ᠠᠭᠤᠤ ᠶᠡᠬᠡ ᠨᠠᠮ ᠪᠠᠢ᠌ᠭᠤᠯᠤᠭᠰᠠᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ ᠪᠣᠯᠣᠨ ᠦᠨᠳᠦᠰᠦᠨ ᠱᠠᠲᠤᠨ᠎ᠤ ᠲᠣᠰᠬᠤᠨ ᠪᠠᠯᠭ᠋ᠠᠰᠤ ᠵᠢᠨ ᠨᠠᠮ᠎ᠤᠨ ᠪᠠᠢ᠌ᠭᠤᠯᠤᠯᠲᠠ ᠵᠢᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠠᠵᠢᠯᠯᠠᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠤᠨ᠎ᠠ᠃ 8 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠡᠭᠦᠨ ᠬᠡᠰᠡᠭ᠎ᠤᠨ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠨᠠᠮ᠎ᠤᠨ ᠡᠭᠦᠷ᠎ᠲᠠᠢ ᠬᠠᠮᠲᠤᠷᠠᠨ᠂ ᠬᠦᠷᠢᠶ᠎ᠡ ᠬᠣᠰᠢᠭᠤᠨ᠎ᠤ ᠨᠢᠭᠡᠨ ᠨᠠᠮ᠎ᠤᠨ ᠡᠭᠦᠷ᠎ᠤᠨ ᠳᠤᠷᠠᠰᠬᠠᠯ᠎ᠤᠨ ᠣᠷᠳᠣᠨ᠂ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠢ ᠣᠢ᠌ᠯᠠᠭ᠋ᠠᠬᠤ ᠣᠷᠳᠣᠨ ᠵᠢᠴᠢ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠬᠤᠯᠢᠪᠦᠢ᠌ᠷᠡᠭ ᠲᠣᠰᠬᠤᠨ᠎ᠳᠤ ᠬᠦᠷᠴᠦ ᠭᠣᠣᠯ ᠰᠡᠳᠦᠪᠲᠦ ᠨᠠᠮ᠎ᠤᠨ ᠡᠳᠦᠷ᠎ᠤᠨ ᠰᠢᠷᠢᠰ ᠠᠵᠢᠯᠯᠠᠭ᠎ᠠ ᠥᠷᠨᠢᠭᠦᠯᠪᠡ᠃
8 ᠰᠠᠷ᠎ᠠ ᠵᠢᠨ 21᠎ᠤ ᠦᠳᠡ ᠵᠢᠨ ᠡᠮᠦᠨ᠎ᠡ᠂ ᠨᠠᠮ᠎ᠤᠨ ᠭᠡᠰᠢᠭᠦᠨ ᠺᠠᠳ᠋ᠷᠴᠤᠳ ᠨᠠᠮᠤᠷ᠎ᠤᠨ ᠬᠤᠷ᠎ᠠ ᠵᠢᠨ ᠳᠤᠮᠳᠠᠭᠤᠷ ᠬᠦᠷᠢᠶ᠎ᠡ ᠬᠣᠰᠢᠭᠤᠨ᠎ᠤ ᠨᠢᠭᠡᠨ ᠨᠠᠮ᠎ᠤᠨ ᠡᠭᠦᠷ᠎ᠤᠨ ᠳᠤᠷᠠᠰᠬᠠᠯ᠎ᠤᠨ ᠣᠷᠳᠣᠨ ᠪᠣᠯᠣᠨ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠢ ᠪᠡᠶᠡᠴᠢᠯᠡᠨ ᠣᠢ᠌ᠯᠠᠭ᠋ᠠᠬᠤ ᠣᠷᠳᠣᠨ᠎ᠳᠤ ᠬᠦᠷᠴᠦ᠂ ᠬᠤᠪᠢᠰᠬᠠᠯ᠎ᠤᠨ ᠪᠠᠭ᠋ᠠᠲᠤᠷᠯᠢᠭ ᠦᠢ᠍ᠯᠡ ᠠᠵᠢᠯᠯᠠᠭ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠲᠡᠦᠬᠡ ᠵᠢᠨ ᠭᠡᠷᠡᠯ ᠵᠢᠷᠤᠭ ᠪᠣᠯᠣᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠰᠣᠨᠢᠷᠬᠠᠵᠤ᠂ ᠨᠠᠮᠴᠢ ᠴᠢᠨᠠᠷ᠎ᠤᠨ ᠬᠥᠮᠦᠵᠢᠯ ᠪᠣᠯᠣᠨ ᠦᠵᠡᠯ ᠰᠠᠨᠠᠭ᠋ᠠᠨ᠎ᠤ ᠪᠣᠯᠪᠠᠰᠤᠷᠠᠯ᠎ᠢ ᠬᠦᠯᠢᠶᠡᠵᠦ᠂ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠠᠷᠠᠳ ᠲᠦᠮᠡᠨ᠎ᠳᠤ ᠵᠣᠯ ᠵᠢᠷᠭ᠋ᠠᠯ ᠣᠯᠭᠣᠬᠤ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠥᠯᠥᠭᠡ ᠲᠡᠮᠡᠴᠡᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠣᠢ᠌ᠯᠠᠭ᠋ᠠᠪᠠ᠃ ᠲᠣᠭᠣᠷᠢᠨ ᠦᠵᠡᠵᠦ ᠰᠤᠷᠤᠯᠴᠠᠬᠤ᠎ᠪᠠᠷ ᠳᠠᠮᠵᠢᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠬᠤᠪᠢᠰᠬᠠᠯ᠎ᠤᠨ ᠦᠢ᠍ᠯᠡᠰ᠎ᠤᠨ ᠵᠣᠪᠠᠭᠤᠷᠢ ᠵᠦᠳᠡᠭᠦᠷᠢ ᠵᠢᠴᠢ ᠠᠬᠠᠮᠠᠳ ᠦᠶ᠎ᠡ ᠵᠢᠨ᠎ᠬᠢᠨ᠎ᠤ ᠡᠷᠡᠯᠬᠡᠭᠯᠡᠨ ᠲᠡᠮᠡᠴᠡᠵᠦ ᠪᠠᠢ᠌ᠭ᠎ᠠ ᠬᠦᠴᠢᠷ ᠪᠡᠷᠬᠡᠰᠢᠶᠡᠯ᠎ᠢ ᠭᠦᠨ ᠣᠢ᠌ᠯᠠᠭ᠋ᠠᠵᠤ᠂ ᠥᠨᠥᠳᠥᠷ᠎ᠤᠨ ᠵᠣᠯ ᠵᠢᠷᠭ᠋ᠠᠯᠲᠤ ᠠᠮᠢᠳᠤᠷᠠᠯ᠎ᠢ ᠲᠡᠢ᠌ᠮᠦ ᠬᠢᠯᠪᠠᠷᠬᠠᠨ ᠵᠶ᠋ᠠᠷ ᠣᠯᠣᠭᠰᠠᠨ ᠪᠢᠰᠢ ᠭᠡᠳᠡᠭ᠎ᠢ ᠤᠬᠠᠪᠠ᠃ ᠤᠯᠠᠨ ᠵᠶ᠋ᠠᠷ ᠵᠶ᠋ᠠᠨ᠂ ᠬᠦᠰᠡᠯᠡᠩ ᠢᠲᠡᠭᠡᠯ ᠪᠢᠰᠢᠷᠡᠯ ᠵᠶ᠋ᠡᠨ ᠴᠢᠨᠠᠭᠰᠢᠳᠠ ᠪᠠᠲᠤᠳᠬᠠᠵᠤ᠂ ᠬᠤᠪᠢᠰᠬᠠᠯ᠎ᠤᠨ ᠴᠢᠰᠤᠨ ᠰᠤᠳᠠᠰᠤ ᠵᠢ ᠦᠷᠭᠦᠯᠵᠢᠯᠡᠭᠦᠯᠵᠦ᠂ ᠡᠭᠦᠷᠭᠡ ᠬᠠᠷᠢᠭᠤᠴᠠᠯᠭ᠎ᠠ ᠵᠢᠨ ᠬᠦᠴᠦᠨ᠎ᠢ ᠨᠢᠭᠲᠠᠷᠠᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠠᠵᠢᠯ᠎ᠤᠨ ᠰᠢᠨ᠎ᠡ ᠪᠠᠶ᠋ᠢᠳᠠᠯ᠎ᠢ ᠨᠡᠭᠡᠭᠡᠵᠦ ᠥᠭᠭᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠲᠤᠬᠠᠢ ᠵᠢᠨ ᠡᠳᠦᠷ᠎ᠤᠨ ᠦᠳᠡ ᠵᠢᠨ ᠬᠣᠢ᠌ᠨ᠎ᠠ᠂ ᠨᠢᠭᠡ ᠪᠦᠯᠦᠭ ᠬᠥᠮᠥᠰ ᠮᠠᠰᠢᠨ ᠲᠡᠷᠭᠡ᠎ᠪᠠᠷ ᠬᠣᠷᠴᠢᠨ ᠵᠡᠭᠦᠨ ᠭᠠᠷᠤᠨ ᠬᠣᠢ᠌ᠲᠤ ᠬᠣᠰᠢᠭᠤᠨ᠎ᠤ ᠬᠣᠯᠪᠣᠭ᠎ᠠ ᠲᠣᠰᠬᠤᠨ᠎ᠳᠤ ᠬᠦᠷᠴᠦ ᠰᠤᠷᠪᠤᠯᠵᠢᠯᠠᠨ ᠲᠣᠬᠣᠨᠢᠭᠤᠯᠪᠠ᠃ ᠡᠩ ᠲᠡᠷᠢᠭᠦᠨ᠎ᠳᠤ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ᠂ ᠲᠦᠩᠯᠢᠶᠣᠣ ᠬᠤᠳᠠ ᠵᠢᠨ ᠰᠠᠯᠪᠤᠷᠢ ᠠᠩᠭᠢ ᠵᠢᠨ ᠨᠠᠮ᠎ᠤᠨ ᠡᠭᠦᠷ ᠪᠣᠯᠣᠨ ᠬᠣᠯᠪᠣᠭ᠎ᠠ ᠲᠣᠰᠬᠤᠨ᠎ᠤ ᠨᠠᠮ᠎ᠤᠨ ᠡᠭᠦᠷ ᠶᠠᠷᠢᠯᠴᠠᠬᠤ ᠬᠤᠷᠠᠯ ᠬᠢᠵᠦ᠂ ᠲᠤᠬᠠᠢ ᠵᠢᠨ ᠭᠠᠵᠠᠷ᠎ᠤᠨ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠨ ᠦᠷᠡᠵᠢᠭᠦᠯᠬᠦ᠎ᠪᠠᠷ ᠳᠠᠮᠵᠢᠨ ᠪᠦᠬᠦ ᠲᠣᠰᠬᠤᠨ᠎ᠢ ᠳᠠᠭ᠋ᠠᠭᠤᠯᠤᠨ ᠶᠠᠳᠠᠭᠤ᠎ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠦᠭᠰᠡᠨ ᠦᠢ᠍ᠯᠡ ᠠᠵᠢᠯᠯᠠᠭ᠎ᠠ ᠵᠢ ᠣᠢ᠌ᠯᠠᠭ᠋ᠠᠪᠠ᠃ ᠳᠠᠷᠠᠭ᠎ᠠ᠎ᠳᠤ᠎ᠨᠢ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ᠂ ᠲᠦᠩᠯᠢᠶᠣᠣ ᠬᠤᠳᠠ ᠵᠢᠨ ᠰᠠᠯᠪᠤᠷᠢ ᠠᠡᠭᠬᠢ ᠲᠣᠰᠬᠤᠨ᠎ᠤ ᠨᠠᠮ᠎ᠤᠨ ᠭᠡᠰᠢᠭᠦᠨ ᠪᠠ ᠤᠯᠠᠨ ᠲᠦᠮᠡᠨ᠎ᠤ ᠦᠢ᠍ᠯᠡᠴᠢᠯᠡᠭᠡᠨ᠎ᠤ ᠲᠥᠪ᠎ᠲᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠰᠢᠷᠢᠰ ᠰᠤᠷᠤᠯᠴᠠᠬᠤ ᠨᠣᠮ ᠳᠡᠪᠲᠡᠷ᠂ ᠠᠯᠪᠠᠨ ᠬᠡᠷᠡᠭᠰᠡᠯ ᠵᠢᠴᠢ 1 ᠠᠭ᠋ᠠᠷ ᠲᠣᠬᠢᠷᠠᠭᠤᠯᠤᠭᠴᠢ ᠵᠢ ᠪᠡᠯᠡᠭᠯᠡᠭᠰᠡᠨ ᠪᠥᠭᠡᠳ ᠲᠤᠬᠠᠢ ᠵᠢᠨ ᠭᠠᠵᠠᠷ᠎ᠤᠨ ᠤᠯᠠᠨ ᠲᠦᠮᠡᠨ᠎ᠳᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠵᠢᠨ ᠭᠠᠷ ᠠᠪᠤᠯᠭ᠎ᠠ ᠲᠠᠷᠬᠠᠭ᠋ᠠᠵᠤ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠡᠢ᠃ ᠬᠠᠮᠤᠭ ᠰᠡᠬᠦᠯ᠎ᠳᠤ᠂ ᠪᠦᠬᠦ ᠨᠠᠮ᠎ᠤᠨ ᠭᠡᠰᠢᠭᠦᠳ ᠬᠣᠯᠪᠣᠭ᠎ᠠ ᠲᠣᠰᠬᠤᠨ᠎ᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢ ᠲᠣᠭᠣᠷᠢᠨ ᠦᠵᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠᠢ᠌ᠯᠳᠤᠬᠤ ᠪᠣᠳᠣᠯᠭ᠎ᠠ ᠵᠢᠨ ᠳᠣᠣᠷᠠᠬᠢ ᠮᠠᠨ᠎ᠤ ᠠᠩᠭᠢ ᠵᠢᠨ ᠬᠠᠷᠢᠶ᠎ᠠ ᠣᠷᠣᠨ᠎ᠤ ᠬᠥᠳᠡᠭᠡ ᠲᠣᠰᠬᠤᠨ᠎ᠤ ᠰᠢᠨ᠎ᠡ ᠬᠤᠪᠢᠷᠠᠯᠲᠠ᠂ ᠰᠢᠨ᠎ᠡ ᠬᠥᠭᠵᠢᠯᠲᠡ ᠪᠣᠯᠣᠨ ᠰᠢᠨ᠎ᠡ ᠠᠮᠵᠢᠯᠲᠠ ᠵᠢ ᠦᠨᠡᠨᠬᠦ ᠣᠢ᠌ᠯᠠᠭ᠋ᠠᠪᠠ᠃
ᠲᠤᠰ ᠤᠳᠠᠭ᠎ᠠ ᠵᠢᠨ ᠭᠣᠣᠯ ᠰᠡᠳᠦᠪᠲᠦ ᠨᠠᠮ᠎ᠤᠨ ᠡᠳᠦᠷ᠎ᠤᠨ ᠰᠢᠷᠢᠰ ᠠᠵᠢᠯᠯᠠᠭ᠎ᠠ᠎ᠨᠢ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠲᠤ ᠦᠵᠡᠯ ᠰᠠᠨᠠᠭ᠋ᠠᠨ᠎ᠤ ᠲᠠᠯ᠎ᠠ᠎ᠪᠠᠷ ᠭᠦᠨ ᠬᠥᠮᠦᠵᠢᠯ ᠬᠦᠷᠲᠡᠭᠡᠵᠡᠢ᠃ ᠳᠠᠷᠠᠭ᠋ᠠᠴᠢ ᠵᠢᠨ ᠠᠯᠬᠤᠮ᠎ᠳᠤ᠂ ᠪᠢᠳᠡ ᠡᠷᠬᠡᠪᠰᠢ ᠲᠤᠰ ᠠᠵᠢᠯᠯᠠᠭ᠎ᠠ᠎ᠪᠠᠷ ᠠᠵᠠ ᠲᠣᠬᠢᠶᠠᠯ ᠪᠣᠯᠭ᠋ᠠᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠤᠯᠠᠮ ᠴᠢᠨᠠᠭᠰᠢᠳᠠ ᠪᠠᠲᠤᠳᠬᠠᠵᠤ᠂ ᠠᠵᠢᠯ᠎ᠤᠨ ᠪᠠᠶ᠋ᠢᠷᠢ ᠵᠢᠨ ᠦᠢ᠍ᠯᠡᠳᠦᠯᠭᠡ᠎ᠳᠤ ᠰᠠᠭᠤᠷᠢᠯᠠᠵᠤ᠂ ᠨᠡᠩ ᠴᠤᠭ ᠪᠠᠳᠠᠷᠠᠩᠭᠤᠢ ᠲᠡᠮᠡᠴᠡᠯ᠎ᠤᠨ ᠳᠦᠷᠢ ᠪᠠᠶ᠋ᠢᠳᠠᠯ ᠪᠣᠯᠣᠨ ᠨᠡᠩ ᠣᠷᠭᠢᠯᠤᠮ᠎ᠠ ᠬᠠᠯᠠᠭᠤᠨ ᠠᠵᠢᠯ᠎ᠤᠨ ᠬᠠᠯᠠᠭᠤᠨ ᠰᠡᠳᠬᠢᠯᠭᠡ᠎ᠪᠠᠷ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠳᠤ ᠣᠷᠣᠯᠴᠠᠵᠤ᠂ ᠰᠤᠷᠤᠯᠴᠠᠬᠤ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠬᠤ᠎ᠪᠠᠷ ᠣᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠬᠤ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠬᠤ᠎ᠪᠠᠷ ᠠᠵᠢᠯᠯᠠᠬᠤ ᠵᠢ ᠠᠬᠢᠭᠤᠯᠬᠤ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠪᠡᠶᠡᠯᠡᠭᠦᠯᠬᠦ ᠲᠠᠯ᠎ᠠ᠎ᠪᠠᠷ ᠰᠢᠨ᠎ᠡ ᠵᠢᠳᠬᠦᠯ ᠴᠢᠷᠮᠠᠢ᠌ᠯᠭ᠎ᠠ ᠭᠠᠷᠭ᠋ᠠᠨ᠎ᠠ᠃