ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠢᠳᠡᠪᠬᠢᠲᠡᠢ᠎ᠪᠠᠷ ᠬᠥᠮᠥᠨ ᠲᠣᠮᠢᠯᠠᠨ 2023 ᠣᠨ᠎ᠤ ᠨᠠᠢ᠍ᠮᠠᠳᠤᠭ᠋ᠠᠷ ᠡᠭᠡᠯᠵᠢ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠭᠤᠯᠵᠠᠢ
ᠨᠡᠶ᠋ᠢᠲᠡᠯᠡᠭᠰᠡᠨ ᠴᠠᠭ᠄ 2023-07-10

      ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠲᠤᠬᠠᠢ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ 2023 ᠣᠨ᠎ᠤ ᠭᠣᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠢ ᠯᠠᠪᠳᠠᠭᠤᠨ ᠪᠠᠲᠤᠲᠠᠢ᠂ ᠡᠮᠬᠢ ᠵᠢᠷᠤᠮ᠎ᠲᠠᠢ᠂ ᠥᠨᠳᠥᠷ ᠪᠦᠲᠦᠮᠵᠢᠲᠡᠢ᠎ᠪᠠᠷ ᠰᠠᠶ᠋ᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ ᠪᠠ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠶᠣᠰᠣᠭ᠋ᠠᠷ᠂ ᠣᠢ᠌ᠷ᠎ᠠ᠎ᠳᠤ᠂ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ᠎ᠬᠢᠨ 3 ᠠᠵᠢᠯᠲᠠᠨ᠎ᠢ ᠲᠠᠲᠠᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠴᠢ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠵᠢᠯᠲᠠᠨ᠎ᠲᠠᠢ ᠬᠠᠮᠲᠤᠷᠠᠨ ᠯᠦᠧᠧᠶᠠᠩ ᠬᠣᠲᠠ ᠵᠢᠨ ᠲᠤᠰᠬᠠᠢ ᠮᠡᠷᠭᠡᠵᠢᠯ᠎ᠤᠨ 26 ᠳᠤᠭᠤᠢ᠌ᠯᠠᠩ ᠪᠠᠢ᠌ᠭᠤᠯᠵᠤ᠂ ᠯᠦᠧᠧᠶᠠᠩ ᠬᠣᠲᠠ᠎ᠳᠤ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ ᠥᠷᠨᠢᠭᠦᠯᠪᠡ᠃

      ᠬᠠᠪᠰᠤᠷᠤᠨ ᠲᠡᠳᠬᠦᠬᠦ ᠬᠤᠳᠠ᠎ᠳᠤ ᠣᠷᠣᠵᠤ ᠰᠠᠭᠤᠭᠰᠠᠨ᠎ᠤ ᠳᠠᠷᠠᠭ᠎ᠠ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠳᠤᠭᠤᠢ᠌ᠯᠠᠩ ᠲᠡᠷᠡ ᠳᠠᠷᠤᠢ᠎ᠳᠤᠨᠢ ᠲᠦᠷ ᠴᠠᠭ᠎ᠤᠨ ᠨᠠᠮ᠎ᠤᠨ ᠡᠭᠦᠷ᠎ᠢ ᠪᠠᠢ᠌ᠭᠤᠯᠤᠭᠰᠠᠨ ᠪᠥᠭᠡᠳ ᠨᠠᠮ᠎ᠤᠨ ᠡᠭᠦᠷ᠎ᠤᠨ ᠠᠩᠬᠠᠳᠤᠭ᠋ᠠᠷ ᠤᠳᠠᠭ᠎ᠠ ᠵᠢᠨ ᠬᠤᠷᠠᠯ᠎ᠢ ᠬᠤᠷᠠᠯᠳᠤᠭᠤᠯᠵᠤ᠂ ᠲᠦᠷ ᠴᠠᠭ᠎ᠤᠨ ᠨᠠᠮ᠎ᠤᠨ ᠡᠭᠦᠷ᠎ᠤᠨ ᠱᠦᠵᠢ ᠪᠣᠯᠣᠨ ᠰᠠᠬᠢᠯᠭ᠎ᠠ ᠪᠠᠲᠤ ᠪᠠᠢ᠌ᠴᠠᠭ᠋ᠠᠬᠤ ᠭᠡᠰᠢᠭᠦᠨ᠎ᠢ ᠰᠣᠩᠭᠣᠨ ᠭᠠᠷᠭ᠋ᠠᠵᠤ᠂ ᠠᠵᠢᠯ᠎ᠤᠨ ᠰᠠᠬᠢᠯᠭ᠎ᠠ ᠪᠠᠲᠤ ᠵᠢ ᠴᠠᠭ ᠲᠤᠬᠠᠢ᠎ᠳᠤᠨᠢ ᠴᠢᠩᠳᠠᠯᠠᠪᠠ᠃ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠤᠨ ᠳᠤᠮᠳᠠ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠳᠤᠭᠤᠢ᠌ᠯᠠᠩ᠎ᠤᠨ ᠠᠵᠢᠯ᠎ᠤᠨ ᠬᠠᠷᠠᠯᠲᠠ ᠲᠣᠳᠣᠷᠬᠠᠢ᠂ ᠰᠡᠳᠬᠢᠴᠡ ᠲᠣᠳᠣᠷᠬᠠᠢ᠂ ᠭᠣᠣᠯᠳᠠᠯᠭ᠎ᠠ ᠵᠢ ᠲᠣᠪᠤᠢ᠌ᠯᠭ᠋ᠠᠨ᠂ ᠳᠤᠭᠤᠢ᠌ᠯᠠᠩ ᠬᠤᠪᠢᠶᠠᠵᠤ ᠬᠠᠪᠰᠤᠷᠤᠨ ᠲᠡᠳᠬᠦᠬᠦ ᠪᠠ ᠨᠢᠭᠲᠠ ᠬᠠᠮᠵᠢᠯᠴᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠡᠷ ᠳᠠᠮᠵᠢᠭᠤᠯᠤᠨ ᠠᠮᠢᠳᠤᠯᠢᠭ ᠵᠶ᠋ᠠᠷ ᠥᠷᠨᠢᠭᠦᠯᠵᠦ᠂ ᠠᠰᠠᠭᠤᠳᠠᠯ᠎ᠢ ᠣᠯᠵᠤ ᠮᠡᠳᠡᠪᠡᠯ ᠪᠠᠢ᠌ᠯᠳᠤᠬᠤ ᠠᠷᠭ᠎ᠠ ᠵᠢᠨ ᠪᠠᠢ᠌ᠯᠳᠤᠬᠤ ᠠᠷᠭ᠎ᠠ᠎ᠪᠠᠨ ᠴᠠᠭ ᠲᠤᠬᠠᠢ᠎ᠳᠤᠨᠢ ᠲᠣᠬᠢᠷᠠᠭᠤᠯᠵᠤ᠂ ᠡᠯ᠎ᠡ ᠳᠤᠭᠤᠢ᠌ᠯᠠᠩ᠎ᠤᠨ ᠭᠡᠰᠢᠭᠦᠳ᠎ᠤᠨ ᠠᠳᠠᠯᠢ ᠪᠤᠰᠤ ᠲᠤᠰᠬᠠᠢ ᠮᠡᠷᠭᠡᠵᠢᠯ ᠪᠣᠯᠣᠨ ᠲᠤᠬᠠᠢ᠌ᠯᠠᠭᠰᠠᠨ ᠠᠵᠢᠯ ᠎ᠤᠨ ᠳᠠᠪᠠᠭᠤᠯᠢᠭ᠎ᠢ ᠠᠰᠢᠭᠯᠠᠨ ᠬᠠᠷᠢᠯᠴᠠᠨ ᠲᠤᠰᠠᠯᠠᠯᠴᠠᠵᠤ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠦᠷ᠎ᠡ ᠪᠦᠲᠦᠮᠵᠢ ᠵᠢ ᠪᠠᠲᠤᠯᠠᠪᠠ᠃ ᠡᠭᠦᠨ᠎ᠤ ᠬᠠᠮᠲᠤ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠳᠤᠭᠤᠢ᠌ᠯᠠᠩ᠎ᠤᠨ᠎ᠬᠢᠨ ᠣᠲᠣ ᠦᠶ᠎ᠡ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠩᠭ᠋ᠠᠭᠰᠠᠨ ᠣᠷᠴᠢᠨ ᠠᠬᠤᠢ ᠵᠢᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ APP ᠵᠢ ᠬᠢᠨᠠᠮᠠᠭ᠋ᠠᠢ ᠬᠡᠷᠡᠭᠯᠡᠵᠦ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠢ᠎ᠳᠤᠨᠢ ᠲᠡᠮᠳᠡᠭᠯᠡᠬᠦ ᠵᠢᠨ ᠬᠠᠮᠲᠤ ᠤᠯᠠᠭ᠋ᠠᠨ᠎ᠤ ᠭᠠᠳᠠᠨᠠᠬᠢ ᠢᠯᠴᠢ ᠵᠢᠨ ᠳᠦᠷᠰᠦ ᠪᠦᠲᠦᠭᠡᠬᠦ ᠬᠡᠢ ᠪᠡᠶᠡᠲᠦ ᠵᠢᠨ ᠭᠣᠭᠣᠵᠢᠯᠲᠠ ᠵᠢ ᠪᠠᠢ᠌ᠴᠠᠭ᠋ᠠᠨ ᠬᠡᠮᠵᠢᠬᠦ ᠪᠠᠭ᠋ᠠᠵᠢ᠂ PID ᠵᠢᠨ ᠲᠦᠷᠭᠡᠨ ᠬᠡᠮᠵᠢᠯᠲᠡ ᠵᠢᠨ ᠪᠠᠭ᠋ᠠᠵᠢ᠂ ᠠᠪᠴᠤ ᠶᠠᠪᠤᠬᠤ᠎ᠳᠤ ᠲᠥᠬᠥᠮ ᠬᠡᠯᠪᠡᠷᠢ ᠵᠢᠨ ᠤᠲᠤᠭ᠎ᠠ ᠵᠢᠨ ᠵᠠᠳᠠᠯᠤᠯᠲᠠ ᠵᠢᠨ ᠪᠠᠭ᠋ᠠᠵᠢ ᠵᠡᠷᠭᠡ ᠬᠠᠤᠯᠢ ᠬᠡᠷᠡᠭᠵᠢᠭᠦᠯᠬᠦ ᠲᠣᠨᠣᠭ ᠲᠥᠬᠦᠭᠡᠷᠦᠮᠵᠢ ᠵᠢ ᠠᠰᠢᠭᠯᠠᠨ ᠮᠠᠭ᠋ᠠᠳᠯᠠᠨ ᠲᠣᠭᠲᠠᠭ᠋ᠠᠵᠤ᠂ ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠤᠨ᠂ ᠬᠡᠷᠡᠭ᠎ᠢ ᠰᠢᠢ᠍ᠳᠪᠦᠷᠢᠯᠡᠬᠦ ᠶᠠᠰᠤ ᠴᠢᠨᠠᠷ᠎ᠢ ᠦᠨᠡᠨ ᠬᠦ᠌ ᠪᠠᠲᠤᠯᠠᠪᠠ᠃

      ᠪᠦᠷᠢᠳᠬᠡᠯ ᠵᠶ᠋ᠡᠷ ᠳᠠᠮᠵᠢᠨ᠂ ᠲᠤᠬᠠᠢ ᠵᠢᠨ ᠲᠠᠯᠠᠪᠤᠷ᠎ᠲᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠤ ᠠᠬᠤᠢ᠌ᠯᠠᠯ ᠨᠠᠢ᠌ᠳᠠ 47 ᠪᠠᠢ᠌ᠵᠤ᠂ ᠬᠢᠮᠢ ᠵᠢᠨ ᠠᠵᠤ ᠦᠢ᠍ᠯᠡᠳᠪᠦᠷᠢ᠂ ᠪᠠᠷᠢᠯᠭ᠎ᠠ ᠵᠢᠨ ᠮᠠᠲ᠋ᠧᠷᠢᠶᠠᠯ᠂ ᠬᠡᠦᠷᠰᠢᠭᠦᠯᠬᠦ᠂ ᠥᠩᠭᠡᠲᠦ ᠲᠡᠮᠦᠷᠯᠢᠭ᠂ ᠱᠦᠢ᠍ᠨᠢ ᠵᠡᠷᠭᠡ ᠠᠵᠢᠯ ᠲᠥᠷᠥᠯ᠎ᠢ ᠬᠠᠮᠤᠷᠴᠤ᠂ ᠢᠯᠡᠷᠡᠭᠦᠯᠦᠭᠰᠡᠨ ᠠᠰᠠᠭᠤᠳᠠᠯ᠎ᠢ ᠴᠥᠮ 《ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠵᠢ ᠴᠢᠩᠭ᠋ᠠᠳᠬᠠᠬᠤ APP》᠎ᠪᠠᠷ ᠳᠠᠮᠵᠢᠭᠤᠯᠤᠨ ᠳᠡᠭᠡᠭᠰᠢ ᠮᠡᠳᠡᠭᠦᠯᠵᠦ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠡᠭᠦᠷᠭᠡ ᠵᠢ ᠴᠢᠨᠠᠷ ᠰᠠᠢ᠌ᠲᠠᠢ᠂ ᠥᠨᠳᠥᠷ ᠪᠦᠲᠦᠮᠵᠢᠲᠡᠢ᠎ᠪᠠᠷ ᠴᠠᠭ ᠲᠤᠬᠠᠢ᠎ᠳᠤᠨᠢ ᠪᠡᠶᠡᠯᠡᠭᠦᠯᠬᠦ ᠵᠢ ᠦᠨᠡᠨ ᠬᠦ᠌ ᠪᠠᠲᠤᠯᠠᠪᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠲᠦᠩᠯᠢᠶᠣᠣ ᠬᠤᠳᠠ ᠵᠢᠨ ᠰᠠᠯᠪᠤᠷᠢ ᠠᠩᠭᠢ᠎ᠲᠠᠢ ᠬᠠᠮᠲᠤᠷᠠᠨ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠬᠠᠪᠰᠤᠷᠤᠨ ᠲᠡᠳᠬᠦᠬᠦ ᠠᠵᠢᠯ᠎ᠢ ᠢᠳᠡᠪᠬᠢᠲᠡᠢ ᠥᠷᠨᠢᠭᠦᠯᠪᠡ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠵᠣᠬᠢᠶᠠᠨ ᠪᠠᠢ᠌ᠭᠤᠯᠤᠯᠲᠠ ᠵᠢᠨ ᠠᠮᠢᠳᠤᠷᠠᠯ᠎ᠤᠨ ᠬᠤᠷᠠᠯ ᠬᠤᠷᠠᠯᠳᠤᠭᠤᠯᠪᠠ
《ᠰᠡᠳᠬᠢᠯ ᠵᠶ᠋ᠡᠨ ᠨᠢᠭᠡᠳᠬᠡᠨ ᠬᠦᠴᠦ᠎ᠪᠠᠨ ᠬᠠᠮᠲᠤᠳᠬᠠᠵᠤ ᠨᠠᠮ ᠵᠶ᠋ᠠᠨ ᠲᠠᠭ᠋ᠠᠵᠤ ᠪᠦᠬᠦ ᠰᠡᠳᠬᠢᠯ ᠪᠦᠬᠦ ᠵᠣᠷᠢᠭ ᠵᠶ᠋ᠠᠷ ᠬᠥᠳᠡᠭᠡ ᠲᠣᠰᠬᠤᠨ᠎ᠢ ᠪᠦᠲᠦᠭᠡᠨ ᠪᠠᠢ᠌ᠭᠤᠯᠤᠶ᠎ᠠ》 — ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠪᠣᠯᠣᠨ ᠲᠦᠩᠯᠢᠶᠣᠣ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠨᠠᠮ᠎ᠤᠨ ᠡᠭᠦᠷ ᠬᠠᠮᠲᠤᠷᠠᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠨᠡᠢ᠌ᠭᠡᠮ ᠳᠠᠶᠠᠭ᠋ᠠᠷ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ ᠡᠯᠰᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠠᠯᠪᠠᠨ ᠵᠠᠷᠯᠠᠯ
 
             蒙ICP备05000248号