ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠭᠣᠣᠯ ᠰᠡᠳᠦᠪᠲᠦ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠵᠦ᠂ 《ᠪᠢ ᠤᠯᠠᠨ ᠲᠦᠮᠡᠨ᠎ᠳᠤ ᠪᠣᠳᠠᠲᠠᠢ ᠶᠠᠪᠤᠳᠠᠯ ᠬᠢᠵᠦ ᠥᠭᠬᠦ》 ᠠᠵᠢᠯᠯᠠᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ ᠪᠣᠯᠣᠨ ᠦᠨᠳᠦᠰᠦᠨ ᠱᠠᠲᠤᠨ᠎ᠤ ᠲᠣᠰᠬᠤᠨ ᠪᠠᠯᠭ᠋ᠠᠰᠤ ᠵᠢᠨ ᠨᠠᠮ᠎ᠤᠨ ᠪᠠᠢ᠌ᠭᠤᠯᠤᠯᠲᠠ ᠵᠢᠨ ᠬᠣᠯᠪᠤᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠬᠤ ᠵᠢᠨ ᠲᠥᠯᠥᠭᠡ᠂ 10 ᠰᠠᠷ᠎ᠠ ᠵᠢᠨ 27 ᠤ ᠡᠳᠦᠷ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠨᠠᠮ᠎ᠤᠨ ᠡᠭᠦᠷ ᠠᠯᠠᠱ᠌ᠠ ᠵᠡᠭᠦᠨ ᠬᠣᠰᠢᠭᠤᠨ᠎ᠤ ᠪᠠᠶᠠᠨᠬᠣᠲᠠ ᠪᠠᠯᠭ᠋ᠠᠰᠤ ᠵᠢᠨ ᠰᠢᠨᠢᠳᠤᠬᠠᠢ ᠭᠠᠴᠠᠭ᠎ᠠ᠎ᠳᠤ ᠬᠦᠷᠴᠦ᠂ ᠠᠯᠠᠱ᠌ᠠ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠨᠠᠮ᠎ᠤᠨ ᠡᠭᠦᠷ᠎ᠲᠠᠢ 《ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠵᠢ ᠥᠷᠨᠢᠭᠦᠯᠪᠡ᠃
ᠲᠣᠰᠬᠤᠨ᠎ᠳᠤ ᠰᠠᠭᠤᠭ᠎ᠠ ᠨᠠᠮ᠎ᠤᠨ ᠡᠭᠦᠷ᠎ᠤᠨ ᠨᠢᠭᠡᠳᠦᠭᠡᠷ ᠱᠦᠵᠢ᠂ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠳᠡᠳ᠋ ᠳᠠᠷᠤᠭ᠎ᠠ ᠸᠸᠨ ᠹᠦ᠋ ᠨᠥᠬᠥᠷ᠎ᠤᠨ ᠳᠠᠭ᠋ᠠᠭᠤᠯᠭ᠎ᠠ ᠳᠣᠣᠷ᠎ᠠ᠂ ᠪᠦᠬᠦ ᠬᠥᠮᠥᠰ ᠠᠯᠠᠱ᠌ᠠ ᠠᠶ᠋ᠢᠮᠠᠭ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠬᠠᠪᠰᠤᠷᠤᠨ ᠲᠡᠳᠬᠦᠬᠦ ᠴᠡᠭ — ᠰᠢᠨᠢᠳᠤᠬᠠᠢ ᠭᠠᠴᠠᠭ᠎ᠠ᠎ᠳᠤ ᠬᠦᠷᠴᠦ ᠲᠣᠬᠣᠨᠢᠭᠤᠯᠵᠤ᠂ ᠬᠦᠴᠢᠷᠳᠡᠯᠲᠡᠢ ᠤᠯᠠᠨ ᠲᠦᠮᠡᠨ᠎ᠳᠤ ᠠᠮᠤ ᠪᠤᠳᠠᠭ᠎ᠠ ᠭᠤᠯᠢᠷ ᠲᠣᠰᠣ ᠵᠡᠷᠭᠡ ᠠᠮᠢᠳᠤᠷᠠᠯ᠎ᠤᠨ ᠡᠳ᠋ ᠪᠣᠳᠠᠰ ᠬᠦᠷᠭᠡᠭᠰᠡᠨ᠎ᠤ ᠬᠠᠮᠲᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠬᠠᠤᠯᠢ ᠴᠠᠭ᠋ᠠᠵᠠ ᠵᠢ ᠲᠣᠰᠬᠤᠨ᠎ᠳᠤ ᠬᠦᠷᠭᠡᠬᠦ》 ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠴᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠤᠨ᠎ᠤ ᠪᠦᠲᠦᠭᠡᠨ ᠪᠠᠢ᠌ᠭᠤᠯᠤᠯᠲᠠ᠎ᠳᠤ ᠬᠦᠴᠦᠨ ᠨᠡᠮᠡᠷᠢᠯᠡᠵᠡᠢ᠃ ᠳᠠᠷᠠᠭ᠎ᠠ᠎ᠳᠤ᠎ᠨᠢ᠂ ᠸᠧᠨ ᠹᠦ᠋ ᠨᠥᠬᠥᠷ 《ᠬᠠᠪᠰᠤᠷᠤᠯᠴᠠᠭ᠎ᠠ ᠪᠠᠢ᠌ᠭᠤᠯᠤᠨ ᠬᠠᠪᠰᠤᠷᠤᠨ ᠲᠡᠳᠬᠦᠵᠦ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠶ᠎ᠡ》 ᠭᠡᠬᠦ ᠭᠣᠣᠯ ᠰᠡᠳᠦᠪ᠎ᠤᠨ ᠲᠣᠭᠣᠷᠢᠨ᠎ᠳᠤ᠂ ᠨᠢᠭᠡ ᠵᠢᠯ ᠰᠢᠬᠠᠮ᠎ᠤᠨ ᠲᠣᠰᠬᠤᠨ᠎ᠳᠤ ᠰᠠᠭᠤᠭ᠎ᠠ ᠠᠵᠢᠯ᠎ᠤᠨ ᠪᠣᠳᠠᠲᠤ ᠠᠮᠵᠢᠯᠲᠠ᠎ᠲᠠᠢ ᠤᠶᠠᠯᠳᠤᠭᠤᠯᠵᠤ᠂ ᠲᠤᠰᠬᠠᠢ ᠰᠡᠳᠦᠪᠲᠦ ᠨᠠᠮ᠎ᠤᠨ ᠬᠢᠴᠢᠶᠡᠯ᠎ᠤᠨ ᠬᠠᠪᠰᠤᠷᠤᠨ ᠵᠢᠯᠣᠭᠣᠳᠤᠯᠭ᠎ᠠ ᠬᠢᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢᠨ ᠬᠥᠳᠡᠭᠡ ᠲᠣᠰᠬᠤᠨ᠎ᠳᠤ ᠠᠪᠴᠢᠷᠠᠭᠰᠠᠨ ᠰᠢᠨ᠎ᠡ ᠬᠤᠪᠢᠷᠠᠯᠲᠠ ᠵᠢ ᠤᠯᠠᠨ᠎ᠳᠤ ᠦᠨᠡᠨᠬᠦ ᠮᠡᠳᠡᠷᠡᠭᠦᠯᠵᠡᠢ᠃
ᠠᠯᠠᠱ᠌ᠠ ᠵᠡᠭᠦᠨ ᠬᠣᠰᠢᠭᠤᠨ᠎ᠤ ᠮᠥᠷᠡᠨ ᠭᠣᠣᠯ᠎ᠤᠨ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ᠎ᠳᠤ᠂ ᠨᠠᠮ᠎ᠤᠨ ᠭᠡᠰᠢᠭᠦᠨ ᠺᠠᠳ᠋ᠷ ᠬᠤᠪᠢᠰᠬᠠᠯ᠎ᠤᠨ ᠲᠡᠦᠬᠡ ᠵᠢ ᠡᠷᠭᠢᠴᠡᠭᠦᠯᠵᠦ᠂ ᠬᠤᠪᠢᠰᠬᠠᠯ᠎ᠤᠨ ᠦᠷᠡᠭᠳᠡᠭᠰᠡᠨ ᠪᠠᠭ᠋ᠠᠲᠤᠷᠴᠤᠳ᠎ᠤᠨ ᠠᠯᠠᠱ᠌ᠠ ᠣᠷᠣᠨ᠎ᠳᠤ ᠴᠢᠰᠤᠨ ᠪᠠᠢ᠌ᠯᠳᠤᠭ᠋ᠠᠨ ᠬᠢᠭᠰᠡᠨ ᠲᠡᠷᠢᠭᠦᠨ᠎ᠤ ᠦᠢ᠍ᠯᠡ ᠠᠵᠢᠯᠯᠠᠭ᠎ᠠ ᠵᠢ ᠰᠤᠷᠤᠯᠴᠠᠬᠤ᠎ᠪᠠᠷ ᠳᠠᠮᠵᠢᠭᠤᠯᠵᠤ᠂ 《ᠲᠦᠮᠡᠨ ᠤᠯᠠᠨ ᠵᠶ᠋ᠠᠷ ᠵᠶ᠋ᠠᠨ ᠰᠡᠳᠬᠢᠯ ᠨᠢᠭᠡᠳᠴᠦ᠂ ᠤᠭ ᠰᠠᠨᠠᠭ᠎ᠠ᠎ᠪᠠᠨ ᠦᠯᠦ ᠮᠠᠷᠲᠠᠨ ᠨᠠᠮ ᠵᠶ᠋ᠠᠨ ᠲᠠᠭ᠋ᠠᠬᠤ》 ᠬᠤᠪᠢᠰᠬᠠᠯ᠎ᠤᠨ ᠵᠣᠷᠢᠭ ᠰᠠᠨᠠᠭ᠎ᠠ ᠪᠣᠯᠣᠨ ᠦᠷᠡᠭᠳᠡᠭᠰᠡᠨ ᠪᠠᠭ᠋ᠠᠲᠤᠷᠴᠤᠳ᠎ᠤᠨ ᠠᠮᠢ ᠪᠡᠶ᠎ᠡ᠎ᠪᠠᠨ ᠦᠷᠡᠭᠳᠡᠭᠦᠯᠬᠦ᠎ᠠᠴᠠ ᠠᠶᠤᠬᠤ ᠦᠭᠡᠢ᠂ ᠰᠢᠷᠭ᠋ᠠᠭᠤ ᠬᠠᠲᠠᠭᠤᠵᠢᠯᠲᠠᠢ ᠲᠡᠮᠡᠴᠡᠬᠦ ᠠᠭᠤᠤ ᠶᠡᠬᠡ ᠰᠡᠳᠬᠢᠯᠭᠡ ᠵᠢ ᠭᠦᠨᠵᠡᠭᠡᠢ ᠣᠢ᠌ᠯᠠᠭ᠋ᠠᠪᠠ᠃ ᠨᠠᠮ᠎ᠤᠨ ᠲᠤᠭ᠎ᠤᠨ ᠡᠮᠦᠨ᠎ᠡ ᠪᠦᠬᠦ ᠨᠠᠮ᠎ᠤᠨ ᠭᠡᠰᠢᠭᠦᠳ ᠪᠠᠷᠠᠭᠤᠨ ᠨᠢᠳᠤᠷᠭ᠎ᠠ᠎ᠪᠠᠨ ᠵᠠᠩᠭᠢᠳᠤᠨ᠄ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ᠎ᠢ ᠲᠠᠬᠢᠨ ᠡᠷᠭᠢᠴᠡᠭᠦᠯᠬᠦ ᠵᠢᠨ ᠬᠠᠮᠲᠤ ᠤᠳᠠᠯ ᠦᠭᠡᠢ ᠵᠢᠩᠬᠢᠨᠢᠴᠢᠯᠡᠬᠦ ᠭᠡᠵᠦ ᠪᠠᠢ᠌ᠭ᠎ᠠ ᠪᠡᠯᠡᠳᠬᠡᠯ ᠨᠠᠮ᠎ᠤᠨ ᠭᠡᠰᠢᠭᠦᠨ᠎ᠢ ᠵᠣᠬᠢᠶᠠᠨ ᠪᠠᠢ᠌ᠭᠤᠯᠵᠤ᠂ 12 ᠰᠠᠷ᠎ᠠ᠎ᠳᠤ ᠨᠠᠮ᠎ᠳᠤ ᠣᠷᠣᠭᠰᠠᠨ ᠨᠠᠮ᠎ᠤᠨ ᠭᠡᠰᠢᠭᠦᠨ᠎ᠲᠠᠢ ᠬᠠᠮᠲᠤ᠎ᠪᠠᠷ《ᠤᠯᠤᠰ ᠲᠥᠷᠥ ᠵᠢᠨ ᠲᠦᠷᠦᠭᠰᠡᠨ ᠡᠳᠦᠷ》᠎ᠢ ᠥᠩᠭᠡᠷᠡᠭᠦᠯᠦᠨ᠂ ᠪᠦᠬᠦ ᠨᠠᠮ᠎ᠤᠨ ᠭᠡᠰᠢᠭᠦᠨ᠎ᠢ ᠬᠥᠮᠥᠵᠢᠭᠦᠯᠦᠨ ᠨᠠᠮ᠎ᠳᠤ ᠣᠷᠣᠭᠰᠠᠨ ᠤᠭ ᠰᠠᠨᠠᠭ᠎ᠠ᠎ᠪᠠᠨ ᠦᠯᠦ ᠮᠠᠷᠲᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ ᠵᠢᠨ ᠲᠠᠯ᠎ᠠ᠎ᠪᠠᠷ ᠨᠠᠮ᠎ᠤᠨ ᠲᠥᠪ ᠬᠣᠷᠢᠶ᠎ᠠ᠎ᠲᠠᠢ ᠴᠠᠭ ᠢᠮᠠᠭᠲᠠ ᠳᠡᠭᠡᠳᠦ ᠬᠡᠮᠵᠢᠶ᠎ᠡ᠎ᠪᠠᠷ ᠨᠢᠭᠡᠳᠦᠯᠲᠡᠢ ᠪᠠᠢ᠌ᠯᠭ᠋ᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠭᠡᠰᠢᠭᠦᠨ᠎ᠢ ᠬᠠᠯᠠᠮᠵᠢᠯᠠᠵᠤ ᠪᠠᠶ᠋ᠢᠬᠤ ᠵᠢ ᠭᠦᠢ᠍ᠴᠡᠳ ᠢᠯᠡᠷᠡᠭᠦᠯᠵᠦ᠂ ᠲᠥᠪᠯᠡᠩᠭᠦᠢ ᠬᠦᠴᠦᠨ ᠪᠠ ᠨᠢᠭᠲᠠᠷᠠᠯ᠎ᠤᠨ ᠬᠦᠴᠦᠨ᠎ᠢ ᠤᠯᠠᠮ ᠨᠢᠭᠡ ᠠᠯᠬᠤᠮ ᠴᠢᠩᠭ᠋ᠠᠳᠬᠠᠵᠠᠢ᠃
ᠲᠣᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠲᠤ ᠬᠢᠬᠦ ᠤᠯᠤᠰ ᠵᠶ᠋ᠡᠨ ᠬᠠᠢ᠌ᠷᠠᠯᠠᠬᠤ ᠦᠵᠡᠯ᠎ᠤᠨ ᠬᠥᠮᠦᠵᠢᠯ ᠪᠠ ᠬᠤᠪᠢᠰᠬᠠᠯᠲᠤ ᠤᠯᠠᠮᠵᠢᠯᠠᠯ᠎ᠤᠨ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠪᠡ᠃ ᠤᠯᠠᠨ ᠵᠶ᠋ᠠᠷ ᠵᠶ᠋ᠠᠨ᠂ ᠡᠷᠬᠡᠪᠰᠢ ᠲᠡᠮᠡᠴᠡᠯ᠎ᠤᠨ ᠵᠣᠷᠢᠭ ᠪᠠᠳᠠᠷᠠᠩᠭᠤᠢ ᠣᠪᠣᠷ ᠪᠠᠶ᠋ᠢᠳᠠᠯ ᠵᠶ᠋ᠠᠷ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠦᠵᠡᠰᠬᠦᠯᠡᠩᠲᠦ ᠰᠠᠢ᠌ᠬᠠᠨ ᠤᠮᠠᠷᠠᠲᠤ ᠬᠢᠯᠢ ᠵᠢ ᠪᠦᠲᠦᠭᠡᠨ ᠪᠠᠢ᠌ᠭᠤᠯᠬᠤ᠎ᠳᠤ ᠨᠡᠩ ᠶᠡᠬᠡ ᠬᠦᠴᠦᠨ ᠴᠢᠳᠠᠯ ᠵᠶ᠋ᠠᠨ ᠡᠷᠭᠦᠵᠦ᠂ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠪᠢᠴᠢᠭᠯᠡᠨ᠎ᠡ ᠭᠡᠵᠦ ᠢᠯᠡᠳᠬᠡᠵᠡᠭᠡᠪᠡ᠃