ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ   -   ᠣᠷᠴᠢᠨ ᠲᠣᠭᠤᠷᠢᠨ᠎ᠤ ᠬᠢᠨᠠᠨ ᠪᠠᠶ᠋ᠢᠴᠠᠭᠠᠯᠲᠠ
ᠨᠡᠢ᠌ᠭᠡᠮ ᠳᠠᠶᠠᠭ᠋ᠠᠷ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ ᠡᠯᠰᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2023-06-20

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠵᠢᠨ ᠲᠥᠯᠥᠭᠡ᠂  ᠣᠲᠣ ᠨᠡᠢ᠌ᠭᠡᠮ ᠳᠠᠶᠠᠭ᠋ᠠᠷ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ᠎ᠢ ᠡᠯᠰᠡᠬᠦ ᠪᠣᠯᠣᠨ᠎ᠠ᠃

      ᠨᠢᠭᠡ᠂ ᠡᠯᠰᠡᠬᠦ ᠬᠡᠪᠴᠢᠶ᠎ᠡ

      ᠡᠷᠬᠡ ᠲᠡᠭᠰᠢ᠂ ᠲᠥᠪ ᠭᠣᠣᠯᠴᠢ᠂ ᠢᠯᠡ ᠪᠠᠢ᠌ᠯᠭ᠋ᠠᠬᠤ ᠵᠠᠷᠴᠢᠮ᠎ᠢ ᠵᠢᠷᠤᠮᠯᠠᠨ᠂ ᠪᠦᠬᠦ ᠤᠯᠤᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠳᠡᠭᠡᠳᠦ ᠰᠤᠷᠭ᠋ᠠᠭᠤᠯᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠂ ᠠᠵᠢᠯ ᠳᠦᠷᠦᠯ᠎ᠤᠨ ᠨᠡᠢ᠌ᠭᠡᠮᠯᠢᠭ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠠ ᠬᠤᠪᠢ ᠬᠥᠮᠥᠨ᠎ᠠᠴᠠ ᠲᠤᠰᠬᠠᠢ ᠮᠡᠷᠭᠡᠵᠢᠯᠲᠡᠨ᠎ᠢ ᠢᠯᠡ᠎ᠪᠠᠷ ᠡᠯᠰᠡᠨ᠎ᠡ᠃

      ᠬᠣᠶᠠᠷ᠂ ᠲᠤᠰᠬᠠᠢ ᠮᠡᠷᠭᠡᠵᠢᠯᠲᠡᠨ᠎ᠤ ᠦᠨᠳᠦᠰᠦᠨ ᠨᠥᠬᠥᠴᠡᠯ

      (ᠨᠢᠭᠡ) ᠨᠠᠮ᠂ ᠤᠯᠤᠰ ᠪᠠ ᠠᠷᠠᠳ ᠲᠦᠮᠡᠨ ᠵᠶ᠋ᠡᠨ ᠬᠠᠢ᠌ᠷᠠᠯᠠᠵᠤ᠂ ᠨᠠᠮ᠎ᠤᠨ ᠦᠨᠳᠦᠰᠦᠨ ᠱᠤᠭᠤᠮ᠎ᠢ ᠬᠦᠷᠢᠶᠡᠯᠡᠬᠦ; ᠵᠠᠷᠴᠢᠮ᠎ᠢ ᠪᠠᠷᠢᠮᠲᠠᠯᠠᠵᠤ᠂ ᠣᠪᠣᠷ ᠰᠤᠷᠲᠠᠯ ᠲᠥᠪ ᠴᠢᠬᠡᠴᠢ ᠪᠠᠶ᠋ᠢᠬᠤ; ᠰᠢᠨᠵᠢᠯᠡᠬᠦ ᠤᠬᠠᠭ᠋ᠠᠨᠴᠢ᠂ ᠪᠤᠰᠤᠳᠴᠢ᠂ ᠲᠥᠪ ᠭᠣᠣᠯᠴᠢ᠂ ᠥᠨᠳᠥᠷ ᠪᠦᠲᠦᠮᠵᠢᠲᠡᠢ᠂ ᠠᠷᠢᠭᠤᠨ ᠴᠢᠬᠡᠴᠢ ᠪᠠᠶ᠋ᠢᠬᠤ ᠬᠢᠨᠠᠨ ᠲᠣᠭᠲᠠᠭ᠋ᠠᠬᠤ ᠵᠠᠷᠴᠢᠮ᠎ᠢ ᠪᠠᠷᠢᠮᠲᠠᠯᠠᠵᠤ᠂ ᠰᠠᠢ᠍ᠢ᠍ᠨ ᠰᠠᠢ᠌ᠬᠠᠨ ᠠᠵᠢᠯ ᠮᠡᠷᠭᠡᠵᠢᠯ᠎ᠤᠨ ᠶᠣᠰᠣ ᠮᠣᠷᠠᠯ ᠪᠠ ᠬᠡᠪ ᠰᠤᠷᠲᠠᠯ᠎ᠲᠠᠢ ᠪᠠᠶ᠋ᠢᠬᠤ; ᠪᠡᠶ᠎ᠡ᠎ᠪᠠᠨ ᠳᠠᠭ᠋ᠠᠭ᠋ᠠᠭᠰᠠᠨ᠂ ᠡᠷᠬᠡ ᠲᠡᠭᠰᠢ᠂ ᠲᠥᠪ ᠭᠣᠣᠯᠴᠢ ᠮᠠᠭ᠋ᠠᠳᠯᠠᠯᠲᠠ ᠪᠠ ᠦᠨᠡᠯᠡᠯᠲᠡ ᠬᠢᠬᠦ; ᠰᠠᠶ᠋ᠢᠨ ᠰᠠᠢ᠌ᠬᠠᠨ ᠦᠰᠦᠭ ᠪᠢᠴᠢᠭ᠎ᠤᠨ ᠵᠣᠬᠢᠶᠠᠨ ᠪᠠᠢ᠌ᠭᠤᠯᠤᠯᠲᠠ ᠪᠠ ᠦᠭᠡ ᠬᠡᠯᠡᠨ᠎ᠤ ᠢᠯᠡᠳᠬᠡᠬᠦ ᠴᠢᠳᠠᠪᠤᠷᠢ᠎ᠲᠠᠢ᠃

      (ᠬᠣᠶᠠᠷ) ᠳᠡᠭᠡᠳᠦ ᠵᠡᠷᠭᠡ᠎ᠠᠴᠠ ᠳᠡᠭᠡᠭᠰᠢᠬᠢ ᠲᠤᠰᠬᠠᠢ ᠮᠡᠷᠭᠡᠵᠢᠯ᠎ᠤᠨ ᠴᠣᠯᠠ᠎ᠲᠠᠢ ᠪᠤᠶᠤ ᠬᠠᠮᠢᠶ᠎ᠠ ᠪᠦᠬᠦᠢ ᠠᠵᠢᠯ ᠲᠥᠷᠥᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠣᠯᠣᠭᠰᠠᠨ ᠮᠥᠷᠲᠡᠭᠡᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠎ᠠ᠎ᠳᠤ 5 ᠵᠢᠯ᠎ᠠᠴᠠ ᠳᠡᠭᠡᠭᠰᠢ ᠠᠵᠢᠯᠯᠠᠭᠰᠠᠨ᠂ ᠬᠠᠮᠢᠶ᠎ᠠ ᠪᠦᠬᠦᠢ ᠬᠦᠷᠢᠶ᠎ᠡ ᠴᠠᠷᠠᠭ᠎ᠠ᠎ᠳᠤ ᠲᠣᠪᠣᠢ᠌ᠮ᠎ᠠ ᠲᠤᠰᠬᠠᠢ ᠮᠡᠷᠭᠡᠵᠢᠯ᠎ᠤᠨ ᠣᠨᠴᠠ ᠴᠢᠳᠠᠪᠤᠷᠢ᠎ᠲᠠᠢ᠂ ᠬᠠᠮᠢᠶᠠᠷᠤᠯᠲᠠ ᠵᠢᠨ ᠲᠤᠷᠰᠢᠯᠭ᠎ᠠ ᠪᠤᠶᠤ ᠦᠢ᠍ᠯᠡᠳᠦᠯᠭᠡ ᠵᠢᠨ ᠲᠤᠷᠰᠢᠯᠭ᠎ᠠ᠎ᠲᠠᠢ ᠲᠤᠰᠬᠠᠢ ᠮᠡᠷᠭᠡᠵᠢᠯ᠎ᠤᠨ ᠴᠣᠯᠠ ᠵᠢᠨ ᠨᠥᠬᠥᠴᠡᠯ᠎ᠢ ᠠᠭᠤᠵᠢᠭᠤ ᠲᠠᠯᠪᠢᠵᠤ ᠪᠣᠯᠣᠨ᠎ᠠ᠃

      (ᠭᠤᠷᠪᠠ) ᠤᠯᠤᠰ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠪᠠ ᠪᠠᠷᠢᠮᠵᠢᠶ᠎ᠠ ᠵᠢ ᠰᠠᠶ᠋ᠢᠨ ᠮᠡᠳᠡᠵᠦ᠂ ᠪᠣᠬᠢᠷᠲᠤᠯ᠎ᠤᠨ ᠡᠬᠢ ᠵᠢᠨ ᠠᠦ᠋ᠲ᠋ᠣ᠋ ᠬᠢᠨᠠᠨ ᠡᠵᠡᠮᠳᠡᠬᠦ ᠲᠥᠬᠦᠭᠡᠷᠦᠮᠵᠢ ᠵᠢ ᠤᠭᠰᠠᠷᠠᠬᠤ᠂ ᠬᠠᠮᠠᠭ᠋ᠠᠯᠠᠬᠤ ᠵᠡᠷᠭᠡ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠢ ᠰᠠᠶ᠋ᠢᠨ ᠮᠡᠳᠡᠬᠦ ᠬᠡᠷᠡᠭᠲᠡᠶ; ᠣᠷᠴᠢᠨ ᠲᠣᠭᠣᠷᠢᠨ᠎ᠳᠤ ᠦᠵᠡᠭᠦᠯᠬᠦ ᠨᠥᠯᠥᠭᠡ ᠵᠢᠨ ᠦᠨᠡᠯᠡᠯᠲᠡ ᠵᠢᠴᠢ ᠪᠣᠬᠢᠷ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠠᠪᠬᠤ ᠵᠡᠷᠭᠡ ᠮᠡᠷᠭᠡᠵᠢᠯ᠎ᠤᠨ ᠦᠢ᠍ᠯᠡᠴᠢᠯᠡᠭᠡ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ᠂ ᠴᠥᠮ᠎ᠡ ᠬᠢᠭᠡᠳ ᠰᠠᠴᠤᠷᠠᠭ ᠪᠠ ᠬᠥᠷᠥᠰᠥ ᠰᠢᠷᠣᠢ ᠵᠢᠨ ᠪᠣᠬᠢᠷᠲᠤᠯ᠎ᠢ ᠵᠠᠰᠠᠨ ᠰᠡᠷᠭᠦᠭᠡᠬᠦ᠂ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠴᠢ ᠺᠣᠮᠫᠢᠦ᠋ᠲ᠋ᠧᠷ᠂ ᠠᠯᠪᠠᠨ ᠠᠵᠢᠯ᠎ᠤᠨ ᠠᠦ᠋ᠲ᠋ᠣᠴᠢᠯᠠᠯᠲᠠ᠂ ᠬᠠᠤᠯᠢ ᠴᠠᠭ᠋ᠠᠵᠠ ᠵᠢᠨ ᠯᠠᠪᠯᠠᠭ᠎ᠠ᠂ ᠨᠢᠭᠲᠠᠯᠠᠨ ᠪᠤᠳᠤᠬᠤ ᠬᠢᠨᠠᠨ ᠪᠤᠳᠤᠬᠤ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠠᠵᠢᠯ ᠪᠤᠶᠤ ᠰᠤᠳᠤᠯᠭ᠋ᠠᠨ᠎ᠢ ᠡᠷᠭᠢᠯᠡᠨ ᠬᠢᠨ᠎ᠡ᠃ ᠣᠢ᠌ᠷ᠎ᠠ ᠵᠢᠨ 3 ᠵᠢᠯ᠎ᠳᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠳᠤ ᠣᠷᠣᠯᠴᠠᠵᠤ ᠥᠩᠭᠡᠷᠡᠭᠰᠡᠨ ᠪᠥᠭᠡᠳ ᠡᠯᠪᠡᠭ ᠪᠠᠶᠠᠯᠢᠭ ᠲᠤᠷᠰᠢᠯᠭ᠎ᠠ᠎ᠲᠠᠢ ᠪᠤᠶᠤ ᠬᠠᠮᠢᠶ᠎ᠠ ᠪᠦᠬᠦᠢ ᠡᠷᠳᠡᠮ ᠰᠢᠨᠵᠢᠯᠡᠭᠡᠨ᠎ᠤ ᠦᠷ᠎ᠡ ᠪᠦᠲᠦᠭᠡᠯ᠎ᠲᠠᠢ ᠬᠥᠮᠥᠰ᠎ᠢ ᠤᠷᠢᠳ ᠵᠶ᠋ᠠᠷ ᠡᠯᠰᠡᠨ᠎ᠡ᠃

      (ᠳᠥᠷᠪᠡ) ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠳᠤ ᠬᠠᠶ᠋ᠢᠷᠠᠲᠠᠶ᠂ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂ ᠡᠷᠳᠡᠮ ᠰᠢᠨᠵᠢᠯᠡᠭᠡᠨ᠎ᠤ ᠰᠠᠢ᠍ᠢ᠍ᠨ ᠰᠠᠢ᠌ᠬᠠᠨ ᠶᠣᠰᠣ ᠮᠣᠷᠠᠯ᠎ᠲᠠᠢ ᠪᠠᠶ᠋ᠢᠬᠤ ᠬᠡᠷᠡᠭᠲᠡᠶ᠃

      (ᠲᠠᠪᠤ) ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠪᠤᠶᠤ ᠠᠵᠢᠯ ᠲᠥᠷᠥᠯ᠎ᠳᠤ ᠨᠡᠯᠢᠶᠡᠳ ᠥᠨᠳᠥᠷ ᠢᠲᠡᠭᠡᠯ ᠬᠦᠨᠳᠦ ᠪᠠ ᠲᠤᠬᠠᠢ᠌ᠯᠠᠭᠰᠠᠨ ᠠᠵᠢᠯ᠎ᠤᠨ ᠬᠢᠷᠢ ᠬᠡᠮᠵᠢᠶ᠎ᠡ᠎ᠲᠠᠢ ᠪᠠᠢ᠌ᠵᠤ᠂ ᠲᠡᠭᠦᠨ᠎ᠤ ᠲᠤᠰᠬᠠᠢ ᠮᠡᠷᠭᠡᠵᠢᠯ ᠪᠤᠶᠤ ᠠᠵᠢᠯ ᠲᠥᠷᠥᠯ᠎ᠤᠨ ᠰᠤᠳᠤᠯᠭ᠋ᠠᠨ᠎ᠤ ᠬᠥᠭᠵᠢᠯᠲᠡ ᠵᠢᠨ ᠬᠥᠳᠡᠯᠦᠯ ᠪᠠᠶ᠋ᠢᠳᠠᠯ᠎ᠢ ᠰᠠᠶ᠋ᠢᠨ ᠮᠡᠳᠡᠭᠰᠡᠨ ᠪᠠᠢ᠌ᠬᠤ ᠭᠡᠷᠡᠭᠳᠡᠢ᠃

      (ᠵᠢᠷᠭᠤᠭ᠎ᠠ) ᠤᠯᠤᠰ᠂ ᠮᠤᠵᠢ ᠵᠢᠨ ᠱᠠᠲᠤᠨ᠎ᠤ ᠲᠤᠰᠬᠠᠢ ᠵᠦᠢ᠍ᠯ᠎ᠤᠨ ᠬᠠᠤᠯᠢ ᠬᠡᠷᠡᠭᠵᠢᠭᠦᠯᠬᠦ ᠠᠵᠢᠯ ᠵᠢᠴᠢ ᠬᠦᠨᠳᠦ ᠶᠡᠬᠡ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠳᠤ ᠣᠷᠣᠯᠴᠠᠵᠤ ᠥᠩᠭᠡᠷᠡᠭᠰᠡᠨ᠂ ᠲᠤᠬᠠᠢ ᠵᠢᠨ ᠲᠠᠯᠠᠪᠤᠷ᠎ᠲᠤ ᠬᠠᠤᠯᠢ ᠬᠡᠷᠡᠭᠵᠢᠭᠦᠯᠬᠦ ᠡᠯᠪᠡᠭ ᠪᠠᠶᠠᠯᠢᠭ ᠲᠤᠷᠰᠢᠯᠭ᠎ᠠ᠎ᠲᠠᠢ ᠪᠥᠭᠡᠳ ᠤᠯᠤᠰ᠂ ᠮᠤᠵᠢ ᠵᠢᠨ ᠱᠠᠲᠤᠨ᠎ᠤ ᠵᠠᠷᠯᠠᠨ ᠰᠠᠢ᠌ᠰᠢᠶᠠᠭᠳᠠᠭᠰᠠᠨ ᠭᠠᠳᠠᠷ ᠮᠤᠵᠢ ᠵᠢᠨ ᠬᠠᠤᠯᠢ ᠬᠡᠷᠡᠭᠵᠢᠭᠦᠯᠬᠦ ᠠᠵᠢᠯᠲᠠᠨ᠎ᠢ ᠣᠨᠴᠠ ᠲᠣᠭᠲᠠᠭᠰᠠᠨ ᠲᠤᠰᠬᠠᠢ ᠮᠡᠷᠭᠡᠵᠢᠯᠲᠡᠨ᠎ᠤ ᠬᠤᠪᠢᠶᠠᠷᠢ ᠬᠥᠮᠥᠷᠭᠡ᠎ᠳᠤ ᠤᠷᠢᠳᠠᠪᠠᠷ ᠣᠷᠣᠭᠤᠯᠤᠨ᠎ᠠ᠃

      (ᠲᠤᠯᠤᠭ᠎ᠠ) ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ ᠵᠶ᠋ᠠᠨ ᠬᠢᠵᠦ ᠳᠡᠢ᠌ᠯᠬᠦ᠂ ᠲᠤᠰᠬᠠᠢ ᠮᠡᠷᠭᠡᠵᠢᠯᠲᠡᠨ᠎ᠤ ᠳᠤᠭᠤᠢ᠌ᠯᠠᠩ᠎ᠤᠨ ᠬᠣᠯᠪᠣᠭᠳᠠᠯ ᠪᠦᠬᠦᠢ ᠠᠵᠢᠯ ᠪᠠ ᠠᠵᠢᠯᠯᠠᠭ᠎ᠠ᠎ᠳᠤ ᠣᠷᠣᠯᠴᠠᠬᠤ ᠴᠠᠭ ᠪᠠ ᠣᠶᠤᠨ ᠴᠢᠳᠠᠯ ᠭᠦᠢ᠍ᠴᠡᠳ ᠪᠠᠶ᠋ᠢᠬᠤ ᠭᠡᠷᠡᠭᠳᠡᠢ᠃

      (ᠨᠠᠢ᠍ᠮᠠ) ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠵᠡᠷᠭᠡ ᠮᠠᠭᠤ ᠲᠡᠮᠳᠡᠭᠯᠡᠯ ᠦᠯᠦ ᠪᠠᠢ᠌ᠵᠤ᠂ ᠲᠡᠷᠡᠴᠢᠯᠡᠨ ᠬᠣᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠎ᠤ ᠬᠢᠷᠢ ᠬᠡᠮ ᠵᠶ᠋ᠡᠨ ᠬᠠᠰᠤᠭᠤᠯᠤᠭᠰᠠᠨ ᠪᠠᠶ᠋ᠢᠳᠠᠯ ᠦᠭᠡᠢ ᠪᠠᠢ᠌ᠬᠤ ᠭᠡᠷᠡᠭᠳᠡᠢ᠃

      (ᠶᠢᠰᠦ) ᠮᠡᠷᠭᠡᠵᠢᠯ᠎ᠤᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠰᠠᠢ᠍ᠢ᠍ᠨ ᠳᠤᠷ᠎ᠠ᠎ᠠᠴᠠ᠎ᠪᠠᠨ ᠣᠷᠣᠯᠴᠠᠵᠤ᠂ ᠠᠮᠠᠯᠠᠯᠲᠠ ᠵᠢᠨ ᠪᠢᠴᠢᠭ᠎ᠢ ᠰᠠᠢ᠍ᠢ᠍ᠨ ᠳᠤᠷ᠎ᠠ᠎ᠠᠴᠠ᠎ᠪᠠᠨ ᠲᠣᠭᠲᠠᠵᠤ᠂ ᠲᠤᠰᠬᠠᠢ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠠᠵᠢᠯᠯᠠᠭ᠎ᠠ ᠵᠢᠨ ᠳᠦᠷᠢᠮ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠵᠤ᠂ ᠨᠢᠭᠡᠳᠦᠯᠲᠡᠢ ᠬᠠᠮᠢᠶᠠᠷᠤᠯᠲᠠ ᠵᠢ ᠬᠦᠯᠢᠶᠡᠬᠦ; ᠠᠵᠢᠯᠯᠠᠵᠤ ᠪᠠᠢ᠌ᠭ᠎ᠠ ᠨᠢᠭᠡᠴᠢ᠂ ᠵᠠᠰᠠᠭ ᠵᠠᠬᠢᠷᠭ᠋ᠠᠨ᠎ᠤ ᠲᠤᠰᠢᠶᠠᠯ᠂ ᠮᠡᠷᠭᠡᠵᠢᠯ᠎ᠤᠨ ᠴᠣᠯᠠ᠂ ᠠᠵᠢᠯ ᠲᠥᠷᠥᠯ᠎ᠤᠨ ᠬᠦᠷᠢᠶ᠎ᠡ᠂ ᠲᠤᠰᠬᠠᠢ ᠮᠡᠷᠭᠡᠵᠢᠯ᠎ᠤᠨ ᠬᠦᠷᠢᠶ᠎ᠡ ᠵᠡᠷᠭᠡ ᠵᠢᠨ ᠮᠡᠳᠡᠭᠡ ᠵᠠᠩᠭᠢ ᠵᠢ ᠰᠠᠶ᠋ᠢᠨ ᠳᠤᠷ᠎ᠠ᠎ᠠᠴᠠ᠎ᠪᠠᠨ ᠢᠯᠡ ᠪᠣᠯᠭ᠋ᠠᠬᠤ ᠵᠢᠨ ᠬᠠᠮᠲᠤ ᠨᠡᠢ᠌ᠭᠡᠮ᠎ᠤᠨ ᠬᠢᠨᠠᠯᠲᠠ ᠵᠢ ᠰᠠᠶ᠋ᠢᠨ ᠳᠤᠷ᠎ᠠ᠎ᠠᠴᠠ᠎ᠪᠠᠨ ᠬᠦᠯᠢᠶᠡᠬᠦ ᠬᠡᠷᠡᠭᠲᠡᠶ᠃

      (ᠠᠷᠪᠠ) ᠲᠤᠰ ᠤᠳᠠᠭ᠎ᠠ ᠵᠢᠨ ᠡᠯᠰᠡᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠬᠦ ᠠᠵᠢᠯ᠎ᠤᠨ ᠰᠢᠢ᠍ᠳᠪᠦᠷᠢᠲᠦ ᠪᠣᠳᠣᠯᠭ᠎ᠠ᠂ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠬᠠᠮᠢᠶᠠᠷᠤᠯᠲᠠ ᠵᠢᠨ ᠳᠦᠷᠢᠮ᠎ᠤᠨ ᠲᠣᠭᠲᠠᠴᠠ᠂ ᠬᠠᠤᠯᠢ ᠬᠡᠷᠡᠭᠵᠢᠭᠦᠯᠦᠯᠲᠡ ᠵᠢᠨ ᠬᠦᠴᠢᠷ ᠠᠰᠠᠭᠤᠳᠠᠯ ᠵᠡᠷᠭᠡ ᠲᠠᠯ᠎ᠠ ᠵᠢᠨ ᠰᠤᠳᠤᠯᠭ᠋ᠠᠨ᠎ᠳᠤ ᠣᠷᠣᠯᠴᠠᠨ᠎ᠠ᠃ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠮᠡᠷᠭᠡᠵᠢᠯ᠎ᠤᠨ ᠦᠨᠡᠯᠡᠨ ᠵᠢᠱ᠌ᠢᠯᠲᠡ᠂ ᠬᠡᠷᠡᠭ᠎ᠤᠨ ᠪᠠᠢ᠌ᠴᠠᠭ᠋ᠠᠯᠲᠠ᠂ ᠬᠡᠷᠡᠭ᠎ᠤᠨ ᠡᠪᠬᠡᠮᠡᠯ᠎ᠢ ᠬᠢᠨᠠᠨ ᠲᠣᠭᠲᠠᠭ᠋ᠠᠬᠤ ᠪᠠ ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ᠎ᠳᠤ ᠮᠡᠷᠭᠡᠵᠢᠯ᠎ᠤᠨ ᠳᠡᠮᠵᠢᠯᠭᠡ ᠬᠠᠩᠭ᠋ᠠᠬᠤ ᠵᠢᠴᠢ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠠᠵᠢᠯ᠎ᠤᠨ ᠪᠠᠶ᠋ᠢᠷᠢ ᠵᠢᠨ ᠪᠣᠯᠪᠠᠰᠤᠷᠠᠭᠤᠯᠤᠯ ᠪᠠ ᠲᠤᠰᠬᠠᠢ ᠮᠡᠷᠭᠡᠵᠢᠯ (ᠲᠤᠰᠬᠠᠢ ᠵᠦᠢ᠍ᠯ)᠎ᠤᠨ ᠪᠤᠯᠪᠠᠰᠤᠷᠠᠯ᠎ᠤᠨ ᠠᠵᠢᠯ᠎ᠳᠤ ᠪᠠᠭᠰᠢ ᠵᠢᠨ ᠪᠠᠲᠤᠯᠠᠭ᠎ᠠ ᠬᠠᠩᠭ᠋ᠠᠨ᠎ᠠ᠃

      ᠭᠤᠷᠪᠠ᠂ ᠲᠤᠰᠬᠠᠢ ᠮᠡᠷᠭᠡᠵᠢᠯᠲᠡᠨ᠎ᠤ ᠡᠭᠦᠷᠭᠡ ᠬᠠᠷᠢᠭᠤᠴᠠᠯᠭ᠎ᠠ

      (ᠨᠢᠭᠡ) ᠠᠵᠢᠯ᠎ᠤᠨ ᠳᠤᠮᠳᠠ᠎ᠪᠠᠨ ᠰᠢᠨᠵᠢᠯᠡᠬᠦ ᠤᠬᠠᠭ᠋ᠠᠨᠴᠢ ᠴᠢᠩᠭ᠎ᠠ ᠨᠢᠮᠪᠠᠢ᠂ ᠪᠤᠰᠤᠳᠴᠢ ᠲᠥᠪ ᠭᠣᠣᠯᠴᠢ᠂ ᠦᠨᠡᠨ᠎ᠠᠴᠠ ᠵᠥᠪ᠎ᠢ ᠡᠷᠢᠬᠦ ᠣᠪᠣᠷ ᠵᠶ᠋ᠠᠷ ᠬᠤᠪᠢ ᠬᠥᠮᠥᠨ᠎ᠤ ᠪᠢᠴᠢᠭ᠎ᠤᠨ ᠬᠡᠯᠪᠡᠷᠢ ᠵᠢᠨ ᠦᠨᠡᠨ ᠪᠣᠳᠠᠲᠠᠢ᠂ ᠨᠠᠢ᠌ᠳᠠᠪᠤᠷᠢᠲᠠᠢ ᠲᠤᠰᠬᠠᠢ ᠮᠡᠷᠭᠡᠵᠢᠯᠲᠡᠨ᠎ᠤ ᠰᠠᠨᠠᠯ᠎ᠢ ᠬᠠᠩᠭ᠋ᠠᠵᠤ᠂ ᠬᠤᠪᠢ ᠬᠥᠮᠥᠨ᠎ᠤ ᠰᠠᠨᠠᠯ᠎ᠳᠤ ᠡᠷᠬᠡᠪᠰᠢ ᠬᠤᠪᠢ ᠬᠥᠮᠥᠨ᠎ᠤ ᠲᠣᠳᠣᠷᠬᠠᠢ ᠰᠠᠨᠠᠯ᠎ᠲᠠᠢ ᠪᠠᠢ᠌ᠵᠤ᠂ ᠰᠠᠨᠠᠯ᠎ᠤᠨ ᠦᠨᠳᠦᠰᠦᠯᠡᠯ ᠭᠦᠢ᠍ᠴᠡᠳ᠂ ᠴᠢᠭᠯᠡᠭᠦᠯᠦᠯᠲᠦ ᠴᠢᠨᠠᠷ᠂ ᠵᠦᠢ ᠶᠣᠰᠣᠴᠢ ᠴᠢᠨᠠᠷ᠂ ᠪᠣᠯᠣᠮᠵᠢᠲᠤ ᠴᠢᠨᠠᠷ᠎ᠲᠠᠢ ᠪᠠᠶ᠋ᠢᠬᠤ ᠬᠡᠷᠡᠭᠲᠡᠶ᠃ ᠲᠤᠰᠬᠠᠢ ᠮᠡᠷᠭᠡᠵᠢᠯᠲᠡᠨ ᠭᠠᠷᠭ᠋ᠠᠭᠰᠠᠨ ᠰᠠᠨᠠᠯ᠎ᠳᠤ ᠬᠠᠷᠢᠭᠤᠴᠠᠨ᠎ᠠ᠃

      (ᠬᠣᠶᠠᠷ) ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠨ ᠰᠠᠬᠢᠵᠤ᠂ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠬᠢᠨᠠᠮᠠᠭ᠋ᠠᠢ ᠭᠦᠢ᠍ᠴᠡᠳᠬᠡᠵᠦ᠂ ᠠᠵᠢᠯ᠎ᠤᠨ ᠳᠤᠮᠳᠠ᠎ᠪᠠᠨ ᠣᠯᠵᠤ ᠮᠡᠳᠡᠭᠰᠡᠨ ᠮᠡᠷᠭᠡᠵᠢᠯ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ ᠵᠢᠴᠢ ᠮᠡᠷᠭᠡᠵᠢᠯ᠎ᠤᠨ ᠦᠢ᠍ᠯᠡᠴᠢᠯᠡᠭᠡᠨ᠎ᠤ ᠪᠠᠶ᠋ᠢᠳᠠᠯ᠎ᠢ ᠵᠠᠳᠠᠷᠠᠭᠤᠯᠵᠤ ᠪᠣᠯᠬᠤ ᠦᠭᠡᠢ᠃ ᠨᠢᠭᠤᠴᠠ ᠵᠢ ᠵᠠᠳᠠᠷᠠᠭᠤᠯᠤᠭᠰᠠᠨ᠎ᠠᠴᠠ ᠪᠣᠯᠵᠤ ᠮᠠᠭᠤ ᠦᠷ᠎ᠡ ᠳ᠋ᠦᠩ ᠭᠠᠷᠭ᠋ᠠᠭᠰᠠᠨ ᠪᠠᠢ᠌ᠪᠠᠯ᠂ ᠬᠣᠯᠪᠣᠭᠳᠠᠯ ᠪᠦᠬᠦᠢ ᠬᠠᠷᠢᠭᠤᠴᠠᠯᠭ᠎ᠠ ᠵᠢ ᠡᠭᠦᠷᠭᠡᠯᠡᠨ᠎ᠡ᠃

      (ᠭᠤᠷᠪᠠ) ᠪᠣᠬᠢᠷᠲᠤᠯ ᠭᠠᠳᠠᠭᠰᠢᠯᠠᠭᠤᠯᠬᠤ ᠬᠠᠷᠢᠭᠤᠴᠠᠯᠭ᠋ᠠᠲᠤ ᠨᠢᠭᠡᠴᠢ᠂ ᠭᠤᠷᠪᠠᠳᠠᠭᠢ ᠡᠲᠡᠭᠡᠳ᠎ᠤᠨ ᠦᠢ᠍ᠯᠡᠴᠢᠯᠡᠭᠡ ᠵᠡᠷᠭᠡ ᠨᠢᠭᠡᠴᠢ᠎ᠯᠦᠭᠡ ᠠᠰᠢᠭ ᠲᠤᠰᠠ ᠵᠢᠨ ᠬᠠᠷᠢᠴᠠᠭ᠎ᠠ᠎ᠲᠠᠢ ᠪᠠᠢ᠌ᠵᠤ᠂ ᠲᠥᠪ ᠭᠣᠣᠯᠴᠢ ᠴᠢᠨᠠᠷ᠎ᠢ ᠨᠥᠯᠥᠭᠡᠯᠡᠵᠦ ᠮᠡᠳᠡᠬᠦ᠎ᠳᠤ ᠭᠦᠷᠪᠡᠯ᠂ ᠰᠠᠨᠠᠭ᠋ᠠᠴᠢᠯᠠᠭ᠎ᠠ᠎ᠠᠴᠠ᠎ᠪᠠᠨ ᠵᠠᠢ᠌ᠯᠠᠭᠤᠯᠬᠤ᠎ᠪᠠᠷ ᠳᠤᠷᠠᠳᠬᠤ ᠬᠡᠷᠡᠭᠲᠡᠶ᠃

      (ᠳᠥᠷᠪᠡ) ᠠᠮᠢ ᠠᠬᠤᠢ ᠣᠷᠴᠢᠨ ᠲᠣᠭᠣᠷᠢᠨ᠎ᠤ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠪᠠ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠬᠤ ᠵᠢ ᠣᠯᠵᠤ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ᠎ᠳᠤ ᠴᠠᠭ ᠲᠤᠬᠠᠢ᠎ᠳᠤᠨᠢ ᠰᠠᠨᠠᠭ᠋ᠠᠴᠢᠯᠠᠭ᠎ᠠ᠎ᠠᠴᠠ᠎ᠪᠠᠨ ᠮᠡᠳᠡᠭᠦᠯᠬᠦ ᠬᠡᠷᠡᠭᠲᠡᠶ᠃

      (ᠲᠠᠪᠤ) ᠬᠠᠮᠢᠶ᠎ᠠ ᠪᠦᠬᠦᠢ ᠠᠵᠢᠯ᠎ᠳᠤ ᠴᠠᠭ ᠲᠤᠬᠠᠢ᠎ᠳᠤᠨᠢ ᠣᠷᠣᠯᠴᠠᠵᠤ᠂ ᠡᠰᠡᠷᠭᠦᠴᠡᠵᠦ ᠪᠣᠯᠣᠰᠢ ᠦᠭᠡᠢ ᠬᠦᠴᠦᠨ ᠵᠦᠢ᠍ᠯ ᠪᠢᠰᠢ ᠪᠣᠯ ᠰᠠᠭ᠋ᠠᠲᠠᠵᠤ ᠪᠣᠯᠬᠤ ᠦᠭᠡᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠢ ᠤᠷᠢᠵᠤ ᠪᠣᠯᠬᠤ ᠦᠭᠡᠢ᠂ ᠵᠠᠪᠰᠢᠶᠠᠨ᠎ᠢ ᠳᠠᠯᠢᠮᠳᠠᠭᠤᠯᠤᠨ ᠲᠥᠷᠥᠯ ᠵᠦᠢ᠍ᠯ᠎ᠢ ᠲᠠᠲᠠᠵᠤ ᠪᠣᠯᠬᠤ ᠦᠭᠡᠢ᠃

      (ᠵᠢᠷᠭᠤᠭ᠎ᠠ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠢ᠌ᠭᠤᠯᠤᠮᠵᠢ᠎ᠲᠠᠢ ᠬᠠᠮᠵᠢᠯᠴᠠᠨ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠲᠠᠯ᠎ᠠ ᠵᠢᠨ᠎ᠬᠢᠨ᠎ᠤ ᠯᠠᠪᠯᠠᠨ ᠠᠰᠠᠭᠤᠬᠤ᠂ ᠰᠡᠵᠢᠭᠯᠡᠬᠦ ᠪᠠ ᠵᠠᠭ᠋ᠠᠯᠳᠤᠯᠭ᠎ᠠ ᠵᠢ ᠪᠠᠢ᠌ᠴᠠᠭ᠋ᠠᠨ ᠰᠢᠢ᠍ᠳᠪᠦᠷᠢᠯᠡᠨ᠎ᠡ᠃

      (ᠲᠤᠯᠤᠭ᠎ᠠ) ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠣᠬᠢᠴᠠᠩᠭᠤᠢ ᠬᠥᠳᠡᠯᠮᠦᠷᠢ ᠦᠢ᠍ᠯᠡᠴᠢᠯᠡᠭᠡᠨ᠎ᠤ ᠬᠥᠯᠥᠰᠦ ᠣᠯᠭᠣᠮᠵᠢ ᠣᠯᠭᠣᠨ᠎ᠠ᠃

      (ᠨᠠᠢ᠍ᠮᠠ) ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠲᠤᠢ᠌ᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠡᠷᠬᠡ ᠪᠠ ᠡᠭᠦᠷᠭᠡ᠃

      ᠳᠥᠷᠪᠡ᠂ ᠡᠯᠰᠡᠬᠦ ᠲᠠᠰ ᠳᠠᠷᠠᠭ᠋ᠠᠯᠠᠯ

      (ᠨᠢᠭᠡ) ᠬᠤᠪᠢ ᠬᠥᠮᠥᠨ ᠭᠤᠶᠤᠴᠢᠯᠠᠬᠤ᠂ ᠨᠢᠭᠡᠴᠢ᠎ᠠᠴᠠ ᠲᠠᠨᠢᠯᠴᠠᠭᠤᠯᠬᠤ ᠪᠤᠶᠤ ᠬᠠᠨᠳᠤᠯᠭ᠎ᠠ᠎ᠲᠠᠢ᠎ᠪᠠᠷ ᠤᠷᠢᠬᠤ ᠠᠷᠭ᠎ᠠ ᠮᠠᠶᠢᠭ᠎ᠢ ᠬᠡᠷᠡᠭᠯᠡᠨ᠎ᠡ᠃ ᠬᠤᠪᠢ ᠬᠥᠮᠥᠨ᠎ᠤ ᠭᠤᠶᠤᠴᠢᠯᠠᠭᠰᠠᠨ ᠪᠠ ᠨᠢᠭᠡᠴᠢ ᠵᠢᠨ ᠲᠠᠨᠢᠯᠴᠠᠭᠤᠯᠤᠭᠰᠠᠨ ᠬᠥᠮᠥᠷᠭᠡ᠎ᠳᠤ ᠣᠷᠣᠭᠤᠯᠬᠤ ᠲᠤᠰᠬᠠᠢ ᠮᠡᠷᠭᠡᠵᠢᠯᠲᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ᠎ᠤ ᠭᠤᠶᠤᠴᠢᠯᠠᠯ᠎ᠤᠨ ᠬᠦᠰᠦᠨᠦᠭᠲᠦ》 《ᠠᠮᠠᠯᠠᠯᠲᠠ ᠵᠢᠨ ᠵᠠᠬᠢᠳᠠᠯ》 (ᠳᠠᠭ᠋ᠠᠯᠳᠤᠭᠤᠯᠤᠯ 2᠂ ᠳᠠᠭ᠋ᠠᠯᠳᠤᠭᠤᠯᠤᠯ 3᠎ᠢ ᠦᠵᠡ)᠎ᠢ ᠲᠠᠭᠯᠠᠨ ᠪᠢᠴᠢᠬᠦ ᠵᠢᠨ ᠬᠠᠮᠲᠤ ᠮᠡᠷᠭᠡᠵᠢᠯ᠎ᠤᠨ ᠴᠣᠯᠠ ᠵᠢᠨ ᠦᠨᠡᠮᠯᠡᠯ᠂ ᠬᠤᠪᠢ ᠬᠥᠮᠥᠨ᠎ᠤ ᠰᠤᠳᠤᠯᠭ᠋ᠠᠨ᠎ᠤ ᠦᠷ᠎ᠡ ᠪᠦᠲᠦᠭᠡᠯ ᠵᠢᠴᠢ ᠠᠵᠢᠯ᠎ᠤᠨ ᠠᠮᠵᠢᠯᠲᠠ ᠪᠦᠲᠦᠮᠵᠢ ᠵᠢᠨ ᠭᠡᠷᠡᠴᠢᠯᠡᠯ (ᠵᠢᠱ᠌ᠢᠶᠡᠯᠡᠪᠡᠯ)᠂ ᠪᠡᠶ᠎ᠡ ᠵᠢᠨ ᠦᠨᠡᠮᠯᠡᠯ ᠵᠡᠷᠭᠡ ᠮᠠᠲ᠋ᠧᠷᠢᠶᠠᠯ᠎ᠤᠨ ᠬᠠᠭᠤᠯᠪᠤᠷᠢ ᠵᠢ ᠳᠠᠭ᠋ᠠᠯᠳᠤᠭᠤᠯᠬᠤ ᠬᠡᠷᠡᠭᠲᠡᠶ; ᠨᠢᠭᠡᠴᠢ ᠵᠢᠨ ᠲᠠᠨᠢᠯᠴᠠᠭᠤᠯᠤᠭᠰᠠᠨ ᠵᠦᠢ᠍ᠯ᠎ᠳᠤ ᠲᠣᠭ᠋ᠠᠴᠠᠭᠳᠠᠪᠠᠯ ᠪᠠᠰᠠ ᠲᠤᠰ ᠬᠥᠮᠥᠨ᠎ᠤ ᠪᠠᠢ᠌ᠭ᠎ᠠ ᠨᠢᠭᠡᠴᠢ ᠵᠢᠨ ᠭᠠᠷᠭ᠋ᠠᠭᠰᠠᠨ ᠲᠠᠨᠢᠯᠴᠠᠭᠤᠯᠤᠭᠰᠠᠨ ᠰᠠᠨᠠᠯ᠎ᠢ ᠬᠠᠩᠭ᠋ᠠᠬᠤ ᠴᠢᠬᠤᠯᠠᠲᠠᠢ ᠪᠠᠢ᠌ᠵᠤ᠂ ᠲᠠᠨᠢᠯᠴᠠᠭᠤᠯᠤᠭᠰᠠᠨ ᠨᠢᠭᠡᠴᠢ ᠪᠠ ᠲᠤᠰ ᠬᠥᠮᠥᠨ᠎ᠨᠢ ᠬᠠᠩᠭ᠋ᠠᠭᠰᠠᠨ ᠮᠠᠲ᠋ᠧᠷᠢᠶᠠᠯ᠎ᠤᠨ ᠵᠶ᠋ᠠᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠶ᠃

      ᠳᠡᠭᠡᠷ᠎ᠡ ᠳᠤᠷᠠᠳᠤᠭᠰᠠᠨ ᠮᠠᠲ᠋ᠧᠷᠢᠶᠠᠯ (ᠰᠢᠷᠪᠢᠯᠲᠡ ᠵᠢᠨ ᠡᠯᠧᠺᠲᠷᠣᠨ ᠬᠡᠪᠯᠡᠯ)᠎ᠢ 2023 ᠣᠨ᠎ᠤ 6 ᠰᠠᠷ᠎ᠠ ᠵᠢᠨ 25᠎ᠤ ᠡᠳᠦᠷ᠎ᠠᠴᠠ ᠡᠮᠦᠨ᠎ᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠵᠢᠭ᠋ᠠᠨ ᠲᠣᠭᠲᠠᠭ᠋ᠠᠭᠰᠠᠨ ᠰᠢᠤᠳᠠᠨ᠎ᠤ ᠬᠠᠢ᠌ᠷᠴᠠᠭ (nmepi2009@163.com)᠎ᠲᠤ ᠢᠯᠡᠭᠡᠨ᠎ᠡ᠃

      (ᠬᠣᠶᠠᠷ) ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠎ᠠᠴᠠ ᠲᠤᠰᠬᠠᠢ ᠮᠡᠷᠭᠡᠵᠢᠯᠲᠡᠨ᠎ᠤ ᠮᠡᠳᠡᠭᠦᠯᠦᠭᠰᠡᠨ ᠮᠠᠲ᠋ᠧᠷᠢᠶᠠᠯ᠎ᠢ ᠬᠢᠨᠠᠨ ᠬᠠᠷᠭᠤᠭᠤᠯᠬᠤ ᠵᠢ ᠵᠣᠬᠢᠶᠠᠨ ᠪᠠᠢ᠌ᠭᠤᠯᠬᠤ ᠵᠢᠨ ᠬᠠᠮᠲᠤ᠂ ᠬᠥᠮᠥᠷᠭᠡ᠎ᠳᠤ ᠰᠣᠩᠭᠣᠭᠳᠠᠭᠰᠠᠨ ᠲᠤᠰᠬᠠᠢ ᠮᠡᠷᠭᠡᠵᠢᠯᠲᠡᠨ᠎ᠤ ᠨᠡᠷᠡᠰ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠰᠦᠯᠵᠢᠶᠡᠨ᠎ᠳᠤ ᠢᠯᠡ ᠨᠡᠢ᠌ᠲᠡᠯᠡᠨ᠎ᠡ᠃

      (ᠭᠤᠷᠪᠠ) ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠬᠥᠳᠡᠯᠦᠩᠭᠦᠢ ᠬᠠᠮᠢᠶᠠᠷᠤᠯᠲᠠ ᠵᠢ ᠬᠡᠷᠡᠭᠵᠢᠭᠦᠯᠵᠦ᠂ ᠪᠣᠳᠠᠲᠠᠢ ᠬᠡᠷᠡᠭᠴᠡᠭᠡ᠎ᠪᠠᠨ ᠦᠨᠳᠦᠰᠦᠯᠡᠨ ᠴᠠᠭ ᠲᠤᠬᠠᠢ᠎ᠳᠤᠨᠢ ᠨᠡᠮᠡᠵᠦ ᠨᠥᠬᠥᠪᠦᠷᠢᠯᠡᠬᠦ ᠪᠠ ᠲᠣᠬᠢᠷᠠᠭᠤᠯᠤᠨ᠎ᠠ᠃ ᠲᠤᠰᠬᠠᠢ ᠮᠡᠷᠭᠡᠵᠢᠯᠲᠡᠨ᠎ᠤ ᠬᠥᠮᠥᠷᠭᠡ ᠵᠢᠨ ᠲᠤᠰᠬᠠᠢ ᠮᠡᠷᠭᠡᠵᠢᠯᠲᠡᠨ ᠬᠤᠭᠤᠴᠠᠭ᠎ᠠ ᠪᠦᠷᠢ 3 ᠵᠢᠯ ᠪᠠᠢ᠌ᠵᠤ᠂ ᠲᠤᠰᠢᠶᠠᠯ᠎ᠤᠨ ᠬᠤᠭᠤᠴᠠᠭ᠎ᠠ᠎ᠨᠢ ᠳᠦᠭᠦᠷᠪᠡᠯ ᠲᠤᠰᠬᠠᠢ ᠮᠡᠷᠭᠡᠵᠢᠯᠲᠡᠨ᠎ᠤ ᠬᠥᠮᠥᠷᠭᠡ᠎ᠠᠴᠠ ᠠᠶᠠᠨᠳᠠᠭ᠋ᠠᠨ ᠰᠠᠯᠤᠨ᠎ᠠ᠃

      ᠲᠠᠪᠤ᠂ ᠬᠠᠷᠢᠯᠴᠠᠬᠤ ᠠᠷᠭ᠎ᠠ ᠬᠡᠯᠪᠡᠷᠢ

      ᠬᠠᠷᠢᠯᠴᠠᠬᠤ ᠬᠥᠮᠥᠨ᠄ ᠯᠢ ᠭᠥᠸᠧ ᠹᠧᠩ


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ 《ᠤᠬᠠᠮᠰᠠᠷ᠎ᠠᠴᠠ᠎ᠪᠠᠨ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠳᠠᠪᠲᠠᠨ ᠪᠣᠯᠪᠠᠰᠤᠷᠠᠭᠤᠯᠵᠤ ᠱᠠᠯᠠᠪᠳᠠᠭᠤᠯᠤᠨ ᠪᠠᠢ᠌ᠴᠠᠭ᠋ᠠᠬᠤ ᠲᠡᠮᠦᠷ ᠴᠡᠷᠢᠭ᠎ᠤᠨ ᠴᠤᠭ ᠵᠢᠪᠬᠤᠭ᠎ᠠ᠎ᠪᠠᠨ ᠡᠭᠦᠷᠢᠳᠡ ᠪᠠᠲᠤᠯᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠪᠠ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠠᠯᠠᠱ᠌ᠠ ᠠᠶ᠋ᠢᠮᠠᠭ᠎ᠲᠤ ᠬᠦᠷᠴᠦ 《ᠬᠠᠪᠰᠤᠷᠤᠯᠴᠠᠭ᠎ᠠ ᠪᠠᠢ᠌ᠭᠤᠯᠤᠨ ᠬᠠᠪᠰᠤᠷᠤᠨ ᠲᠡᠳᠬᠦᠵᠦ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠶ᠎ᠡ》 ᠭᠡᠬᠦ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ 《ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ》᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠭᠤᠷᠪᠠᠳᠤᠭ᠋ᠠᠷ ᠡᠭᠡᠯᠵᠢ ᠵᠢᠨ ᠪᠥᠬᠥ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠬᠡᠷᠡᠭᠵᠢᠭᠦᠯᠦᠭᠰᠡᠨ ᠬᠡᠷᠡᠭ᠎ᠤᠨ ᠡᠪᠬᠡᠮᠡᠯ᠎ᠢ ᠦᠨᠡᠯᠡᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠭᠣᠣᠯ ᠰᠡᠳᠦᠪᠲᠦ ᠤᠬᠠᠭᠤᠯᠤᠨ ᠲᠠᠢ᠌ᠯᠪᠤᠷᠢᠯᠠᠯᠲᠠ ᠥᠷᠨᠢᠭᠦᠯᠵᠡᠢ
 
             蒙ICP备05000248号