ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠪᠠᠢ᠌ᠭᠤᠯᠤᠯᠲᠠ ᠵᠢᠨ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠥᠯᠥᠭᠡ᠂ ᠣᠢ᠌ᠷ᠎ᠠ ᠵᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠲᠦᠷ ᠴᠠᠭ᠎ᠤᠨ ᠨᠠᠮ᠎ᠤᠨ ᠡᠭᠦᠷ᠎ᠤᠨ ᠵᠣᠬᠢᠶᠠᠨ ᠪᠠᠢ᠌ᠭᠤᠯᠤᠯᠲᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠵᠡᠭᠦᠨ ᠣᠷᠣᠨ᠎ᠤ ᠰᠢᠭᠤᠳ ᠬᠠᠷᠢᠶ᠎ᠠ ᠠᠩᠭᠢ ᠵᠢᠨ ᠠᠵᠢᠯᠲᠠᠳ ᠦᠬᠠᠢ ᠬᠤᠳᠠ᠎ᠳᠤ ᠥᠷᠨᠢᠭᠦᠯᠦᠭᠰᠡᠨ 《ᠤᠬᠠᠮᠰᠠᠷ᠎ᠠᠴᠠ᠎ᠪᠠᠨ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠳᠠᠪᠲᠠᠨ ᠪᠣᠯᠪᠠᠰᠤᠷᠠᠭᠤᠯᠵᠤ ᠱᠠᠯᠠᠪᠳᠠᠭᠤᠯᠤᠨ ᠪᠠᠢ᠌ᠴᠠᠭ᠋ᠠᠬᠤ ᠲᠡᠮᠦᠷ ᠴᠡᠷᠢᠭ᠎ᠤᠨ ᠴᠤᠭ ᠵᠢᠪᠬᠤᠭ᠎ᠠ᠎ᠪᠠᠨ ᠡᠭᠦᠷᠢᠳᠡ ᠪᠠᠲᠤᠯᠠᠬᠤ》 ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠳᠤ ᠣᠷᠣᠯᠴᠠᠪᠠ᠃
ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠤᠷᠢᠳ ᠬᠣᠵᠢᠳ ᠦᠬᠠᠢ ᠬᠤᠳᠠ ᠵᠢᠨ ᠨᠠᠮ᠎ᠤᠨ ᠭᠡᠰᠢᠭᠦᠨ᠎ᠤ ᠤᠯᠤᠰ ᠲᠥᠷᠥ ᠵᠢᠨ ᠠᠮᠢᠳᠤᠷᠠᠯ᠎ᠤᠨ ᠣᠷᠳᠣᠨ ᠪᠣᠯᠣᠨ ᠦᠬᠠᠢ ᠬᠤᠳᠠ ᠵᠢᠨ ᠨᠠᠮᠴᠢ ᠴᠢᠨᠠᠷ᠎ᠤᠨ ᠬᠥᠮᠦᠵᠢᠯ ᠦᠢ᠍ᠯᠡᠳᠦᠯᠭᠡ ᠵᠢᠨ ᠲᠥᠪ᠎ᠢ ᠲᠣᠭᠣᠷᠢᠨ ᠦᠵᠡᠪᠡ᠃ ᠦᠬᠠᠢ ᠬᠤᠳᠠ ᠵᠢᠨ ᠨᠠᠮ᠎ᠤᠨ ᠭᠡᠰᠢᠭᠦᠨ᠎ᠤ ᠤᠯᠤᠰ ᠲᠥᠷᠥ ᠵᠢᠨ ᠠᠮᠢᠳᠤᠷᠠᠯ᠎ᠤᠨ ᠣᠷᠳᠣᠨ᠎ᠳᠤ᠂ ᠪᠦᠬᠦ ᠨᠠᠮ᠎ᠤᠨ ᠭᠡᠰᠢᠭᠦᠨ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠲᠠᠬᠢᠨ ᠰᠠᠨᠠᠭ᠋ᠠᠯᠵᠠᠵᠤ᠂ ᠦᠬᠠᠢ ᠬᠤᠳᠠ ᠵᠢᠨ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠤᠨ ᠦᠵᠡᠭᠦᠯᠭᠡ ᠵᠢ ᠲᠣᠭᠣᠷᠢᠨ ᠦᠵᠡᠵᠦ᠂ ᠨᠠᠮ᠎ᠤᠨ ᠳᠣᠲᠣᠭ᠋ᠠᠳᠤ ᠵᠢᠨ ᠤᠯᠤᠰ ᠲᠥᠷᠥ ᠵᠢᠨ ᠠᠮᠢᠳᠤᠷᠠᠯ᠎ᠤᠨ ᠲᠡᠦᠬᠡ ᠵᠢᠨ ᠤᠯᠠᠷᠢᠯ ᠬᠤᠪᠢᠰᠤᠯ᠎ᠤᠨ ᠪᠠᠶ᠋ᠢᠳᠠᠯ᠎ᠢ ᠭᠦᠨᠵᠡᠭᠡᠢ ᠣᠢ᠌ᠯᠠᠭ᠋ᠠᠪᠠ᠃ ᠦᠬᠠᠢ ᠬᠤᠳᠠ ᠵᠢᠨ ᠨᠠᠮᠴᠢ ᠴᠢᠨᠠᠷ ᠬᠥᠮᠦᠵᠢᠯ ᠦᠢ᠍ᠯᠡᠳᠦᠯᠭᠡ ᠵᠢᠨ ᠲᠥᠪ᠎ᠲᠤ᠂ ᠤᠯᠠᠨ ᠵᠶ᠋ᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢᠨ᠎ᠡ ᠴᠠᠭ ᠦᠶ᠎ᠡ ᠵᠢᠨ ᠨᠠᠮ᠎ᠤᠨ ᠵᠣᠬᠢᠶᠠᠨ ᠪᠠᠢ᠌ᠭᠤᠯᠤᠯᠲᠠ ᠵᠢᠨ ᠱᠤᠭᠤᠮ᠎ᠢ ᠦᠢ᠍ᠯᠡᠳᠦᠯᠭᠡᠵᠢᠭᠦᠯᠦᠭᠰᠡᠨ᠂ ᠤᠯᠠᠭ᠋ᠠᠨᠬᠦᠦ ᠵᠡᠷᠭᠡ ᠥᠪᠡᠷᠲᠡᠭᠡᠨ ᠵᠠᠰᠠᠬᠤ ᠣᠷᠣᠨ᠎ᠤ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠭᠡᠷᠡᠯ ᠰᠠᠴᠤᠷᠠᠩᠭᠤᠢ ᠥᠩᠭᠡᠷᠡᠯᠲᠡ ᠵᠡᠷᠭᠡ ᠠᠭᠤᠯᠭ᠎ᠠ ᠵᠢ ᠤᠯᠠᠮ ᠴᠢᠨᠠᠭᠰᠢᠳᠠ ᠰᠤᠷᠤᠯᠴᠠᠵᠤ᠂ 《ᠥᠴᠥᠬᠡᠨ ᠴᠦ᠍ ᠢᠯᠳᠠᠷ ᠬᠠᠶᠠᠬᠤ ᠦᠭᠡᠢ》 ᠭᠡᠬᠦ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠰᠣᠨᠢᠷᠬᠠᠪᠠ᠃
ᠲᠣᠰ ᠤᠳᠠᠭ᠋ᠠᠨ᠎ᠤ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ᠎ᠨᠢ ᠪᠥᠬᠥ ᠨᠠᠮ᠎ᠤᠨ ᠭᠡᠰᠢᠭᠦᠨ ᠺᠠᠳ᠋ᠷᠴᠤᠳ᠎ᠲᠤ ᠣᠳᠣᠬᠠᠨ᠎ᠤ ᠰᠢᠨ᠎ᠡ ᠴᠠᠭ ᠦᠶ᠎ᠡ ᠵᠢᠨ ᠬᠢᠯᠪᠠᠷ ᠪᠤᠰᠤ᠎ᠪᠠᠷ ᠢᠷᠡᠭᠰᠡᠨ ᠭᠡᠳᠡᠭ᠎ᠢ ᠤᠯᠠᠮ ᠨᠢᠭᠡ ᠠᠯᠬᠤᠮ ᠭᠦᠨᠵᠡᠭᠡᠢ ᠣᠢ᠌ᠯᠠᠭ᠋ᠠᠭᠤᠯᠵᠤ᠂ 《ᠬᠣᠶᠠᠷ᠎ᠢ ᠲᠣᠭᠲᠠᠭ᠋ᠠᠭᠰᠠᠨ》 ᠰᠢᠢ᠍ᠳᠪᠦᠷᠢᠯᠡᠭᠴᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠭᠤᠯᠪᠠ᠃ ᠤᠯᠠᠨ ᠵᠶ᠋ᠠᠷ ᠵᠶ᠋ᠠᠨ᠂ ᠬᠣᠶ᠋ᠢᠰᠢᠳᠠ 《ᠳᠥᠷᠪᠡᠨ ᠤᠬᠠᠮᠰᠠᠷ》 ᠵᠢᠨᠨ ᠴᠢᠨᠠᠭᠰᠢᠳᠠ ᠴᠢᠩᠭ᠋ᠠᠳᠬᠠᠵᠤ᠂ 《ᠳᠥᠷᠪᠡᠨ ᠢᠲᠡᠭᠡᠯ》 ᠵᠢᠨᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠠᠵᠢᠯ᠎ᠤᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠮᠡᠬᠡᠢ᠌ᠯᠡᠨ ᠤᠷᠤᠭᠰᠢᠯᠠᠵᠤ᠂ ᠠᠷᠠᠳ ᠲᠦᠮᠡᠨ᠎ᠤ ᠬᠠᠮᠤᠭ᠎ᠠᠴᠠ ᠠᠩᠬᠠᠷᠴᠤ ᠪᠠᠢ᠌ᠭ᠎ᠠ᠂ ᠬᠠᠮᠤᠭ᠎ᠤᠨ ᠰᠢᠭᠤᠳ᠂ ᠬᠠᠮᠤᠭ᠎ᠤᠨ ᠪᠣᠳᠠᠲᠠᠢ ᠣᠷᠴᠢᠨ ᠲᠣᠭᠣᠷᠢᠨ᠎ᠤ ᠡᠷᠬᠡ ᠠᠰᠢᠭ᠎ᠤᠨ ᠠᠰᠠᠭᠤᠳᠠᠯ᠎ᠢ ᠴᠢᠷᠮᠠᠢ᠌ᠨ ᠰᠢᠢ᠍ᠳᠪᠦᠷᠢᠯᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ ᠪᠣᠳᠠᠲᠠᠢ ᠬᠢᠵᠦ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠦᠯᠦ ᠭᠤᠲᠤᠭ᠋ᠠᠵᠤ᠂ ᠥᠪᠡᠷ ᠥᠪᠡᠷ᠎ᠤᠨ ᠠᠵᠢᠯ᠎ᠤᠨ ᠪᠠᠶ᠋ᠢᠷᠢ ᠳᠡᠭᠡᠷ᠎ᠡ᠎ᠪᠠᠨ ᠨᠠᠮ᠎ᠤᠨ ᠲᠤᠭ᠎ᠲᠤ ᠭᠡᠷᠡᠯ ᠭᠢᠯᠪᠠᠭ᠎ᠠ ᠨᠡᠮᠡᠷᠢᠯᠡᠨ᠎ᠡ ᠭᠡᠵᠦ ᠢᠯᠡᠳᠬᠡᠪᠡ᠃