠤᠨ ᠱᠦᠵᠢ᠂ ᠠᠩᠭᠢ ᠵᠢᠨ ᠳᠠᠷᠤᠭ᠎ᠠ ᠴᠧᠨ ᠵᠢᠶᠦ᠋ᠨ ᠨᠥᠬᠥᠷ 《ᠭᠣᠣᠯ ᠰᠡᠳᠦᠪᠲᠦ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠬᠦ᠎ᠳᠤ 〈ᠳᠥᠷᠪᠡᠨ ᠢᠮᠠᠭᠲᠠ〉᠎ᠪᠠᠷ ᠰᠢᠨ᠎ᠡ ᠠᠶᠠᠨ ᠵᠠᠮ᠎ᠳᠤ ᠡᠷᠡᠯᠬᠡᠭᠯᠡᠨ ᠤᠷᠤᠭᠰᠢᠯᠠᠬᠤ ᠰᠡᠳᠬᠢᠯ᠎ᠢ ᠨᠢᠭᠲᠠᠷᠠᠭᠤᠯᠤᠨ ᠬᠦᠴᠦᠨ᠎ᠢ ᠨᠢᠭᠲᠠᠷᠠᠭᠤᠯᠬᠤ》᠎ᠪᠠᠷ ᠭᠣᠣᠯ ᠰᠡᠳᠦᠪ ᠪᠣᠯᠭ᠋ᠠᠵᠤ᠂ ᠪᠦᠬᠦ ᠨᠠᠮ᠎ᠤᠨ ᠭᠡᠰᠢᠭᠦᠨ ᠺᠠᠳ᠋ᠷ᠎ᠲᠤ ᠨᠢᠭᠡ ᠤᠳᠠᠭ᠋ᠠᠨ᠎ᠤ ᠲᠤᠰᠬᠠᠢ ᠰᠡᠳᠦᠪᠲᠦ ᠨᠠᠮ᠎ᠤᠨ ᠬᠢᠴᠢᠶᠡᠯ ᠣᠷᠣᠪᠠ᠃

      ᠤᠯᠠᠨ ᠵᠶ᠋ᠠᠷ ᠵᠶ᠋ᠠᠨ ᠰᠤᠷᠤᠯᠴᠠᠬᠤ᠂ ᠰᠤᠳᠤᠯᠤᠨ ᠶᠠᠷᠢᠯᠴᠠᠬᠤ᠂ ᠰᠣᠯᠢᠯᠴᠠᠬᠤ᠂ ᠰᠣᠨᠣᠰᠬᠤ᠎ᠪᠠᠷ ᠳᠠᠮᠵᠢᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠵᠢᠨ ᠴᠢᠬᠤᠯᠠ ᠶᠡᠬᠡ ᠠᠴᠢ ᠬᠣᠯᠪᠣᠭᠳᠠᠯ᠎ᠤᠨ ᠲᠤᠬᠠᠢ ᠨᠡᠩ ᠭᠦᠨᠵᠡᠭᠡᠢ ᠲᠠᠨᠢᠯᠲᠠ᠎ᠲᠠᠢ ᠪᠣᠯᠵᠠᠢ᠃ ᠤᠯᠠᠨ ᠵᠶ᠋ᠠᠷ ᠵᠶ᠋ᠠᠨ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠬᠤ ᠵᠢ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠨᠠᠢ᠌ᠳᠠᠪᠤᠷᠢᠵᠢᠭᠤᠯᠬᠤ᠎ᠲᠠᠢ ᠨᠢᠭᠲᠠ ᠤᠶᠠᠯᠳᠤᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠢ ᠠᠬᠢᠭᠤᠯᠬᠤ᠎ᠲᠠᠢ ᠨᠢᠭᠲᠠ ᠤᠶᠠᠯᠳᠤᠭᠤᠯᠵᠤ᠂ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠵᠢᠨ ᠲᠦᠪᠰᠢᠨ ᠵᠶ᠋ᠡᠨ ᠲᠠᠰᠤᠷᠠᠯᠳᠡ ᠦᠭᠡᠢ ᠳᠡᠭᠡᠭᠰᠢᠯᠡᠭᠦᠯᠵᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠢᠯᠡᠳᠬᠡᠵᠡᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠢᠳᠡᠪᠬᠢᠲᠡᠢ᠎ᠪᠠᠷ ᠬᠥᠮᠥᠨ ᠲᠣᠮᠢᠯᠠᠨ 2023 ᠣᠨ᠎ᠤ ᠵᠢᠷᠭᠤᠳᠤᠭ᠋ᠠᠷ ᠡᠭᠡᠯᠵᠢ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠭᠤᠯᠵᠠᠢ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠢᠳᠡᠪᠬᠢᠲᠡᠢ᠎ᠪᠠᠷ ᠬᠥᠮᠥᠨ ᠲᠣᠮᠢᠯᠠᠨ 2023 ᠣᠨ᠎ᠤ ᠨᠠᠢ᠍ᠮᠠᠳᠤᠭ᠋ᠠᠷ ᠡᠭᠡᠯᠵᠢ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠭᠤᠯᠵᠠᠢ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠲᠦᠩᠯᠢᠶᠣᠣ ᠬᠤᠳᠠ ᠵᠢᠨ ᠰᠠᠯᠪᠤᠷᠢ ᠠᠩᠭᠢ᠎ᠲᠠᠢ ᠬᠠᠮᠲᠤᠷᠠᠨ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠬᠠᠪᠰᠤᠷᠤᠨ ᠲᠡᠳᠬᠦᠬᠦ ᠠᠵᠢᠯ᠎ᠢ ᠢᠳᠡᠪᠬᠢᠲᠡᠢ ᠥᠷᠨᠢᠭᠦᠯᠪᠡ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
 
             蒙ICP备05000248号