ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠭᠦᠨᠵᠡᠭᠡᠢ ᠥᠷᠨᠢᠭᠦᠯᠵᠦ᠂ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠦᠨᠡᠨᠬᠦ ᠰᠠᠶ᠋ᠢᠲᠤᠷ ᠬᠢᠵᠦ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠲᠠᠰᠤᠷᠠᠯᠲᠠ ᠦᠭᠡᠢ ᠰᠠᠢ᠌ᠵᠢᠷᠠᠭᠤᠯᠬᠤ ᠵᠢᠨ ᠲᠥᠯᠥᠭᠡ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023— 2024 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠬᠠᠪᠰᠤᠷᠤᠨ ᠲᠡᠳᠬᠦᠬᠦ ᠵᠢᠯᠤᠭᠣᠳᠬᠤ ᠲᠥᠰᠥᠯ》᠎ᠳᠤ᠂ ᠪᠠᠷᠠᠭᠤᠨ ᠣᠷᠣᠨ᠎ᠤ ᠰᠢᠭᠤᠳ ᠬᠠᠷᠢᠶ᠎ᠠ ᠠᠩᠭᠢ ᠵᠢᠨ᠎ᠬᠢᠨ 9 ᠰᠠᠷ᠎ᠠ᠎ᠠᠴᠠ ᠡᠬᠢᠯᠡᠨ ᠦᠬᠠᠢ ᠬᠤᠳᠠ᠂ ᠪᠠᠶᠠᠨᠨᠠᠭᠤᠷ ᠬᠤᠳᠠ ᠵᠢᠴᠢ ᠠᠯᠠᠱ᠌ᠠ ᠠᠶ᠋ᠢᠮᠠᠭ᠎ᠲᠤ 2023— 2024 ᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠵᠤ ᠬᠠᠪᠰᠤᠷᠤᠨ ᠲᠡᠳᠬᠦᠬᠦ ᠠᠵᠢᠯ᠎ᠢ ᠵᠢᠭ᠋ᠠᠨ ᠵᠢᠯᠣᠭᠣᠳᠪᠠ᠃ ᠲᠤᠰ ᠤᠳᠠᠭ᠎ᠠ ᠵᠢᠨ ᠬᠠᠪᠰᠤᠷᠤᠨ ᠲᠡᠳᠬᠦᠬᠦ ᠠᠵᠢᠯ᠎ᠨᠢ ᠠᠷᠢᠭᠤᠨ ᠴᠡᠪᠡᠷ ᠵᠶ᠋ᠡᠷ ᠳᠤᠯᠠᠭ᠋ᠠᠯᠠᠬᠤ ᠵᠢᠴᠢ ᠰᠢᠲᠠᠭ᠋ᠠᠯᠭ᠎ᠠ ᠵᠢᠨ ᠨᠡᠭᠦᠷᠡᠰᠦ ᠵᠢ ᠣᠷᠣᠯᠠᠭᠤᠯᠬᠤ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠠᠵᠤ ᠦᠢ᠍ᠯᠡᠳᠪᠦᠷᠢ ᠵᠢᠨ ᠤᠭᠤᠷᠬᠠᠢ ᠵᠤᠤᠬ᠎ᠠ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠢ᠌ᠯᠡᠨ ᠵᠠᠰᠠᠬᠤ᠂ ᠳᠡᠭᠳᠡᠮᠡᠬᠡᠢ ᠴᠢᠨᠠᠷᠲᠠᠢ ᠣᠷᠭ᠋ᠠᠨᠢᠭ ᠪᠣᠳᠠᠰ (VOCs)᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠴᠠᠢ᠌ᠶᠢᠦ ᠲᠣᠰᠣᠨ᠎ᠤ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ᠂ ᠲᠣᠭᠣᠰᠣ ᠰᠢᠷᠣᠢ ᠵᠢ ᠶᠡᠷᠦᠩᠬᠡᠢ᠌ᠯᠡᠨ ᠵᠠᠰᠠᠬᠤ᠂ 《ᠲᠠᠷᠠᠬᠠᠢ ᠪᠤᠲᠠᠷᠬᠠᠢ ᠪᠣᠬᠢᠷᠲᠤᠯ》᠎ᠤᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠢ ᠶᠡᠷᠦᠩᠬᠡᠢ᠌ᠯᠡᠨ ᠴᠡᠭᠴᠡᠯᠡᠨ ᠵᠠᠰᠠᠭᠰᠠᠨ ᠪᠠᠶ᠋ᠢᠳᠠᠯ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠬᠠᠪᠰᠤᠷᠤᠨ ᠲᠡᠳᠬᠦᠵᠦ ᠵᠢᠭ᠋ᠠᠨ ᠵᠢᠯᠣᠭᠣᠳᠪᠠ᠃ ᠪᠠᠢ᠌ᠴᠠᠭ᠋ᠠᠯᠲᠠ ᠵᠢᠨ ᠳᠤᠮᠳᠠ ᠢᠯᠡᠷᠡᠭᠦᠯᠦᠭᠰᠡᠨ ᠠᠰᠠᠭᠤᠳᠠᠯ᠎ᠳᠤ ᠴᠢᠭᠯᠡᠭᠦᠯᠦᠨ᠂ ᠲᠤᠬᠠᠢ ᠵᠢᠨ ᠲᠠᠯᠠᠪᠤᠷ᠎ᠲᠤ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠤᠭᠰᠠᠨ ᠪᠥᠭᠡᠳ ᠠᠰᠠᠭᠤᠳᠠᠯ᠎ᠤᠨ ᠲᠣᠳᠣᠷᠬᠠᠢ ᠬᠠᠭᠤᠳᠠᠰᠤ ᠪᠠ ᠬᠠᠪᠰᠤᠷᠤᠨ ᠲᠡᠳᠬᠦᠬᠦ ᠵᠢᠯᠣᠭᠣᠳᠤᠯᠭ᠎ᠠ ᠵᠢᠨ ᠡᠬᠡ ᠲᠠᠩᠰᠠ ᠵᠢ ᠪᠠᠢ᠌ᠭᠤᠯᠵᠤ᠂ ᠡᠯᠭᠦᠭᠡ ᠲᠠᠩᠰᠠ ᠲᠠᠲᠠᠬᠤ᠂ ᠮᠥᠷᠳᠡᠨ ᠱᠠᠯᠠᠪᠳᠠᠭᠤᠯᠤᠨ ᠰᠢᠢ᠍ᠳᠪᠦᠷᠢᠯᠡᠭᠦᠯᠬᠦ᠎ᠪᠠᠷ ᠳᠠᠮᠵᠢᠭᠤᠯᠤᠨ᠂ ᠴᠡᠭᠴᠡᠯᠡᠨ ᠥᠭᠡᠷᠡᠴᠢᠯᠡᠵᠦ ᠨᠠᠢ᠌ᠳᠠᠪᠤᠷᠢᠵᠢᠭᠤᠯᠬᠤ ᠵᠢ ᠴᠢᠩᠭ᠎ᠠ ᠪᠥᠭᠡᠳ ᠪᠣᠳᠠᠲᠠᠢ ᠠᠬᠢᠭᠤᠯᠪᠠ; ᠣᠷᠣᠰᠢᠵᠤ ᠪᠠᠢ᠌ᠭ᠎ᠠ ᠣᠷᠴᠢᠨ ᠠᠬᠤᠢ ᠵᠢᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠡᠯ᠎ᠡ ᠭᠠᠵᠠᠷ᠎ᠤᠨ᠎ᠬᠢᠨ ᠬᠠᠤᠯᠢ᠎ᠪᠠᠷ ᠲᠣᠭᠲᠠᠭ᠋ᠠᠭᠰᠠᠨ ᠲᠠᠰ ᠳᠠᠷᠠᠭ᠋ᠠᠯᠠᠯ᠎ᠢ ᠴᠢᠩᠭ᠎ᠠ ᠵᠢᠷᠤᠮᠯᠠᠨ᠂ ᠬᠠᠤᠯᠢ ᠲᠣᠭᠲᠠᠭ᠋ᠠᠯ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠵᠢ ᠱᠠᠭ᠋ᠠᠷᠳᠠᠪᠠ᠃ ᠬᠠᠪᠰᠤᠷᠤᠨ ᠲᠡᠳᠬᠦᠬᠦ᠎ᠪᠠᠷ ᠳᠠᠮᠵᠢᠭᠤᠯᠤᠨ᠂ ᠦᠨᠳᠦᠰᠦᠨ ᠱᠠᠲᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠭᠠᠵᠠᠷ᠎ᠤᠨ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠡᠷᠬᠡ ᠰᠡᠳᠦᠪ᠎ᠢ ᠰᠢᠢ᠍ᠳᠪᠦᠷᠢᠯᠡᠬᠦ ᠳᠠᠢ᠌ᠯᠠᠯᠳᠤᠭ᠋ᠠᠨ᠎ᠢ ᠦᠨᠡᠨ ᠬᠦ᠌ ᠰᠠᠶ᠋ᠢᠲᠤᠷ ᠬᠢᠵᠦ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠤᠨ ᠣᠨ᠎ᠤ ᠬᠢᠨᠠᠨ ᠰᠢᠯᠭ᠋ᠠᠬᠤ ᠬᠠᠷᠠᠯᠲᠠ ᠵᠢ ᠴᠢᠷᠮᠠᠢ᠌ᠨ ᠪᠡᠶᠡᠯᠡᠭᠦᠯᠬᠦ᠎ᠳᠤ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠪᠡ᠃