ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ 《ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠬᠤ ᠶᠢᠷᠲᠢᠨᠴᠦ ᠵᠢᠨ ᠦᠵᠡᠯᠲᠡ ᠠᠷᠭ᠎ᠠ ᠵᠢᠨ ᠤᠨᠤᠯ》 ᠭᠡᠬᠦ ᠲᠤᠰᠬᠠᠢ ᠰᠡᠳᠦᠪᠲᠦ ᠲᠠᠢ᠌ᠯᠤᠮᠵᠢ ᠵᠢ ᠰᠣᠨᠢᠷᠬᠠᠪᠠ
ᠨᠡᠶ᠋ᠢᠲᠡᠯᠡᠭᠰᠡᠨ ᠴᠠᠭ᠄ 2023-07-10

      4 ᠰᠠᠷ᠎ᠠ ᠵᠢᠨ 13᠎ᠤ ᠡᠳᠦᠷ᠂ ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢ᠌ᠭᠤᠯᠤᠨ ᠥᠪᠥᠷ ᠮᠣᠩᠭᠣᠯ᠎ᠤᠨ ᠺᠠᠳ᠋ᠷ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ ᠵᠢᠨ 《ᠤᠮᠠᠷᠠᠲᠤ ᠵᠢᠨ ᠡᠭᠦᠯᠡᠨ ᠬᠢᠴᠢᠶᠡᠯ᠎ᠤᠨ ᠲᠠᠩᠬᠢᠮ》᠎ᠳᠤ ᠰᠢᠭᠤᠳ ᠨᠡᠪᠲᠡᠷᠡᠭᠦᠯᠦᠭᠰᠡᠨ ᠲᠥᠪ᠎ᠤᠨ ᠨᠠᠮ᠎ᠤᠨ ᠰᠤᠷᠭ᠋ᠠᠭᠤᠯᠢ ᠵᠢᠨ ᠬᠠᠨ ᠴᠢᠩ ᠰᠢᠶᠠᠩ ᠫᠷᠣᠹᠧᠰᠰᠣᠷ᠎ᠤᠨ ᠬᠢᠭᠰᠡᠨ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠶᠢᠷᠲᠢᠨᠴᠦ ᠵᠢᠨ ᠦᠵᠡᠯᠲᠡ ᠠᠷᠭ᠎ᠠ ᠵᠢᠨ ᠤᠨᠤᠯ᠎ᠢ ᠭᠦᠨᠵᠡᠭᠡᠢ ᠰᠤᠷᠤᠯᠴᠠᠨ ᠣᠢ᠌ᠯᠠᠭ᠋ᠠᠶ᠎ᠠ》 ᠭᠡᠬᠦ ᠰᠡᠳᠦᠪ ᠵᠶ᠋ᠡᠷ ᠲᠤᠰᠬᠠᠢ ᠰᠡᠳᠦᠪᠲᠦ ᠲᠠᠢ᠌ᠯᠤᠮᠵᠢ ᠵᠢ ᠰᠣᠨᠢᠷᠬᠠᠪᠠ᠃

      ᠬᠠᠨ ᠴᠢᠩ ᠰᠢᠶᠠᠩ ᠫᠷᠣᠹᠧᠰᠰᠣᠷ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠢᠯᠡᠳᠬᠡᠯ᠎ᠢ ᠰᠤᠷᠤᠯᠴᠠᠨ ᠲᠤᠭᠤᠰᠢᠯᠠᠭᠤᠯᠬᠤ᠎ᠠᠴᠠ ᠡᠭᠦᠰᠴᠦ᠂ ᠮᠠᠷᠺᠰ᠎ᠤᠨ ᠦᠵᠡᠯ᠎ᠤᠨ ᠲᠡᠦᠬᠡ ᠵᠢᠨ ᠪᠣᠳᠠᠰᠴᠢ ᠦᠵᠡᠯᠲᠡ᠂ ᠬᠤᠪᠢᠰᠤᠩᠭᠤᠢ ᠰᠡᠳᠬᠢᠬᠦᠢ᠎ᠳᠤ ᠰᠠᠭᠤᠷᠢᠯᠠᠵᠤ᠂ ᠭᠦᠨ ᠤᠬᠠᠭ᠋ᠠᠨ᠎ᠤ ᠬᠠᠷᠠᠭ᠋ᠠᠰᠤ᠎ᠠᠴᠠ᠂ ᠡᠷᠬᠡᠪᠰᠢ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠡᠷᠬᠡᠪᠰᠢ ᠪᠡᠶ᠎ᠡ᠎ᠳᠡᠭᠡᠨ ᠢᠲᠡᠭᠡᠯ᠎ᠲᠠᠢ ᠪᠡᠶ᠎ᠡ᠎ᠪᠠᠨ ᠳᠠᠭ᠋ᠠᠭ᠋ᠠᠬᠤ ᠵᠢ ᠪᠠᠷᠢᠮᠲᠠᠯᠠᠵᠤ᠂ ᠡᠷᠬᠡᠪᠰᠢ ᠲᠥᠪ ᠭᠣᠣᠯᠴᠢ᠎ᠪᠠᠷ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠡᠷᠬᠡᠪᠰᠢ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠡᠷᠬᠡᠪᠰᠢ ᠰᠢᠰᠲ᠋ᠧᠮᠲᠦ ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠡᠷᠬᠡᠪᠰᠢ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭ᠋ᠠᠳᠠᠭ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠶᠢᠷᠲᠢᠨᠴᠦ ᠵᠢᠨ ᠦᠵᠡᠯᠲᠡ ᠪᠣᠯᠣᠨ ᠠᠷᠭ᠎ᠠ ᠵᠢᠨ ᠤᠨᠤᠯ᠎ᠤᠨ ᠪᠠᠶᠠᠯᠢᠭ ᠠᠭᠤᠯᠤᠭᠳᠠᠬᠤᠨ᠎ᠢ ᠪᠠᠷᠢᠮᠲᠠᠯᠠᠬᠤ ᠬᠡᠷᠡᠭᠲᠡᠢ ᠭᠡᠳᠡᠭ᠎ᠢ ᠰᠢᠰᠲ᠋ᠧᠮ᠎ᠲᠠᠢ ᠲᠣᠳᠣᠷᠬᠠᠢ᠌ᠯᠠᠨ ᠲᠠᠢ᠌ᠯᠪᠤᠷᠢᠯᠠᠵᠠᠢ᠃

      ᠰᠢᠭᠤᠳ ᠨᠡᠪᠲᠡᠷᠡᠭᠦᠯᠭᠡ ᠵᠢᠨ ᠲᠠᠢ᠌ᠯᠤᠮᠵᠢ ᠵᠢ ᠦᠵᠡᠭᠰᠡᠨ᠎ᠤ ᠳᠠᠷᠠᠭ᠎ᠠ᠂ ᠤᠯᠠᠨ ᠵᠶ᠋ᠠᠷ ᠵᠶ᠋ᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠋ᠠᠨ᠎ᠤ ᠠᠭᠤᠯᠤᠭᠳᠠᠬᠤᠨ ᠡᠯᠪᠡᠭ ᠪᠠᠶᠠᠯᠢᠭ᠂  ᠰᠢᠰᠲ᠋ᠧᠮ ᠪᠦᠷᠢᠨ ᠲᠡᠭᠦᠯᠳᠡᠷ᠂ ᠯᠣᠭᠢᠭ ᠨᠢᠭᠲᠠ ᠴᠢᠩᠭ᠎ᠠ ᠪᠠᠢ᠌ᠵᠤ᠂ ᠢᠯᠡ ᠲᠣᠳᠣ ᠵᠣᠭᠰᠣᠯᠲᠠ ᠦᠵᠡᠯᠲᠡ ᠠᠷᠭ᠎ᠠ ᠵᠢ ᠠᠭᠤᠯᠵᠤ ᠪᠠᠢ᠌ᠨ᠎ᠠ᠃ ᠣᠳᠣᠬᠠᠨ᠎ᠳᠤ᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ᠂ 《ᠦᠵᠡᠯ ᠰᠠᠨᠠᠭ᠎ᠠ ᠵᠢ ᠰᠤᠷᠤᠯᠴᠠᠬᠤ᠂ ᠨᠠᠮᠴᠢ ᠴᠢᠨᠠᠷ᠎ᠢ ᠴᠢᠩᠭ᠋ᠠᠳᠬᠠᠬᠤ᠂ ᠦᠢ᠍ᠯᠡᠳᠦᠯᠭᠡ ᠵᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠢ᠌ᠭᠤᠯᠬᠤ》 ᠶᠡᠷᠦᠩᠬᠡᠢ ᠱᠠᠭ᠋ᠠᠷᠳᠠᠯᠭ᠎ᠠ ᠵᠢ ᠪᠠᠲᠤ ᠡᠵᠡᠮᠰᠢᠵᠦ᠂ ᠡᠨᠡᠬᠦ ᠦᠵᠡᠯ ᠰᠠᠨᠠᠭ᠋ᠠᠨ᠎ᠤ ᠦᠨᠳᠦᠰᠦᠨ ᠦᠵᠡᠯᠲᠡ᠂ ᠰᠢᠨᠵᠢᠯᠡᠬᠦ ᠤᠬᠠᠭ᠋ᠠᠨᠴᠢ ᠰᠢᠰᠲ᠋ᠧᠮ᠎ᠢ ᠪᠦᠬᠦ ᠲᠠᠯ᠎ᠠ ᠎ᠪᠠᠷ ᠰᠢᠰᠲ᠋ᠧᠮ᠎ᠲᠠᠢ ᠡᠵᠡᠮᠰᠢᠵᠦ᠂ ᠡᠨᠡᠬᠦ ᠦᠵᠡᠯ ᠰᠠᠨᠠᠭ᠋ᠠᠨ᠎ᠤ ᠶᠢᠷᠲᠢᠨᠴᠦ ᠵᠢᠨ ᠦᠵᠡᠯᠲᠡ᠂ ᠠᠷᠭ᠎ᠠ ᠵᠢᠨ ᠤᠨᠤᠯ᠎ᠢ ᠰᠠᠶ᠋ᠢᠲᠤᠷ ᠡᠵᠡᠮᠳᠡᠵᠦ᠂ ᠲᠡᠭᠦᠨ᠎ᠳᠤ ᠠᠭᠤᠯᠤᠭᠳᠠᠵᠤ ᠪᠠᠢ᠌ᠭ᠎ᠠ ᠰᠡᠳᠬᠢᠬᠦ ᠠᠷᠭ᠎ᠠ᠂ ᠠᠵᠢᠯᠯᠠᠬᠤ ᠠᠷᠭ᠎ᠠ ᠵᠢ ᠡᠵᠡᠮᠰᠢᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ ᠪᠣᠯᠣᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ ᠬᠤᠪᠢ ᠨᠡᠮᠡᠷᠢ ᠦᠵᠡᠭᠦᠯᠵᠦ᠂ ᠤᠯᠠᠨ ᠲᠦᠮᠡᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ ᠬᠥᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠵᠢ ᠴᠢᠷᠮᠠᠢ᠌ᠨ ᠴᠣᠭᠴᠠᠯᠠᠬᠤ ᠵᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠢᠯᠡᠳᠬᠡᠵᠡᠭᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠠᠬᠢ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠣᠷᠢᠨ᠎ᠳᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠢᠳᠡᠪᠬᠢᠲᠡᠢ᠎ᠪᠠᠷ ᠬᠥᠮᠥᠨ ᠲᠣᠮᠢᠯᠠᠨ 2023 ᠣᠨ᠎ᠤ ᠵᠢᠷᠭᠤᠳᠤᠭ᠋ᠠᠷ ᠡᠭᠡᠯᠵᠢ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠭᠤᠯᠵᠠᠢ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠢᠳᠡᠪᠬᠢᠲᠡᠢ᠎ᠪᠠᠷ ᠬᠥᠮᠥᠨ ᠲᠣᠮᠢᠯᠠᠨ 2023 ᠣᠨ᠎ᠤ ᠨᠠᠢ᠍ᠮᠠᠳᠤᠭ᠋ᠠᠷ ᠡᠭᠡᠯᠵᠢ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠷᠣᠯᠴᠠᠭᠤᠯᠵᠠᠢ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠲᠦᠩᠯᠢᠶᠣᠣ ᠬᠤᠳᠠ ᠵᠢᠨ ᠰᠠᠯᠪᠤᠷᠢ ᠠᠩᠭᠢ᠎ᠲᠠᠢ ᠬᠠᠮᠲᠤᠷᠠᠨ ᠳᠡᠯᠡᠬᠡᠢ ᠵᠢᠨ ᠣᠷᠴᠢᠨ ᠲᠣᠭᠣᠷᠢᠨ᠎ᠤ ᠡᠳᠦᠷ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠬᠠᠪᠰᠤᠷᠤᠨ ᠲᠡᠳᠬᠦᠬᠦ ᠠᠵᠢᠯ᠎ᠢ ᠢᠳᠡᠪᠬᠢᠲᠡᠢ ᠥᠷᠨᠢᠭᠦᠯᠪᠡ
 
             蒙ICP备05000248号